1 ᠳ᠋ᠦ᠍ᠭᠡᠷ ᠰᠠᠷ᠎ᠠ᠎ᠶ᠋ᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠨᠠᠮ᠎ᠤᠨ ᠤᠳᠤᠷᠢᠳᠭᠤ ᠳᠤᠭᠤᠢᠯᠠᠩ᠎ᠤᠨ ᠤᠨᠤᠯ ᠰᠤᠷᠤᠯᠴᠠᠬᠤ ᠭᠤᠣᠯ ᠳᠤᠭᠤᠢᠯᠠᠩ᠎ᠤᠨ 2026 ᠣᠨ᠎ᠤ ᠠᠩᠬᠠᠳᠤᠭᠠᠷ ᠤᠳᠠᠭ᠎ᠠ᠎ᠶ᠋ᠢᠨ ᠰᠤᠷᠤᠯᠴᠠᠯᠭ᠎ᠠ᠎ᠶ᠋ᠢᠨ(ᠥᠷᠭᠡᠳᠭᠡᠭ᠌ᠰᠡᠨ) ᠬᠤᠷᠠᠯ ᠵᠢᠴᠢ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠢᠲᠤᠷ ᠬᠤᠷᠠᠯᠳᠤᠭᠤᠯᠬᠤ ᠲᠤᠬᠠᠢ ᠨᠠᠮ᠎ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠪᠠᠢᠷᠢᠯᠠᠭᠤᠯᠤᠯᠲᠠ ᠪᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠶ᠋ᠢᠨ ᠤᠯᠤᠰ ᠲᠦᠷᠦ᠍᠎ᠶ᠋ᠢᠨ ᠲᠣᠪᠴᠢᠶ᠎ᠠ᠎ᠶ᠋ᠢᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠠ ᠬᠤᠷᠢᠳᠤᠭᠠᠷ ᠬᠤᠭᠤᠴᠠᠭᠠᠨ᠎ᠤ ᠲᠥᠪ᠎ᠤᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶ᠋ᠢᠨ ᠲᠠᠪᠤᠳᠤᠭᠠᠷ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠴᠢ ᠬᠤᠷᠢᠳᠤᠭᠠᠷ ᠬᠤᠭᠤᠴᠠᠭᠠᠨ᠎ᠤ ᠲᠥᠪ᠎ᠤᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶ᠋ᠢᠨ ᠲᠠᠪᠤᠳᠤᠭᠠᠷ ᠪᠦᠬᠦᠳᠡ ᠬᠤᠷᠠᠯ᠎ᠤᠨ ᠠᠯᠪᠠᠨ ᠮᠡᠳᠡᠭᠡ ᠵᠡᠷᠭᠡ᠎ᠶ᠋ᠢ ᠤᠯᠠᠮᠵᠢᠯᠠᠨ ᠰᠤᠷᠤᠯᠴᠠᠬᠤ᠎ᠶ᠋ᠢᠨ ᠬᠠᠮᠲᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠭᠤᠣᠯ ᠰᠡᠳᠦᠪ᠎ᠤᠨ ᠲᠣᠭᠤᠷᠢᠨ᠎ᠳᠤ ᠲᠤᠰᠭᠠᠢ ᠰᠡᠳᠦᠪ᠎ᠢᠶᠠᠷ ᠰᠤᠳᠤᠯᠤᠨ ᠶᠠᠷᠢᠯᠴᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ᠎ᠶ᠋ᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠢᠲᠤᠷ ᠬᠤᠷᠠᠯᠳᠤᠭᠤᠯᠬᠤ ᠦᠵᠡᠯ ᠰᠠᠨᠠᠭᠠᠨ᠎ᠤ ᠰᠠᠭᠤᠷᠢ᠎ᠶ᠋ᠢ ᠪᠠᠲᠤ ᠲᠠᠯᠪᠢᠪᠠ᠃ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠣᠣ ᠳ᠋ᠠ ᠶᠦᠩ ᠬᠤᠷᠠᠯ᠎ᠢ ᠡᠷᠭᠢᠯᠡᠪᠡ᠃

ᠬᠤᠷᠠᠯ᠎ᠠᠴᠠ᠂ ᠪᠦᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠶᠡᠷᠦᠩᠬᠡᠢ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠪᠠᠲᠤ ᠢᠲᠡᠭᠡᠬᠦ᠂ ᠪᠣᠳᠠᠲᠠᠢ᠎ᠶ᠋ᠢ ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠬᠦ᠂ ᠥᠪᠡᠷ᠎ᠢ᠎ᠪᠠᠨ ᠱᠠᠭᠠᠷᠳᠠᠬᠤ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠢ ᠣᠢᠯᠠᠭᠠᠵᠤ᠂ ᠤᠬᠠᠮᠰᠠᠷ᠎ᠠᠴᠠ᠎ᠪᠠᠨ ᠦᠢᠯᠡᠳᠦᠯᠭᠡᠵᠢᠭᠦᠯᠵᠦ᠍᠂ ᠥᠪᠡᠷ᠎ᠤᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠪᠠᠷ ᠨᠠᠮᠴᠢ ᠴᠢᠨᠠᠷ᠎ᠢᠶᠠᠨ ᠦᠨᠡᠨ ᠬᠦ᠌ ᠳᠠᠪᠲᠠᠨ ᠪᠣᠯᠪᠠᠰᠤᠷᠠᠭᠤᠯᠵᠤ᠂ 《ᠬᠤᠶᠠᠷ᠎ᠢ ᠲᠣᠭᠲᠠᠭ᠋ᠠᠭᠰᠠᠨ》 ᠢ ᠡᠷᠡᠰ ᠬᠦᠷᠢᠶᠡᠯᠡᠵᠦ᠍᠂ 《ᠬᠤᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠤᠷᠢᠨ᠎ᠳᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠰᠠᠯᠠᠭ᠎ᠠ ᠮᠥᠴᠢᠷ᠎ᠤᠨ ᠡᠭᠦᠷᠭᠡᠯᠡᠵᠦ᠍ ᠪᠠᠢᠭ᠎ᠠ ᠭᠤᠤᠯ ᠡᠭᠦᠷᠭᠡ᠎ᠳᠤ ᠴᠢᠭ᠌ᠯᠡᠭᠦᠯᠦᠨ᠂ ᠲᠥᠷᠥ᠎ᠶ᠋ᠢᠨ ᠪᠣᠳᠣᠯᠭ᠎ᠠ ᠲᠦᠷᠢᠮ᠎ᠤᠨ ᠰᠤᠳᠤᠯᠭᠠᠨ᠎ᠢ ᠴᠢᠩᠭᠠᠳᠭᠠᠵᠤ᠂ ᠬᠡᠷᠡᠭᠵᠢᠭᠦᠯᠬᠦ ᠴᠢᠨᠠᠷ᠎ᠢᠶᠠᠷ ᠴᠢᠩᠭ᠎ᠠ ᠰᠡᠳᠬᠢᠴᠡ᠎ᠶᠢᠨ ᠠᠷᠭ᠎ᠠ ᠬᠡᠮᠵᠢᠶ᠎ᠡ᠎ᠶᠢ ᠳᠤᠷᠠᠳᠴᠤ᠂ ᠪᠣᠳᠠᠲᠤ ᠶᠠᠪᠤᠳᠠᠯ᠎ᠢ ᠰᠦᠪᠡᠭ᠌ᠴᠢᠯᠡᠬᠦ᠌ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠠᠵᠢᠯ ᠦᠢᠯᠡᠰ᠎ᠦᠨ ᠲᠠᠯ᠎ᠠ᠎ᠪᠠᠷ ᠡᠭᠦᠷᠭᠡ ᠬᠠᠷᠢᠭᠤᠴᠠᠯᠭ᠎ᠠ᠎ᠪᠠᠨ ᠢᠯᠡᠷᠡᠭᠦᠯᠦᠨ᠎ᠡ᠃
ᠬᠤᠷᠠᠯ᠎ᠠᠴᠠ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠡᠷᠡᠰ ᠪᠠᠲᠤ ᠡᠭᠦᠷᠭᠡᠯᠡᠵᠦ᠍᠂ ᠤᠳᠤᠷᠢᠳᠭᠤ ᠪᠠᠭ᠎ᠤᠨ ᠭᠡᠰᠢᠭᠦᠨ 《ᠨᠢᠭᠡ ᠠᠵᠢᠯ᠎ᠤᠨ ᠪᠠᠢᠷᠢ ᠳᠦ ᠬᠣᠤᠰ ᠬᠠᠷᠢᠭᠤᠴᠠᠯᠭ᠎ᠠ ᠡᠭᠦᠷᠭᠡᠯᠡᠬᠦ》 ᠶ᠋ᠢ ᠭᠦᠢᠴᠡᠳᠭᠡᠵᠦ᠍᠂ ᠠᠷᠠᠳᠴᠢᠯᠠᠯ᠎ᠤᠨ ᠠᠮᠢᠳᠤᠷᠠᠯ ᠪᠣᠯᠤᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠤᠨ ᠬᠤᠷᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠡᠯ᠎ᠡ ᠵᠦᠢᠯ᠎ᠤᠨ ᠠᠵᠢᠯ᠎ᠤᠨ ᠱᠠᠭᠠᠷᠳᠠᠯᠭ᠎ᠠ᠎ᠶ᠋ᠢ ᠲᠡᠷᠡ ᠶᠣᠰᠣᠭᠠᠷ᠎ᠨᠢ ᠰᠠᠢᠲᠤᠷ ᠨᠠᠢᠳᠠᠪᠤᠷᠢᠵᠢᠭᠤᠯᠬᠤ ᠬᠡᠷᠡᠭ᠌ᠲᠡᠢ᠃ ᠠᠰᠠᠭᠤᠳᠠᠯ ᠢ᠋ ᠡᠷᠢᠵᠦ ᠳᠡᠯᠭᠡᠬᠦ᠎ᠳᠦ 《ᠦᠨᠡᠨ ᠳᠦᠷᠢᠮ》᠎ᠢ ᠣᠯᠵᠤ ᠦᠵᠡᠵᠦ 《ᠪᠣᠳᠠᠲᠤ ᠪᠠᠢᠳᠠᠯ》᠎ᠢ ᠴᠢᠬᠤᠯᠠᠴᠢᠯᠠᠵᠤ᠂ ᠬᠠᠷᠢᠯᠴᠠᠨ ᠰᠢᠭᠦᠮᠵᠢᠯᠡᠬᠦ᠎ᠳᠦ 《ᠦᠨᠡᠨ》 ᠪᠠᠢ᠌ᠵᠦ 《ᠦᠨᠡᠨ ᠦᠭᠡ》 ᠶᠠᠷᠢᠵᠤ᠂ ᠴᠡᠭᠴᠡᠯᠡᠨ ᠥᠭᠡᠷᠡᠴᠢᠯᠡᠵᠦ ᠨᠠᠢᠳᠠᠪᠤᠷᠢᠵᠢᠭᠤᠯᠬᠤ᠎ᠳᠤ 《ᠦᠨᠡᠨ ᠡᠷᠳᠡᠮ》 ᠢᠶᠡᠨ ᠭᠠᠷᠭᠠᠵᠤ 《ᠪᠣᠳᠠᠲᠤ ᠪᠦᠲᠦᠮᠵᠢ》᠎ᠶᠢ ᠬᠥᠭᠡᠭᠡᠴᠡᠯᠳᠦᠨ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠠ ᠵᠣᠬᠢᠶᠠᠨ ᠪᠠᠢᠭᠤᠯᠤᠯᠲᠠ ᠶ᠋ᠢᠨ ᠠᠮᠢᠳᠤᠷᠠᠯ᠎ᠤᠨ ᠬᠤᠷᠠᠯ ᠢ᠋ ᠰᠠᠢᠲᠤᠷ ᠬᠤᠷᠠᠯᠳᠤᠭᠤᠯᠬᠤ ᠶ᠋ᠢ ᠥᠨᠳᠥᠷ ᠪᠠᠷᠢᠮᠵᠢᠶ᠎ᠠ᠎ᠪᠠᠷ ᠴᠢᠩᠭ᠎ᠠ ᠱᠠᠭᠠᠷᠳᠠᠬᠤ ᠬᠡᠷᠡᠭᠲᠡᠢ ᠭᠡᠵᠦ ᠱᠠᠭ᠋ᠠᠷᠳᠠᠪᠠ᠃
ᠲᠢᠩᠬᠢᠮ᠎ᠤᠨ ᠤᠳᠤᠷᠢᠳᠤᠯᠭ᠎ᠠ᠂ ᠶᠡᠷᠦᠩᠬᠡᠶ ᠲᠥᠯᠥᠪᠵᠢᠭᠦᠯᠦᠭ᠌ᠴᠢ᠂ ᠶᠡᠷᠦᠩᠬᠡᠶ ᠢᠨᠵᠧᠨᠧᠷ᠂ ᠲᠢᠩᠬᠢᠮ᠎ᠤᠨ ᠪᠠᠢᠭᠤᠯᠭ᠎ᠠ᠎ᠶ᠋ᠢᠨ ᠡᠯ᠎ᠡ ᠭᠠᠵᠠᠷ ᠠᠯᠪᠠᠨ ᠲᠠᠰᠤᠭ ᠲᠣᠪᠴᠢᠶ᠎ᠠ᠎ᠶ᠋ᠢᠨ ᠬᠠᠷᠢᠭᠤᠴᠠᠯᠭᠠᠲᠠᠨ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠂ ᠳᠤᠮᠳᠠᠳᠤ ᠤᠯᠤᠰ᠎ᠤᠨ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠭᠠᠵᠠᠷ ᠱᠢᠨᠵᠢᠯᠡᠭᠡᠨ᠎ᠤ ᠬᠠᠢᠨ ᠪᠠᠢᠴᠠᠭᠠᠯᠲᠠ᠎ᠶ᠋ᠢᠨ ᠲᠥᠪ᠎ᠤᠨ ᠥᠪᠥᠷ ᠮᠣᠩᠭᠤᠯ᠎ᠤᠨ ᠶᠡᠷᠦᠩᠬᠡᠶ ᠠᠩᠭᠢ ᠵᠢᠴᠢ ᠵᠦᠡᠭ ᠬᠤᠸᠠ ᠭᠠᠵᠠᠷ ᠱᠢᠨᠵᠢᠯᠡᠭᠡᠨ᠎ᠤ ᠠᠭᠤᠷᠬᠠᠶ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠥᠪᠥᠷ ᠮᠣᠩᠭᠤᠯ᠎ᠤᠨ ᠭᠠᠵᠠᠷ ᠱᠢᠨᠵᠢᠯᠡᠭᠡᠨ᠎ᠤ ᠬᠠᠢᠨ ᠪᠠᠢᠴᠠᠭᠠᠯᠲᠠ᠎ᠶ᠋ᠢᠨ ᠬᠦᠷᠢᠶᠡᠯᠡᠩ᠎ᠤᠨ ᠨᠠᠮ᠎ᠤᠨ ᠬᠤᠷᠢᠶ᠎ᠠ᠎ᠶ᠋ᠢᠨ ᠱᠦᠵᠢ ᠰᠤᠷᠤᠯᠴᠠᠯᠭ᠎ᠠ᠎ᠳᠤ ᠣᠷᠣᠯᠴᠠᠪᠠ᠃