1 ᠳ᠋ᠦ᠍ᠭᠡᠷ ᠰᠠᠷ᠎ᠠ᠎ᠶᠢᠨ 21 ᠤ ᠡᠳᠦᠷ᠂ ᠥᠪᠡᠷᠲᠡᠭᠡᠨ ᠵᠠᠰᠠᠬᠤ ᠣᠷᠤᠨ᠎ᠤ ᠪᠠᠢ᠌ᠭᠠᠯᠢ᠎ᠶᠢᠨ ᠡᠬᠢ ᠪᠠᠶᠠᠯᠢᠭ᠎ᠤᠨ ᠲᠢᠩᠬᠢᠮ ᠵᠢᠩ ᠬᠠᠢ ᠨᠡᠭᠦᠷᠡᠰᠦᠨ ᠴᠢᠯᠠᠭᠤ᠎ᠶᠢᠨ ᠴᠠᠬᠢᠯᠭᠠᠨ ᠦᠢᠯᠡᠳᠪᠦᠷᠢ᠎ᠶᠢᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢᠨ ᠡᠷᠬᠡ ᠠᠰᠢᠭ᠋᠎ᠢ ᠨᠠᠢᠳᠠᠪᠤᠷᠢᠵᠢᠭᠤᠯᠬᠤ᠎ᠶᠢ ᠵᠣᠬᠢᠴᠠᠭᠤᠯᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠡᠬᠢ ᠪᠠᠶᠠᠯᠢᠭ᠎ᠤᠨ ᠲᠣᠬᠢᠷᠠᠭᠤᠯᠤᠯᠲᠠ᠎ᠶᠢ ᠦᠨᠡᠯᠡᠨ ᠵᠢᠱ᠌ᠢᠬᠦ ᠠᠵᠢᠯ᠎ᠤᠨ ᠠᠬᠢᠴᠠ᠂ ᠣᠷᠤᠱᠢᠵᠤ ᠪᠠᠢ᠌ᠭ᠎ᠠ ᠠᠰᠠᠭᠤᠳᠠᠯ ᠵᠢᠴᠢ ᠲᠠᠷᠠᠭᠠᠴᠢ᠎ᠶᠢᠨ ᠱᠠᠲᠤᠨ᠎ᠤ ᠭᠤᠤᠯᠳᠠᠯᠭ᠎ᠠ᠎ᠲᠠᠢ ᠡᠭᠦᠷᠭᠡ᠎ᠶᠢᠨ ᠲᠣᠭᠤᠷᠢᠨ᠎ᠳᠤ ᠲᠤᠰᠭᠠᠢ ᠰᠡᠳᠦᠪ᠎ᠢᠶᠠᠷ ᠰᠤᠳᠤᠯᠤᠨ ᠪᠠᠢ᠌ᠷᠢᠯᠠᠭᠤᠯᠪᠠ᠃ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠶᠢᠩ ᠳ᠋ᠠ ᠬᠤᠷᠠᠯ᠎ᠢ ᠡᠷᠭᠢᠯᠡᠪᠡ᠃
ᠬᠤᠷᠠᠯ᠎ᠠᠴᠠ᠂ ᠵᠢᠩ ᠬᠠᠢ ᠨᠡᠭᠦᠷᠡᠰᠦᠨ ᠴᠢᠯᠠᠭᠤ᠎ᠶᠢᠨ ᠴᠠᠬᠢᠯᠭᠠᠨ᠎ᠤ ᠦᠢᠯᠡᠳᠪᠦᠷᠢ᠎ᠶᠢᠨ ᠡᠬᠢ ᠪᠠᠶᠠᠯᠢᠭ᠋᠎ᠤᠨ ᠲᠣᠬᠢᠷᠠᠭᠤᠯᠤᠯᠲᠠ᠎ᠶᠢᠨ ᠡᠷᠬᠡ ᠠᠰᠢᠭ᠋᠎ᠢ ᠨᠠᠢᠳᠠᠪᠤᠷᠢᠵᠢᠭᠤᠯᠬᠤ᠎ᠶᠢ ᠠᠬᠢᠭᠤᠯᠬᠤ ᠪᠣᠯ ᠨᠡᠭᠦᠷᠡᠰᠦᠨ᠎ᠦ ᠡᠬᠢ ᠪᠠᠶᠠᠯᠢᠭ᠎ᠢ ᠲᠣᠬᠢᠷᠠᠭᠤᠯᠬᠤ ᠲᠡᠦᠬᠡᠨ᠎ᠡᠴᠡ ᠦᠯᠡᠳᠡᠭᠳᠡᠵᠦ ᠢᠷᠡᠭᠰᠡᠨ ᠠᠰᠠᠭᠤᠳᠠᠯ᠎ᠢ ᠱᠢᠢᠳᠪᠦᠷᠢᠯᠡᠬᠦ᠎ᠶᠢ ᠠᠬᠢᠭᠤᠯᠬᠤ ᠴᠢᠬᠤᠯᠠ ᠠᠵᠢᠯ᠎ᠤᠨ ᠠᠷᠭ᠎ᠠ ᠬᠡᠮᠵᠢᠶ᠎ᠡ ᠪᠣᠯᠤᠨ᠎ᠠ᠂ ᠡᠬᠢ ᠪᠠᠶᠠᠯᠢᠭ᠎ᠢ ᠲᠣᠬᠢᠷᠠᠭᠤᠯᠬᠤ ᠭᠣᠣᠯ ᠴᠣᠭᠴᠠ ᠵᠡᠷᠭᠡ ᠡᠯ᠎ᠡ ᠲᠠᠯ᠎ᠠ᠎ᠶᠢᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠂ ᠡᠯ᠎ᠡ ᠬᠠᠮᠢᠶ᠎ᠠ ᠪᠦᠬᠦᠢ ᠨᠢᠭᠡᠴᠢ᠎ᠶᠢᠨ᠎ᠬᠢᠨ ᠤᠯᠤᠰ ᠲᠥᠷᠥ᠎ᠶᠢᠨ ᠵᠣᠭᠰᠣᠴᠠ᠎ᠪᠠᠨ ᠴᠢᠨᠠᠭᠱᠢᠳᠠ ᠳᠡᠭᠡᠭᠱᠢᠯᠡᠭᠦᠯᠵᠦ᠂ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ᠎ᠪᠠᠨ ᠨᠢᠭᠲᠠᠷᠠᠭᠤᠯᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠢᠵᠢᠭᠤᠯᠵᠤ᠂ ᠡᠬᠢ ᠪᠠᠶᠠᠯᠢᠭ᠎ᠢ ᠲᠣᠬᠢᠷᠠᠭᠤᠯᠬᠤ ᠡᠷᠬᠡ ᠠᠱᠢᠭ᠎ᠢ ᠨᠠᠢᠳᠠᠪᠤᠷᠢᠵᠢᠭᠤᠯᠬᠤ ᠠᠵᠢᠯ᠎ᠤᠨ ᠵᠢᠷᠤᠮᠵᠢᠯ᠎ᠲᠠᠢ᠂ ᠥᠨᠳᠥᠷ ᠪᠦᠲᠦᠮᠵᠢᠲᠡᠢ᠂ ᠡᠮᠬᠢ ᠵᠢᠷᠤᠮ᠎ᠲᠠᠢ ᠠᠬᠢᠬᠤ᠎ᠶᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠡᠬᠢ ᠪᠠᠶᠠᠯᠢᠭ᠎ᠤᠨ ᠲᠤᠬᠢᠷᠠᠭᠤᠯᠤᠯᠳᠠ᠎ᠶᠢᠨ ᠡᠷᠬᠡ ᠠᠱᠢᠭ᠎ᠢ ᠨᠠᠢ᠌ᠳᠠᠪᠤᠷᠢᠵᠢᠭᠤᠯᠬᠤ ᠠᠵᠢᠯ᠎ᠳᠤ ᠬᠠᠤᠯᠢ ᠲᠣᠭᠲᠠᠭᠠᠯ ᠶᠣᠰᠤᠭᠠᠷ᠂ ᠦᠨᠡᠨ᠎ᠠᠴᠠ ᠵᠥᠪ᠎ᠢ ᠡᠷᠢᠬᠦ᠂ ᠠᠳᠠᠯᠢ ᠲᠠᠯ᠎ᠠ᠎ᠪᠠᠨ ᠨᠢᠭᠡᠳᠬᠡᠵᠦ ᠵᠥᠷᠢᠶ᠎ᠡ᠎ᠪᠡᠨ ᠦᠯᠡᠳᠡᠭᠡᠬᠦ ᠠᠵᠢᠯ᠎ᠤᠨ ᠤᠳᠤᠷᠢᠳᠤᠮᠵᠢ᠎ᠶᠢ ᠪᠠᠷᠢᠮᠲᠠᠯᠠᠬᠤ ᠬᠡᠷᠡᠭᠲᠡᠢ᠃ ᠣᠷᠳᠤᠰ ᠬᠤᠲᠠ᠂ ᠦᠬᠠᠢ ᠬᠤᠲᠠ᠎ᠶᠢᠨ᠎ᠬᠢᠨ ᠬᠠᠷᠢᠶ᠎ᠠ ᠣᠷᠤᠨ᠎ᠤ ᠬᠠᠮᠢᠶᠠᠷᠤᠯᠲᠠ᠎ᠶᠢᠨ ᠬᠠᠷᠢᠭᠤᠴᠠᠯᠭ᠎ᠠ᠎ᠪᠠᠨ ᠦᠨᠡᠨᠬᠦ ᠭᠦᠢᠴᠡᠳᠬᠡᠵᠦ᠂ ᠠᠵᠢᠯ᠎ᠤᠨ ᠬᠠᠮᠵᠢᠯᠴᠠᠭ᠎ᠠ᠎ᠪᠠᠨ ᠴᠢᠩᠭᠠᠳᠭᠠᠬᠤ ᠬᠡᠷᠡᠭᠲᠡᠢ; ᠦᠨᠡᠯᠡᠨ ᠵᠢᠱ᠌ᠢᠬᠦ ᠪᠠᠢᠭᠤᠯᠤᠮᠵᠢ᠎ᠨᠤᠭᠤᠳ ᠤᠯᠤᠰ᠎ᠤᠨ ᠮᠡᠷᠭᠡᠵᠢᠯ᠎ᠦᠨ ᠵᠢᠷᠤᠮᠵᠢᠯ ᠬᠢᠭᠡᠳ ᠠᠵᠢᠯ ᠲᠥᠷᠥᠯ᠎ᠦᠨ ᠪᠠᠷᠢᠮᠵᠢᠶ᠎ᠠ᠎ᠶᠢ ᠴᠢᠩᠭ᠎ᠠ ᠵᠢᠷᠤᠮᠯᠠᠨ᠂ ᠦᠨᠡᠯᠡᠨ ᠵᠢᠱ᠌ᠢᠬᠦ᠎ᠶᠢ ᠪᠤᠰᠤᠳᠴᠢ ᠪᠥᠭᠡᠳ ᠲᠥᠪ ᠭᠣᠥᠯᠴᠢ᠎ᠪᠠᠷ ᠥᠷᠨᠢᠭᠦᠯᠵᠦ᠂ ᠦᠨᠡᠯᠡᠨ ᠵᠢᠱ᠌ᠢᠬᠦ ᠠᠷᠭ᠎ᠠ ᠨᠢ ᠰᠢᠨᠵᠢᠯᠡᠬᠦ ᠤᠬᠠᠭᠠᠨᠴᠢ᠂ ᠲᠣᠭ᠎ᠠ ᠪᠠᠷᠢᠮᠲᠠ ᠨᠢ ᠦᠨᠡᠨ ᠪᠣᠳᠠᠲᠠᠢ᠂ ᠲᠠᠰ ᠳᠠᠷᠠᠭᠠᠯᠠᠯ ᠨᠢ ᠵᠢᠷᠤᠮᠵᠢᠯ᠎ᠲᠠᠢ ᠪᠠᠢᠬᠤ᠎ᠶᠢ ᠦᠨᠡᠨᠬᠦ ᠪᠠᠲᠤᠯᠠᠬᠤ ᠬᠡᠷᠡᠭᠲᠡᠢ; ᠬᠠᠮᠢᠶ᠎ᠠ ᠪᠦᠬᠦᠢ ᠠᠵᠤ ᠠᠬᠤᠢᠯᠠᠯ᠎ᠤᠳ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠴᠢᠩᠭᠠᠳᠭᠠᠵᠤ᠂ ᠦᠨᠡᠯᠡᠨ ᠵᠢᠱ᠌ᠢᠬᠦ ᠪᠠᠢᠭᠤᠯᠤᠮᠵᠢ᠎ᠲᠠᠢ ᠰᠠᠨᠠᠭᠠᠴᠢᠯᠠᠭ᠎ᠠ᠎ᠠᠴᠠ᠎ᠪᠠᠨ ᠬᠠᠮᠵᠢᠯᠴᠠᠨ ᠰᠠᠭᠤᠷᠢ ᠮᠠᠲ᠋ᠧᠷᠢᠶᠠᠯ᠎ᠢ ᠪᠦᠬᠦ ᠲᠠᠯ᠎ᠠ᠎ᠪᠠᠷ᠂ ᠣᠨᠣᠪᠴᠢᠲᠠᠢ᠂ ᠴᠠᠭ ᠲᠤᠬᠠᠢᠳᠤᠨᠢ ᠬᠠᠩᠭᠠᠵᠤ᠂ ᠵᠣᠯᠭᠠᠭᠤᠯᠬᠤ ᠠᠵᠢᠯ᠎ᠤᠨ ᠲᠣᠭᠲᠠᠴᠠ᠎ᠶᠢ ᠲᠡᠭᠦᠯᠳᠡᠷᠵᠢᠭᠦᠯᠦᠨ᠂ ᠮᠡᠳᠡᠭᠡ ᠵᠠᠩᠭᠢ ᠳᠠᠮᠵᠢᠭᠤᠯᠬᠤ ᠠᠵᠢᠯ᠎ᠤᠨ ᠥᠨᠳᠥᠷ ᠪᠦᠲᠦᠮᠵᠢᠲᠡᠢ ᠰᠠᠭᠠᠳ ᠦᠭᠡᠢ ᠨᠡᠪᠲᠡᠷᠡᠬᠦ᠎ᠶᠢ ᠪᠠᠲᠤᠯᠠᠬᠤ ᠬᠡᠷᠡᠭᠲᠡᠢ᠃ ᠴᠢᠬᠤᠯᠠᠲᠠᠢ ᠦᠶ᠎ᠡ᠎ᠳᠤ ᠲᠤᠰᠭᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠦᠨᠡᠯᠡᠨ ᠵᠢᠱ᠌ᠢᠬᠦ ᠵᠠᠩᠭᠢᠯᠠᠭ᠎ᠠ᠎ᠶᠢᠨ ᠪᠣᠯᠵᠤᠯ᠎ᠲᠤ ᠲᠤᠭ᠎ᠠ ᠵᠢᠴᠢ ᠭᠤᠤᠯᠳᠠᠯᠭ᠎ᠠ᠎ᠲᠠᠢ ᠬᠦᠴᠢᠷ ᠠᠰᠠᠭᠤᠳᠠᠯ᠎ᠳᠤ ᠨᠤᠲᠠᠯᠠᠯᠲᠠ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠪᠠᠢ᠌ᠭᠠᠯᠢ᠎ᠶᠢᠨ ᠡᠬᠢ ᠪᠠᠶᠠᠯᠢᠭ᠎ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠨᠢᠭᠡᠳᠦᠯᠲᠡᠢ ᠲᠥᠯᠦᠪᠵᠢᠭᠦᠯᠦᠨ ᠵᠣᠬᠢᠴᠠᠭᠤᠯᠬᠤ ᠦᠷ᠎ᠡ ᠪᠦᠲᠦᠮᠵᠢ᠎ᠪᠠᠨ ᠦᠷᠭᠦᠯᠵᠢᠯᠡᠨ ᠴᠢᠩᠭᠠᠳᠭᠠᠵᠤ᠂ ᠶᠠᠪᠤᠴᠠ᠎ᠶᠢᠨ ᠲᠤᠬᠢᠷᠠᠭᠤᠯᠤᠯᠳᠠ ᠪᠣᠯᠤᠨ ᠮᠥᠷᠳᠡᠨ ᠳᠠᠭᠠᠵᠤ ᠦᠷ᠎ᠡ ᠪᠦᠲᠦᠮᠵᠢ᠎ᠶᠢ᠎ᠨᠢ ᠠᠰᠠᠭᠤᠬᠤ᠎ᠶᠢ ᠴᠢᠩᠭᠠᠳᠭᠠᠬᠤ ᠬᠡᠷᠡᠭᠲᠡᠢ᠃ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ ᠪᠠ ᠬᠠᠷᠢᠭᠤ ᠲᠤᠰᠭᠠᠬᠤ ᠲᠣᠭᠲᠠᠴᠠ᠎ᠶᠢ ᠤᠯᠠᠮ ᠨᠢᠭᠡ ᠠᠯᠬᠤᠮ ᠱᠢᠯᠢᠳᠡᠭᠵᠢᠭᠦᠯᠵᠦ᠂ ᠪᠦᠬᠦ ᠶᠠᠪᠤᠴᠠ᠎ᠶᠢᠨ ᠬᠠᠮᠵᠢᠯᠴᠠᠭ᠎ᠠ᠎ᠶᠢ ᠴᠢᠩᠭᠠᠷᠠᠭᠤᠯᠤᠨ᠂ ᠡᠯ᠎ᠡ ᠭᠣᠭᠴᠣᠭ᠎ᠠ᠎ᠶᠢ ᠵᠠᠪᠰᠠᠷ ᠦᠭᠡᠢ ᠵᠣᠯᠭᠠᠭᠤᠯᠵᠤ᠂ ᠥᠨᠳᠥᠷ ᠪᠦᠲᠦᠮᠵᠢᠲᠡᠢ᠎ᠪᠡᠷ ᠠᠵᠢᠯᠯᠠᠭᠤᠯᠬᠤ᠎ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
ᠲᠣᠰ ᠤᠳᠠᠭᠠᠨ᠎ᠤ ᠬᠤᠷᠠᠯ᠎ᠨᠢ ᠥᠪᠡᠷᠲᠡᠭᠡᠨ ᠵᠠᠰᠠᠬᠤ ᠣᠷᠤᠨ᠎ᠤ ᠪᠠᠢ᠌ᠭᠠᠯᠢ᠎ᠶᠢᠨ ᠡᠬᠢ ᠪᠠᠶᠠᠯᠢᠭ᠎ᠤᠨ ᠲᠢᠩᠬᠢᠮ᠎ᠤᠨ ᠥᠪᠡᠷᠲᠡᠭᠡᠨ ᠵᠠᠰᠠᠬᠤ ᠣᠷᠤᠨ᠎ᠤ ᠬᠥᠭᠵᠢᠯᠲᠡ᠎ᠶᠢᠨ ᠶᠡᠭᠡ ᠲᠠᠯ᠎ᠠ᠎ᠳᠤ ᠦᠢᠯᠡᠴᠢᠯᠡᠬᠦ᠂ ᠵᠠᠩᠭᠢᠯᠠᠭ᠎ᠠ᠎ᠶᠢᠨ ᠬᠦᠴᠢᠷ ᠠᠰᠠᠭᠤᠳᠠᠯ᠎ᠢ ᠱᠢᠢᠳᠪᠦᠷᠢᠯᠡᠬᠦ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭᠠᠬᠤ᠎ᠶᠢ ᠭᠦᠢᠴᠡᠳ ᠢᠯᠡᠷᠡᠭᠦᠯᠵᠦ᠂ ᠵᠠᠰᠠᠭ ᠠᠵᠤ ᠠᠬᠤᠢ᠌ᠯᠠᠯ᠎ᠤᠨ ᠬᠤᠯᠪᠤᠭᠠᠯᠠᠨ ᠬᠥᠳᠡᠯᠦᠯᠴᠡᠬᠦ ᠬᠠᠮᠲᠤ᠎ᠶᠢᠨ ᠲᠠᠨᠢᠯᠲᠠ᠎ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠠᠵᠢᠯ᠎ᠤᠨ ᠠᠷᠭ᠎ᠠ ᠵᠠᠮ᠎ᠢ ᠲᠣᠳᠤᠷᠬᠠᠢ ᠪᠣᠯᠭᠠᠪᠠ᠃ ᠲᠠᠷᠠᠭᠠᠴᠢ᠎ᠶᠢᠨ ᠠᠯᠬᠤᠮ᠎ᠳᠤ᠂ ᠪᠠᠢ᠌ᠭᠠᠯᠢ᠎ᠶᠢᠨ ᠡᠬᠢ ᠪᠠᠶᠠᠯᠢᠭ᠎ᠤᠨ ᠲᠢᠩᠬᠢᠮ ᠨᠢᠭᠡᠳᠦᠯᠲᠡᠢ ᠲᠥᠯᠦᠪᠯᠡᠨ ᠵᠣᠬᠢᠴᠠᠭᠤᠯᠬᠤ᠎ᠪᠠᠨ ᠦᠷᠭᠦᠯᠵᠢᠯᠡᠨ ᠴᠢᠩᠭᠠᠳᠭᠠᠵᠤ᠂ ᠡᠯ᠎ᠡ ᠲᠠᠯ᠎ᠠ᠎ᠶᠢᠨ᠎ᠬᠢᠨ᠎ᠤ ᠬᠠᠮᠵᠢᠯᠴᠠᠨ ᠬᠦᠴᠦᠯᠡᠬᠦ᠎ᠶᠢ ᠠᠬᠢᠭᠤᠯᠤᠨ᠂ ᠨᠠᠩ ᠥᠨᠳᠦᠷ ᠬᠢᠷᠢ ᠲᠦᠪᠱᠢᠨ ᠪᠥᠬᠦᠢ ᠬᠠᠮᠢᠶᠠᠷᠤᠯᠲᠠ ᠪᠠ ᠦᠢᠯᠡᠴᠢᠯᠡᠭᠡ᠎ᠪᠠᠷ ᠥᠪᠡᠷᠲᠡᠭᠡᠨ ᠵᠠᠰᠠᠬᠤ ᠣᠷᠤᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠨᠠᠩ ᠶᠡᠭᠡ ᠬᠦᠴᠦᠨ ᠴᠢᠳᠠᠯ᠎ᠢᠶᠠᠨ ᠡᠷᠭᠦᠨ᠎ᠡ᠃
ᠣᠷᠳᠤᠰ ᠬᠤᠲᠠ᠂ ᠦᠬᠠᠢ ᠬᠤᠲᠠ᠎ᠶᠢᠨ ᠠᠷᠠᠳ᠎ᠤᠨ ᠵᠠᠰᠠᠭ᠎ᠤᠨ ᠣᠷᠳᠤᠨ᠎ᠤ ᠬᠠᠮᠢᠶ᠎ᠠ ᠪᠥᠬᠦᠢ ᠬᠠᠷᠢᠭᠤᠴᠠᠯᠭᠠᠲᠠᠨ᠂ ᠪᠠᠢ᠌ᠭᠠᠯᠢ᠎ᠶᠢᠨ ᠡᠬᠢ ᠪᠠᠶᠠᠯᠢᠭ᠎ᠤᠨ ᠲᠢᠩᠬᠢᠮ᠎ᠤᠨ ᠠᠭᠤᠷᠬᠠᠢ᠎ᠶᠢᠨ ᠦᠢᠯᠡᠰ᠎ᠤᠨ ᠡᠷᠬᠡ᠎ᠶᠢᠨ ᠬᠠᠮᠢᠶᠠᠷᠤᠯᠲᠠ᠎ᠶᠢᠨ ᠭᠠᠵᠠᠷ᠎ᠤᠨ ᠬᠠᠮᠢᠶ᠎ᠠ ᠪᠥᠬᠦᠢ ᠬᠠᠷᠢᠭᠤᠴᠠᠯᠭᠠᠲᠠᠨ᠂ ᠦᠬᠠᠢ ᠬᠤᠲᠠ᠂ ᠣᠷᠳᠤᠰ ᠬᠤᠲᠠ᠎ᠶᠢᠨ ᠪᠠᠢ᠌ᠭᠠᠯᠢ᠎ᠶᠢᠨ ᠡᠬᠢ ᠪᠠᠶᠠᠯᠢᠭ᠎ᠤᠨ ᠲᠣᠪᠴᠢᠶ᠎ᠠ᠎ᠶᠢᠨ ᠭᠤᠤᠯ ᠬᠠᠷᠢᠭᠤᠴᠠᠯᠭᠠᠲᠠᠨ᠂ ᠵᠢᠩ ᠨᠧᠩ ᠪᠦᠯᠦᠭᠯᠡᠯ᠂ ᠭᠤᠸᠠᠩ ᠨᠠ ᠪᠦᠯᠦᠭᠯᠡᠯ᠎ᠤᠨ ᠬᠠᠮᠢᠶ᠎ᠠ ᠪᠥᠬᠦᠢ ᠬᠠᠷᠢᠭᠤᠴᠠᠯᠭᠠᠲᠠᠨ ᠵᠢᠴᠢ ᠦᠨᠡᠯᠡᠨ ᠵᠢᠱ᠌ᠢᠬᠦ ᠪᠠᠢ᠌ᠭᠤᠯᠤᠮᠵᠢ᠎ᠶᠢᠨ ᠲᠥᠯᠦᠭᠡᠯᠡᠭᠴᠢ ᠬᠤᠷᠠᠯ᠎ᠳᠤ ᠣᠷᠤᠯᠴᠠᠵᠠᠢ᠃