ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠶ ᠳᠥᠷᠪᠡᠨ ᠤᠯᠠᠷᠢᠯ᠎ᠤᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠭᠤᠤᠯ ᠰᠡᠳᠦᠪᠲᠦ ᠠᠵᠢᠯᠯᠠᠭ᠎ᠠ 《ᠥᠨᠳᠡᠭᠡᠨ᠎ᠦ ᠨᠢᠭᠤᠴᠠ》 ᠎ᠶᠢ ᠥᠷᠨᠢᠭᠦᠯᠪᠡ
2026-01-20

  1 ᠳ᠋ᠦ᠍ᠭᠡᠷ ᠰᠠᠷ᠎ᠠ᠎ᠶᠢᠨ 20᠎ᠤ᠋ ᠡᠳᠦᠷ᠂ ᠶᠠᠭ ᠰᠠᠢᠬᠠᠨ ᠳᠤᠮᠳᠠᠳᠤ ᠤᠯᠤᠰ᠎ᠤᠨ ᠤᠯᠠᠮᠵᠢᠯᠠᠯᠲᠤ ᠴᠠᠭ ᠤᠯᠠᠷᠢᠯ ᠪᠣᠯᠬᠤ ᠶᠡᠬᠡ ᠬᠦᠢ᠍ᠲᠡᠨ᠎ᠳᠦ ᠲᠣᠬᠢᠶᠠᠯᠳᠤᠵᠤ᠂ ᠥᠪᠥᠷ ᠮᠣᠩᠭᠣᠯ᠎ᠤ᠋ᠨ ᠪᠠᠢᠭᠠᠯᠢ᠎ᠶᠢᠨ ᠮᠦᠽᠧᠢ ᠳᠥᠷᠪᠡᠨ ᠤᠯᠠᠷᠢᠯ᠎ᠤ᠋ᠨ ᠰᠢᠨᠵᠢᠯᠡᠬᠦ ᠤᠬᠠᠭᠠᠨ᠎ᠢ᠋ ᠲᠦᠭᠡᠮᠡᠯᠵᠢᠭᠦᠯᠬᠦ᠌ ᠭᠣᠣᠯ ᠰᠡᠳᠦᠪᠲᠦ ᠠᠵᠢᠯᠯᠠᠭ᠎ᠠ᠎ᠶᠢᠨ《ᠥᠨᠳᠡᠭᠡᠨ᠎ᠦ ᠨᠢᠭᠤᠴᠠ》ᠨᠢ ᠮᠠᠰᠢ ᠣᠯᠠᠨ ᠡᠴᠢᠭᠡ ᠡᠬᠡ ᠦᠷ᠎ᠡ ᠬᠡᠦᠬᠡᠳ᠎ᠦ᠋ᠨ ᠭᠡᠷ ᠪᠦᠯᠢ ᠪᠣᠯᠤᠨ ᠪᠠᠢᠭᠠᠯᠢ᠎ᠶᠢᠨ ᠳᠤᠷ᠎ᠠ ᠪᠠᠬᠠᠴᠦᠳ᠎ᠤᠨ ᠠᠩᠬᠠᠷᠤᠯ᠎ᠢ᠋ ᠲᠠᠲᠠᠵᠤ᠂ ᠰᠣᠨᠢᠷᠬᠠᠯ᠎ᠤᠨ ᠲᠣᠭᠯᠠᠭᠠᠮ᠎ᠳᠤ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠨᠢᠭᠤᠴᠠ᠎ᠶᠢ ᠬᠠᠢᠬᠤ᠎ᠳᠤ ᠣᠷᠣᠯᠴᠠᠨ᠎ᠠ᠃ 

  ᠠᠵᠢᠯᠯᠠᠭ᠎ᠠ᠎ᠶ᠋ᠢᠨ ᠠᠬᠤᠢ ᠲᠠᠯᠠᠪᠠᠢ᠎ᠳᠤ᠂ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠪᠠᠭ᠍ᠰᠢ《ᠥᠨᠳᠡᠭᠡ》 ᠎ᠶ᠋ᠢᠨ ᠭᠤᠤᠯ ᠰᠡᠳᠦᠪ᠎ᠢᠶᠠᠷ ᠳᠠᠮᠵᠢᠭᠤᠯᠤᠨ᠂ ᠤᠯᠠᠮᠵᠢᠯᠠᠯᠲᠤ ᠪᠣᠳᠠᠰ᠎ᠤᠨ ᠠᠭᠤᠷ ᠠᠮᠢᠰᠭᠤᠯ᠎ᠤᠨ ᠮᠡᠳᠡᠯᠭᠡ᠎ᠶ᠋ᠢ ᠣᠲᠣ ᠦᠶ᠎ᠡ᠎ᠶ᠋ᠢᠨ ᠱᠢᠨᠵᠢᠯᠡᠬᠦ᠌ ᠤᠬᠠᠭᠠᠨ᠎ᠤ ᠰᠦᠪᠡᠭ᠌ᠴᠢᠯᠡᠯ᠎ᠯᠦᠭᠡ ᠤᠷᠠᠨ᠎ᠢᠶᠠᠷ ᠠᠭᠤᠰᠤᠯᠴᠠᠭᠤᠯᠪᠠ᠃ 《ᠥᠨᠳᠡᠭᠡᠨ ᠬᠠᠯᠢᠰᠤ ᠪᠣᠯᠤᠨ ᠨᠢᠮᠭᠡᠨ ᠬᠠᠯᠢᠰᠤᠨ ᠪᠦᠲᠦᠴᠡ》 ᠎ᠶ᠋ᠢᠨ ᠰᠣᠨᠢᠷᠬᠠᠯᠲᠤ ᠲᠤᠷᠱᠢᠯᠲᠠ᠎ᠳᠤ᠂ ᠣᠷᠣᠯᠴᠠᠭ᠍ᠴᠢ ᠠᠵᠢᠭ᠍ᠯᠠᠬᠤ ᠪᠠ ᠲᠤᠷᠱᠢᠬᠤ᠎ᠪᠠᠷ ᠳᠠᠮᠵᠢᠭᠤᠯᠤᠨ᠂ ᠥᠨᠳᠡᠭᠡᠨ ᠬᠠᠯᠢᠰᠤᠨ᠎ᠳᠤ ᠠᠭᠤᠯᠤᠭ᠍ᠳᠠᠵᠤ ᠪᠠᠢᠭ᠎ᠠ ᠬᠦᠴᠦᠨ ᠴᠢᠳᠠᠯ᠎ᠤᠨ ᠤᠬᠠᠭᠠᠨ᠎ᠤ ᠨᠢᠭᠤᠴᠠ᠎ᠶ᠋ᠢ ᠭᠠᠢᠬᠠᠪᠠ; 《ᠨᠡᠭᠦᠳᠡᠯ᠎ᠤᠨ ᠱᠢᠪᠠᠭᠤ》 ᠎ᠪᠠᠷ ᠲᠥᠯᠥᠭᠡᠯᠡᠭᠦᠯᠦᠭ᠌ᠰᠡᠨ ᠲᠠᠯᠠᠪᠤᠷ ᠣᠷᠳᠣᠨ᠎ᠤ ᠡᠭᠦᠷᠭᠡ᠎ᠶ᠋ᠢᠨ ᠬᠠᠢᠨ ᠰᠦᠪᠡᠭ᠌ᠴᠢᠯᠡᠯᠲᠡ᠎ᠳᠤ᠂ ᠣᠷᠣᠯᠴᠠᠭ᠍ᠴᠢ ᠡᠭᠦᠷᠭᠡ᠎ᠶ᠋ᠢᠨ ᠭᠠᠵᠠᠷ᠎ᠤᠨ ᠵᠢᠷᠤᠭ  ᠪᠠᠷᠢᠵᠤ᠂ ᠪᠠᠢᠭᠠᠯᠢ᠎ᠶ᠋ᠢᠨ ᠬᠠᠢᠨ ᠱᠢᠨᠵᠢᠯᠡᠯᠲᠡ ᠬᠢᠵᠦ᠍᠂ ᠪᠠᠢᠭᠠᠯᠢ᠎ᠶ᠋ᠢᠨ ᠮᠦᠽᠧᠶ᠎ᠶ᠋ᠢᠨ ᠡᠯᠪᠡᠭ ᠪᠠᠶᠠᠯᠢᠭ ᠳᠡᠯᠭᠡᠨ ᠦᠵᠡᠭᠦᠯᠭᠡ᠎ᠶ᠋ᠢᠨ ᠳᠤᠮᠳᠠ ᠱᠢᠪᠠᠭᠤᠨ᠎ᠤ ᠲᠥᠷᠥᠯ᠎ᠤᠨ ᠵᠣᠬᠢᠴᠠᠬᠤ ᠴᠢᠨᠠᠷ ᠪᠠ ᠪᠣᠳᠠᠰ᠎ᠤᠨ ᠴᠠᠭ᠎ᠤᠨ ᠦᠵᠡᠭ᠌ᠳᠡᠯ᠎ᠤᠨ ᠲᠤᠬᠠᠶ ᠣᠢᠯᠠᠭᠠᠯᠲᠠ᠎ᠪᠠᠨ ᠭᠦᠨᠵᠡᠭᠡᠢ᠌ᠷᠡᠭᠦᠯᠦᠨ᠎ᠡ᠃

  ᠲᠤᠰ ᠤᠳᠠᠭᠠᠨ᠎ᠤ 《ᠦᠨᠳᠡᠭᠡᠨ᠎ᠦ ᠨᠢᠭᠤᠴᠠ》 ᠭᠡᠬᠦ᠌ ᠭᠤᠤᠯ ᠰᠡᠳᠦᠪᠲᠦ ᠠᠵᠢᠯᠯᠠᠭ᠎ᠠ ᠪᠣᠯ ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠶ᠎ᠶ᠋ᠢᠨ 《ᠳᠥᠷᠪᠡᠨ ᠤᠯᠠᠷᠢᠯ᠎ᠤᠨ ᠠᠮᠢᠳᠤᠷᠠᠯ᠎ᠤᠨ ᠬᠡᠮ》 ᠎ᠤᠨ ᠱᠢᠷᠢᠰ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠯᠠᠭ᠎ᠠ᠎ᠶ᠋ᠢᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠲᠤᠰ ᠱᠢᠷᠢᠰ ᠥᠪᠥᠷ ᠮᠣᠩᠭᠤᠯ᠎ᠤᠨ ᠭᠠᠵᠠᠷ ᠣᠷᠣᠨ᠎ᠤ ᠡᠯᠪᠡᠭ ᠪᠠᠶᠠᠯᠢᠭ ᠪᠠᠢᠭᠠᠯᠢ᠎ᠶ᠋ᠢᠨ ᠡᠬᠢ ᠪᠠᠶᠠᠯᠢᠭ ᠪᠠ ᠢᠯᠡ ᠲᠣᠳᠣ ᠤᠯᠠᠷᠢᠯ᠎ᠤᠨ ᠣᠨᠴᠠᠯᠢᠭ᠎ᠲᠤ ᠰᠠᠭᠤᠷᠢᠯᠠᠵᠤ᠂ 24 ᠴᠠᠭ ᠤᠯᠠᠷᠢᠯ᠎ᠤᠨ ᠪᠣᠳᠠᠰ᠎ᠤᠨ ᠠᠭᠤᠷ ᠠᠮᠢᠰᠭᠤᠯ᠎ᠤᠨ ᠮᠡᠳᠡᠯᠭᠡ᠎ᠶ᠋ᠢ ᠭᠦᠨᠵᠡᠭᠡᠢ ᠠᠭᠤᠰᠤᠯᠴᠠᠭᠤᠯᠵᠤ᠂ ᠱᠢᠨᠵᠢᠯᠡᠬᠦ᠌ ᠤᠬᠠᠭᠠᠨ᠎ᠤ ᠰᠦᠪᠡᠭ᠌ᠴᠢᠯᠡᠯᠳᠡ᠂ ᠪᠠᠢᠭᠠᠯᠢ᠎ᠶ᠋ᠢᠨ ᠠᠵᠢᠭ᠍ᠯᠠᠯᠲᠠ ᠬᠢᠭᠡᠳ ᠰᠣᠶᠣᠯ᠎ᠤᠨ ᠤᠯᠠᠮᠵᠢᠯᠠᠯ᠎ᠲᠠᠢ ᠠᠭᠤᠰᠤᠯᠴᠠᠭ᠍ᠰᠠᠨ ᠪᠡᠶᠡᠴᠢᠯᠡᠨ ᠣᠢᠯᠠᠭᠠᠬᠤ ᠬᠡᠯᠪᠡᠷᠢ᠎ᠶ᠋ᠢᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠪᠡ᠃ ᠳᠠᠷᠠᠭᠠᠴᠢ᠎ᠶ᠋ᠢᠨ ᠠᠯᠬᠤᠮ᠎ᠳᠤ᠂ ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠢ᠎ᠨᠢ ᠦᠷᠭᠦᠯᠵᠢᠯᠡᠨ ᠠᠭᠤᠷ ᠠᠮᠢᠰᠭᠤᠯ᠎ᠤᠨ ᠠᠭᠤᠷ ᠠᠮᠢᠰᠭᠤᠯ᠎ᠢᠶᠠᠷ ᠰᠤᠳᠠᠰᠦ ᠪᠣᠯᠭᠠᠵᠤ᠂ ᠨᠡᠩ ᠤᠯᠠᠨ ᠱᠢᠷᠢᠰ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠍᠂ ᠤᠯᠠᠨ ᠨᠡᠢᠲᠡ᠎ᠶ᠋ᠢ ᠬᠥᠲᠥᠯᠥᠨ ᠵᠢᠯᠣᠭᠤᠳᠴᠤ᠌ ᠪᠠᠢᠭᠠᠳ ᠵᠢᠪᠦᠮᠡᠯ ᠬᠡᠯᠪᠡᠷᠢ᠎ᠪᠠᠷ ᠪᠠᠢᠭᠠᠯᠢ᠎ᠶ᠋ᠢᠨ ᠵᠢᠮ᠎ᠡ ᠶᠣᠰᠣᠨ᠎ᠤ ᠰᠠᠢᠬᠠᠨ᠎ᠢ ᠣᠢᠯᠠᠭᠠᠭᠤᠯᠵᠤ᠂ ᠠᠮᠢ ᠠᠬᠤᠶ᠎ᠶ᠋ᠢᠨ ᠱᠢᠰᠲ᠋ᠧᠮ᠎ᠤᠨ ᠠᠷᠭ᠎ᠠ ᠵᠠᠮ᠎ᠢ ᠣᠢᠯᠠᠭᠠᠭᠤᠯᠵᠤ᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠱᠢᠬᠤ ᠰᠠᠢᠨ ᠰᠠᠢᠬᠠᠨ ᠢᠷᠡᠭᠡᠳᠦᠢ᠎ᠶ᠋ᠢ ᠬᠠᠮᠲᠤ᠎ᠪᠠᠷ ᠪᠠᠢᠭᠤᠯᠤᠨ᠎ᠠ᠃

ᠢᠷᠡᠯᠲᠡ᠄ ᠥᠪᠥᠷ ᠮᠣᠩᠭᠤᠯ᠎ᠤᠨ ᠪᠠᠢᠭᠠᠯᠢ᠎ᠶ᠋ᠢᠨ ᠮᠦᠽᠧᠶ