1 ᠳ᠋ᠦ᠍ᠭᠡᠷ ᠰᠠᠷ᠎ᠠ᠎ᠶᠢᠨ 21 ᠤ ᠡᠳᠦᠷ᠂ ᠳᠥᠷᠪᠡᠳᠦᠭᠡᠷ ᠬᠤᠭᠤᠴᠠᠭᠠᠨ᠎ᠤ ᠥᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠲᠤᠰᠭᠠᠢ ᠮᠡᠷᠭᠡᠵᠢᠯᠲᠡᠨ᠎ᠤ ᠵᠥᠪᠯᠡᠯ᠎ᠤᠨ 2025 ᠣᠨ᠎ᠤ ᠠᠵᠢᠯ᠎ᠤᠨ ᠳ᠋ᠦᠩᠨᠡᠯᠲᠡ ᠵᠢᠴᠢ 2026 ᠣᠨ᠎ᠤ ᠠᠵᠢᠯ᠎ᠤᠨ ᠪᠠᠢ᠌ᠷᠢᠯᠠᠭᠤᠯᠤᠯᠲᠠ᠎ᠶᠢᠨ ᠶᠠᠷᠢᠯᠴᠠᠬᠤ ᠬᠤᠷᠠᠯ ᠥᠪᠦᠷ ᠮᠣᠩᠭᠤᠯ᠎ᠤᠨ ᠪᠠᠢ᠌ᠭᠠᠯᠢ᠎ᠶᠢᠨ ᠮᠦᠽᠧᠢ᠎ᠳᠤ ᠬᠤᠷᠠᠯᠳᠤᠪᠠ᠃ ᠲᠤᠰ ᠤᠳᠠᠭ᠎ᠠ᠎ᠶᠢᠨ ᠬᠤᠷᠠᠯ᠎ᠨᠢ ᠥᠩᠭᠡᠷᠡᠭᠰᠡᠨ ᠨᠢᠭᠡ ᠵᠢᠯ᠎ᠤᠨ ᠠᠵᠢᠯ᠎ᠤᠨ ᠦᠷ᠎ᠡ ᠪᠦᠲᠦᠭᠡᠯ᠎ᠢᠶᠠᠨ ᠪᠦᠬᠦ ᠲᠠᠯ᠎ᠠ᠎ᠪᠠᠷ ᠳ᠋ᠦᠩᠨᠡᠵᠦ᠂ ᠡᠯ᠎ᠡ ᠲᠠᠯ᠎ᠠ᠎ᠶᠢᠨ ᠤᠶᠤᠨ ᠤᠬᠠᠭᠠᠨ᠎ᠢ ᠨᠢᠭᠲᠠᠷᠠᠭᠤᠯᠵᠤ᠂ ᠥᠪᠡᠷᠲᠡᠭᠡᠨ ᠵᠠᠰᠠᠬᠤ ᠣᠷᠤᠨ᠎ᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠢ ᠬᠠᠮᠠᠭᠠᠯᠠᠬᠤ ᠰᠤᠳᠤᠯᠭᠠᠨ᠎ᠤ ᠠᠵᠢᠯ᠎ᠢ ᠬᠠᠮᠲᠤ᠎ᠪᠠᠷ ᠲᠥᠯᠦᠪᠵᠢᠭᠦᠯᠬᠦ᠎ᠶᠢᠨ ᠲᠥᠯᠦᠭᠡᠶᠤᠮ᠃ ᠥᠪᠡᠷᠲᠡᠭᠡᠨ ᠵᠠᠰᠠᠬᠤ ᠣᠷᠤᠨ᠎ᠤ ᠪᠠᠢ᠌ᠭᠠᠯᠢ᠎ᠶᠢᠨ ᠡᠬᠢ ᠪᠠᠶᠠᠯᠢᠭ᠎ᠤᠨ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢ᠌ᠯᠠᠩ᠎ᠤᠨ ᠭᠡᠰᠢᠬᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠶᠢᠩ ᠳ᠋ᠠ ᠬᠤᠷᠠᠯ᠎ᠳᠤ ᠣᠷᠤᠯᠴᠠᠵᠠᠢ᠃

ᠬᠤᠷᠠᠯ᠎ᠠᠴᠠ ᠲᠤᠰᠭᠠᠢ ᠮᠡᠷᠭᠡᠵᠢᠯᠲᠡᠨ᠎ᠤ ᠵᠥᠪᠯᠡᠯ᠎ᠤᠨ ᠠᠯᠪᠠᠨ ᠭᠡᠷ᠎ᠤᠨ ᠬᠢᠭᠰᠡᠨ 2025 ᠣᠨ᠎ᠤ ᠠᠵᠢᠯ᠎ᠤᠨ ᠮᠡᠳᠡᠭᠦᠯᠦᠯᠲᠡ᠎ᠶᠢ ᠰᠣᠨᠤᠰᠴᠤ᠂ ᠨᠢᠭᠡ ᠵᠢᠯ᠎ᠤᠨ ᠲᠤᠷᠱᠢ ᠬᠡᠷᠡᠭ᠎ᠲᠤ ᠬᠤᠯᠪᠤᠭᠳᠠᠭᠰᠠᠨ ᠴᠢᠯᠠᠭᠤᠵᠢᠮᠠᠯ᠎ᠤᠨ ᠬᠢᠨᠠᠨ ᠲᠣᠭᠲᠠᠭᠠᠯᠲᠠ᠂ ᠠᠭᠤᠳᠠᠯᠤᠯᠲᠠ᠎ᠶᠢ ᠬᠢᠨᠠᠨ ᠵᠥᠪᠱᠢᠶᠡᠷᠡᠭᠦᠯᠬᠦ ᠭᠤᠶᠤᠴᠢᠯᠠᠯ᠎ᠤᠨ ᠮᠡᠷᠭᠡᠵᠢᠯ᠎ᠤᠨ ᠬᠢᠨᠠᠨ ᠪᠠᠢ᠌ᠴᠠᠭᠠᠯᠲᠠ᠂ ᠱᠢᠨᠵᠢᠯᠡᠬᠦ ᠤᠬᠠᠭᠠᠨ᠎ᠤ ᠰᠤᠳᠤᠯᠭᠠᠨ᠂ ᠪᠠᠢ᠌ᠴᠠᠭᠠᠨ ᠦᠨᠡᠯᠡᠬᠦ ᠵᠢᠴᠢ ᠱᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠲᠠᠯ᠎ᠠ᠎ᠪᠠᠷ ᠣᠯᠤᠭᠰᠠᠨ ᠢᠳᠡᠪᠬᠢᠲᠡᠢ ᠠᠬᠢᠴᠠ᠎ᠶᠢ ᠱᠢᠰᠲᠧᠮ᠎ᠲᠠᠢ ᠡᠷᠭᠢᠴᠡᠭᠦᠯᠵᠦ᠂ ᠣᠳᠤᠬᠠᠨ᠎ᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠢ ᠬᠠᠮᠠᠭᠠᠯᠠᠬᠤ ᠠᠵᠢᠯ᠎ᠤᠨ ᠳᠤᠮᠳᠠ ᠣᠷᠤᠱᠢᠵᠤ ᠪᠠᠢ᠌ᠭ᠎ᠠ ᠠᠰᠠᠭᠤᠳᠠᠯ ᠪᠣᠯᠤᠨ ᠥᠷᠢᠰᠦᠯᠳᠦᠭᠡᠨ᠎ᠢ ᠭᠦᠨᠵᠡᠭᠡᠢ ᠵᠠᠳᠠᠯᠬᠤ᠎ᠶᠢᠨ ᠬᠠᠮᠲᠤ ᠳᠠᠷᠠᠭᠠᠴᠢ᠎ᠶᠢᠨ ᠱᠠᠲᠤᠨ᠎ᠤ ᠠᠵᠢᠯ᠎ᠤᠨ ᠭᠤᠤᠯᠳᠠᠯᠭ᠎ᠠ ᠪᠣᠯᠤᠨ ᠴᠢᠭᠯᠡᠯ᠎ᠢ ᠲᠣᠳᠤᠷᠬᠠᠢ᠌ᠯᠠᠪᠠ᠃ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠭᠤᠭᠴᠤᠭ᠎ᠠ᠎ᠳᠤ᠂ ᠬᠤᠶᠠᠷ ᠭᠡᠱᠢᠭᠦᠨ᠎ᠤ ᠲᠥᠯᠦᠭᠡᠯᠡᠭᠴᠢ ᠲᠤᠰ ᠲᠤᠰ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠤᠨ᠎ᠤ ᠡᠷᠲᠡᠨ᠎ᠤ ᠠᠮᠢᠳᠤ ᠪᠣᠳᠠᠰ᠎ᠤᠨ ᠴᠢᠯᠠᠭᠤᠵᠢᠮᠠᠯ᠎ᠤᠨ ᠡᠬᠢ ᠪᠠᠶᠠᠯᠢᠭ᠎ᠤᠨ ᠪᠠᠢ᠌ᠴᠠᠭᠠᠯᠲᠠ᠂ ᠱᠢᠨᠵᠢᠯᠡᠬᠦ ᠤᠬᠠᠭᠠᠨ᠎ᠤ ᠰᠤᠳᠤᠯᠭᠠᠨ᠂ ᠱᠢᠰᠲᠧᠮᠵᠢᠭᠦᠯᠦᠨ ᠬᠠᠮᠠᠭᠠᠯᠠᠬᠤ ᠪᠠ ᠵᠦᠢ ᠵᠣᠬᠢᠰᠲᠠᠢ ᠠᠱᠢᠭᠯᠠᠬᠤ ᠵᠡᠷᠭᠡ ᠲᠠᠯ᠎ᠠ᠎ᠶᠢᠨ ᠲᠣᠭᠤᠷᠢᠨ᠎ᠳᠤ᠂ ᠤᠯᠠᠨ ᠵᠦᠢᠯ᠎ᠤᠨ ᠪᠠᠷᠠᠯᠠᠯᠲᠦ ᠴᠢᠨᠠᠷᠲᠠᠢ ᠪᠠ ᠬᠡᠷᠡᠭᠵᠢᠭᠦᠯᠵᠦ ᠪᠣᠯᠬᠤᠢ᠌ᠴᠠ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃
ᠬᠤᠷᠠᠯ᠎ᠠᠴᠠ᠂ ᠤᠯᠤᠰ ᠲᠥᠷᠥ᠎ᠶᠢᠨ ᠵᠣᠭᠰᠣᠴᠠ᠎ᠪᠠᠨ ᠳᠡᠭᠡᠭᠱᠢᠯᠡᠭᠦᠯᠵᠦ᠂ ᠡᠷᠲᠡᠨ᠎ᠦ ᠠᠮᠢᠳᠤ ᠪᠣᠳᠠᠰ᠎ᠤᠨ ᠴᠢᠯᠠᠭᠤᠵᠢᠮᠠᠯ᠎ᠢ ᠬᠠᠮᠠᠭᠠᠯᠠᠬᠤ ᠲᠡᠦᠬᠡᠲᠦ ᠬᠠᠷᠢᠭᠤᠴᠠᠯᠭ᠎ᠠ᠎ᠶᠢ ᠦᠨᠡᠨᠬᠦ ᠡᠭᠦᠷᠭᠡᠯᠡᠵᠦ᠂ ᠡᠷᠲᠡᠨ᠎ᠦ ᠠᠮᠢᠳᠤ ᠪᠣᠳᠠᠰ᠎ᠤᠨ ᠴᠢᠯᠠᠭᠤᠵᠢᠮᠠᠯ᠎ᠤᠨ ᠰᠤᠳᠤᠯᠭᠠᠨ᠎ᠤ ᠱᠢᠨ᠎ᠡ᠎ᠶᠢ ᠡᠭᠦᠳᠬᠦ ᠴᠢᠳᠠᠪᠤᠷᠢ ᠪᠣᠯᠤᠨ ᠡᠷᠳᠡᠮ ᠱᠢᠨᠵᠢᠯᠡᠭᠡᠨ᠎ᠦ ᠲᠦᠪᠱᠢᠨ᠎ᠢ ᠲᠠᠰᠤᠷᠠᠯᠲᠠ ᠦᠭᠡᠢ ᠳᠡᠭᠡᠭᠱᠢᠯᠡᠭᠦᠯᠵᠦ᠂ ᠴᠢᠯᠠᠭᠤᠵᠢᠮᠠᠯ᠎ᠤᠨ ᠡᠬᠢ ᠪᠠᠶᠠᠯᠢᠭ᠎ᠢ ᠬᠤᠪᠢᠷᠠᠭᠤᠯᠬᠤ ᠪᠠ ᠥᠷᠲᠡᠭ᠎ᠢ ᠪᠡᠶᠡᠯᠡᠭᠦᠯᠬᠦ ᠪᠦᠲᠦᠮᠵᠢᠲᠡᠢ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ ᠡᠷᠲᠡᠨ᠎ᠦ ᠠᠮᠢᠳᠤ ᠪᠣᠳᠠᠰ᠎ᠤᠨ ᠴᠢᠯᠠᠭᠤᠵᠢᠮᠠᠯ᠎ᠤᠨ ᠦᠢᠯᠡᠰ᠎ᠦᠨ ᠦᠷᠭᠦᠯᠵᠢᠯᠡᠬᠦ ᠬᠥᠭᠵᠢᠯᠲᠡ᠎ᠶᠢᠨ ᠰᠠᠭᠤᠷᠢ ᠲᠤᠯᠭᠠᠭᠤᠷᠢᠯᠠᠯ᠎ᠢ ᠪᠦᠬᠦ ᠲᠠᠯ᠎ᠠ᠎ᠪᠠᠷ ᠪᠡᠬᠢᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠡᠷᠲᠡᠨ᠎ᠦ ᠠᠮᠢᠳᠤ ᠪᠣᠳᠠᠰ᠎ᠤᠨ ᠴᠢᠯᠠᠭᠤᠵᠢᠮᠠᠯ᠎ᠢ ᠬᠠᠮᠠᠭᠠᠯᠠᠨ ᠠᠱᠢᠭᠯᠠᠬᠤ ᠱᠢᠢᠳᠪᠦᠷᠢᠲᠦ ᠪᠣᠳᠣᠯᠭ᠎ᠠ᠎ᠳᠤ ᠪᠠᠲᠤ ᠴᠢᠩᠭ᠎ᠠ ᠣᠶᠤᠨ᠎ᠤ ᠬᠥᠮᠥᠷᠭᠡ᠎ᠶᠢᠨ ᠪᠠᠲᠤᠯᠠᠭ᠎ᠠ ᠬᠠᠩᠭᠠᠵᠤ᠂ ᠥᠪᠡᠷᠲᠡᠭᠡᠨ ᠵᠠᠰᠠᠬᠤ ᠣᠷᠣᠨ᠎ᠤ ᠡᠷᠲᠡᠨ᠎ᠦ ᠠᠮᠢᠳᠤ ᠪᠣᠳᠠᠰ᠎ᠤᠨ ᠴᠢᠯᠠᠭᠤᠵᠢᠮᠠᠯ᠎ᠤᠨ ᠦᠢᠯᠡᠰ᠎ᠦᠨ ᠨᠡᠩ ᠴᠢᠨᠠᠷ ᠰᠠᠢᠲᠠᠢ ᠬᠥᠭᠵᠢᠯᠲᠡ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠲᠤᠰ ᠤᠳᠠᠭᠠᠨ᠎ᠤ ᠶᠠᠷᠢᠯᠴᠠᠬᠤ ᠬᠤᠷᠠᠯ᠎ᠢ ᠬᠤᠷᠠᠯᠳᠤᠭᠤᠯᠤᠭᠰᠠᠨ᠎ᠨᠢ ᠦᠵᠡᠯ ᠰᠠᠨᠠᠭ᠎ᠠ᠎ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠮᠲᠤ᠎ᠶᠢᠨ ᠲᠠᠨᠢᠯᠲᠠ᠎ᠪᠠᠨ ᠨᠢᠭᠲᠠᠷᠠᠭᠤᠯᠵᠤ᠂ ᠬᠠᠷᠠᠯᠲᠠ᠎ᠪᠠᠨ ᠲᠣᠳᠣᠷᠬᠠᠢᠯᠠᠪᠠ᠃ ᠲᠠᠷᠠᠭᠠᠴᠢ᠎ᠶᠢᠨ ᠠᠯᠬᠤᠮ᠎ᠳᠤ᠂ ᠵᠥᠪᠯᠡᠯ ᠲᠤᠰᠭᠠᠢ ᠮᠡᠷᠭᠡᠵᠢᠯ᠎ᠤᠨ ᠣᠶᠤᠨ᠎ᠤ ᠬᠥᠮᠦᠷᠭᠡ᠎ᠶᠢᠨ ᠦᠢᠯᠡᠳᠦᠯ᠎ᠢᠶᠠᠨ ᠦᠷᠭᠦᠯᠵᠢᠯᠡᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠤᠨ᠎ᠤ ᠬᠤᠪᠤᠷ ᠨᠠᠨᠳᠢᠨ ᠡᠷᠲᠡᠨ᠎ᠤ ᠠᠮᠢᠳᠤ ᠪᠣᠳᠠᠰ᠎ᠤᠨ ᠥᠪ ᠬᠥᠷᠦᠩᠭᠡ᠎ᠶᠢ ᠰᠠᠢ᠌ᠲᠤᠷ ᠰᠠᠬᠢᠨ ᠬᠠᠮᠠᠭᠠᠯᠠᠬᠤ᠂ ᠥᠪᠡᠷᠲᠡᠭᠡᠨ ᠵᠠᠰᠠᠬᠤ ᠣᠷᠤᠨ᠎ᠤ ᠴᠢᠨᠠᠷ ᠰᠠᠢ᠌ᠲᠠᠢ ᠬᠥᠭᠵᠢᠯᠲᠡ᠎ᠳᠤ ᠦᠢᠯᠡᠴᠢᠯᠡᠬᠦ᠎ᠳᠤ ᠬᠦᠴᠦᠨ ᠴᠢᠳᠠᠯ᠎ᠢᠶᠠᠨ ᠡᠷᠭᠦᠨ᠎ᠡ᠃
ᠲᠢᠩᠬᠢᠮ᠎ᠤᠨ ᠪᠠᠢ᠌ᠭᠤᠯᠭ᠎ᠠ᠎ᠶᠢᠨ ᠬᠤᠯᠪᠤᠭᠳᠠᠯ ᠪᠦᠬᠦᠢ ᠭᠠᠵᠠᠷ ᠠᠯᠪᠠᠨ ᠭᠡᠷ᠎ᠤᠨ ᠬᠠᠷᠢᠭᠤᠴᠠᠯᠭᠠᠲᠠᠨ᠂ ᠥᠪᠦᠷ ᠮᠣᠩᠭᠤᠯ᠎ᠤᠨ ᠪᠠᠢ᠌ᠭᠠᠯᠢ᠎ᠶᠢᠨ ᠮᠦᠽᠧᠢ᠎ᠶᠢᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠬᠤᠷᠠᠯ᠎ᠳᠤ ᠣᠷᠤᠯᠴᠠᠪᠠ᠃