ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠶᠡᠷᠦᠩᠬᠡᠢ ᠪᠠᠲᠤᠯᠠᠭ᠎ᠠ᠎ᠶ᠋ᠢᠨ ᠲᠥᠪ 2026 ᠣᠨ᠎ᠤ ᠠᠶᠤᠯ ᠦᠭᠡᠢ ᠦᠶ᠋ᠯᠡᠳᠪᠦᠷᠢᠯᠡᠯ᠎ᠤᠨ ᠠᠵᠢᠯ᠎ᠤᠨ ᠲᠣᠬᠢᠷᠠᠭᠤᠯᠤᠯᠲᠠ᠎ᠶ᠋ᠢᠨ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠪᠠ
2026-01-26

  1 ᠳ᠋ᠦ᠍ᠭᠡᠷ ᠰᠠᠷ᠎ᠠ᠎ᠶ᠋ᠢᠨ 26 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠶᠡᠷᠦᠩᠬᠡᠢ ᠪᠠᠲᠤᠯᠠᠭ᠎ᠠ᠎ᠶ᠋ᠢᠨ ᠲᠥᠪ 2026 ᠣᠨ᠎ᠤ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠤᠨ ᠲᠣᠬᠢᠷᠠᠭᠤᠯᠤᠯᠲᠠ᠎ᠶ᠋ᠢᠨ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠵᠢᠴᠢ ᠲᠢᠩᠬᠢᠮ᠎ᠤᠨ ᠨᠠᠮ᠎ᠤᠨ ᠤᠳᠤᠷᠢᠳᠭᠤ ᠳᠤᠭᠤᠢᠯᠠᠩ᠎ᠤᠨ ᠤᠢ᠍ᠢᠷ᠎ᠠ᠎ᠶ᠋ᠢᠨ ᠬᠤᠭᠤᠴᠠᠭᠠᠨ᠎ᠤ ᠠᠶᠤᠯ ᠦᠭᠡᠢ ᠦᠢᠯᠡᠳᠪᠦᠷᠢᠯᠡᠯ᠎ᠤᠨ ᠬᠠᠮᠢᠶ᠎ᠠ ᠪᠦᠬᠦᠢ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠬᠡᠷᠡᠭ ᠶᠠᠪᠤᠳᠠᠯ᠎ᠤᠨ ᠪᠠᠲᠤᠯᠠᠭ᠎ᠠ᠎ᠶ᠋ᠢᠨ ᠰᠠᠯᠠᠭ᠎ᠠ᠂ ᠠᠳᠠᠯ ᠠᠬᠤᠢ᠎ᠶ᠋ᠢᠨ ᠰᠠᠯᠠᠭ᠎ᠠ ᠮᠥᠴᠢᠷ᠎ᠤᠨ ᠲᠤᠰᠭᠠᠢ ᠰᠡᠳᠦᠪᠲᠦ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠠᠵᠢᠯᠯᠠᠬᠤ ᠲᠣᠭᠤᠷᠢᠭ᠎ᠤᠨ ᠲᠤᠨᠤᠭ ᠲᠥᠬᠦᠭᠡᠷᠦᠮᠵᠢ᠎ᠶ᠋ᠢᠨ ᠠᠶᠤᠯ ᠦᠭᠡᠢ ᠠᠵᠢᠯᠯᠠᠭᠠᠨ᠎ᠤ ᠣᠳᠣᠬᠢ ᠪᠠᠢᠳᠠᠯ᠂ ᠠᠶᠤᠯ ᠲᠦᠭ᠌ᠰᠢᠭᠦᠷᠢ᠎ᠶ᠋ᠢ ᠵᠢᠭ᠍ᠰᠠᠭᠠᠨ ᠪᠠᠢᠴᠠᠭᠠᠭ᠍ᠰᠠᠨ ᠪᠠᠢᠳᠠᠯ ᠵᠢᠴᠢ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠠᠬᠢᠴᠠ᠎ᠶ᠋ᠢ ᠭᠦᠨᠵᠡᠭᠡᠢ ᠣᠢᠯᠠᠭᠠᠬᠤ᠎ᠶ᠋ᠢᠨ ᠬᠠᠮᠲᠤ ᠤᠢ᠍ᠢᠷ᠎ᠠ᠎ᠶ᠋ᠢᠨ ᠬᠤᠭᠤᠴᠠᠭᠠᠨ᠎ᠤ ᠤᠰᠤ᠂ ᠴᠠᠬᠢᠯᠭᠠᠨ᠂ ᠳᠤᠯᠠᠭᠠᠯᠠᠭ᠎ᠠ᠎ᠶ᠋ᠢᠨ ᠬᠡᠢ᠂ ᠱᠢᠲᠠᠮᠠᠬᠠᠢ ᠬᠡᠢ᠂ ᠣᠨᠴᠠ ᠲᠦᠷᠦᠯ᠎ᠤᠨ ᠲᠤᠨᠤᠭ ᠲᠥᠬᠦᠭᠡᠷᠦᠮᠵᠢ ᠵᠡᠷᠭᠡ ᠰᠠᠭᠤᠷᠢ ᠲᠥᠬᠦᠭᠡᠷᠦᠮᠵᠢ᠎ᠶ᠋ᠢᠨ ᠬᠡᠷᠡᠭ᠌ᠯᠡᠯᠲᠡ ᠵᠢᠴᠢ ᠬᠤᠭᠤᠯᠠᠨ ᠭᠡᠷ᠂ ᠠᠯᠪᠠᠨ᠎ᠤ ᠲᠡᠷᠭᠡ ᠵᠡᠷᠭᠡ ᠭᠤᠣᠯᠳᠠᠯᠭ᠎ᠠ᠎ᠲᠠᠢ ᠬᠦᠷᠢᠶᠡᠨ᠎ᠤ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠢ ᠪᠦᠬᠦ᠌ ᠲᠠᠯ᠎ᠠ᠎ᠪᠠᠷ ᠪᠠᠢᠷᠢᠯᠠᠭᠤᠯᠪᠠ᠃

  ᠬᠤᠷᠠᠯ᠎ᠠᠴᠠ᠂ ᠪᠤᠭᠤᠲᠤ᠎ᠶ᠋ᠢᠨ ᠪᠤᠯᠤᠳ ᠲᠡᠮᠤᠷ᠎ᠤᠨ ᠺᠣᠮᠫᠠᠨᠢ᠎ᠶ᠋ᠢᠨ ᠬᠠᠪᠲᠠᠰᠤ᠎ᠶ᠋ᠢᠨ ᠦᠢᠯᠡᠳᠪᠦᠷᠢ᠎ᠶ᠋ᠢᠨ ᠳᠡᠯᠪᠡᠷᠡᠯᠲᠡ᠎ᠶ᠋ᠢᠨ ᠠᠳᠡᠯ᠎ᠢᠶᠠᠷ ᠰᠡᠷᠡᠮᠵᠢ ᠪᠣᠯᠭᠠᠵᠤ᠂ ᠠᠶᠤᠯ ᠦᠭᠡᠢ ᠦᠢᠯᠡᠳᠪᠦᠷᠢᠯᠡᠯ᠎ᠤᠨ ᠲᠦᠢᠯ᠎ᠤᠨ ᠴᠢᠬᠤᠯᠠ ᠴᠢᠨᠠᠷ᠎ᠢ ᠭᠦᠨᠵᠡᠭᠡᠢ ᠲᠠᠨᠢᠵᠤ᠂ ᠲᠠᠢ᠌ᠪᠤᠷᠰᠢᠬᠤ ᠦᠵᠡᠯ ᠰᠠᠨᠠᠭ᠎ᠠ ᠪᠣᠯᠤᠨ ᠭᠣᠷᠢᠳᠠᠬᠤ ᠰᠡᠳᠭᠢᠴᠡ᠎ᠶ᠋ᠢ ᠡᠷᠡᠰ ᠲᠡᠪᠴᠢᠵᠦ᠍᠂ ᠠᠮᠤᠷ ᠲᠦᠪᠱᠢᠨ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠦᠢᠯᠡᠴᠢᠯᠡᠭᠡ ᠪᠠᠲᠤᠯᠠᠭ᠎ᠠ᠎ᠶ᠋ᠢᠨ ᠪᠦᠬᠦ᠌ ᠶᠠᠪᠤᠴᠠ᠂ ᠡᠯ᠎ᠡ ᠭᠤᠭ᠍ᠴᠤᠭ᠎ᠠ᠎ᠳᠤ ᠲᠤᠭᠤᠰᠢᠯᠠᠭᠤᠯᠬᠤ ᠬᠡᠷᠡᠭ᠌ᠲᠡᠢ᠃ ᠭᠤᠣᠯᠳᠠᠯᠭ᠎ᠠ᠎ᠲᠠᠢ ᠬᠦᠷᠢᠶ᠎ᠡ ᠪᠣᠯᠤᠨ ᠪᠠᠭᠤᠷᠠᠢ ᠭᠤᠭ᠍ᠴᠤᠭ᠎ᠠ᠎ᠶ᠋ᠢ ᠴᠢᠩᠭ᠎ᠠ ᠠᠩᠬᠠᠷᠴᠤ᠌᠂ ᠪᠠᠢᠩᠭᠤ ᠲᠣᠭᠤᠷᠢᠨ ᠪᠠᠢᠴᠠᠭᠠᠬᠤ᠂ ᠳᠦᠷᠢᠮᠵᠢᠭᠦᠯᠦᠨ ᠬᠠᠮᠠᠭᠠᠯᠠᠬᠤ᠂ ᠪᠦᠬᠦ᠌ ᠶᠠᠪᠤᠴᠠ᠎ᠳᠤ ᠴᠢᠩᠭ᠎ᠠ ᠬᠠᠮᠢᠶᠠᠷᠬᠤ᠎ᠪᠠᠷ ᠳᠠᠮᠵᠢᠭᠤᠯᠵᠤ᠂ ᠡᠯ᠎ᠡ ᠭᠤᠭ᠍ᠴᠤᠭ᠎ᠠ᠎ᠶ᠋ᠢᠨ ᠠᠶᠤᠯ ᠲᠦᠭ᠌ᠰᠢᠭᠦᠷᠢ᠎ᠶ᠋ᠢ ᠪᠦᠬᠦᠨ᠎ᠢ ᠬᠠᠮᠤᠷᠤᠨ ᠬᠠᠮᠢᠶᠠᠷᠤᠨ ᠡᠵᠡᠮᠳᠡᠬᠦ᠌ ᠬᠡᠷᠡᠭ᠌ᠲᠡᠢ᠃ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠳᠠᠷᠤᠶ ᠲᠦᠷᠭᠡᠨ ᠬᠥᠳᠡᠯᠦᠯᠴᠡᠵᠦ᠍᠂ ᠲᠣᠰ ᠤᠳᠠᠭᠠᠨ᠎ᠤ ᠥᠪᠡᠰᠦᠪᠡᠨ ᠪᠠᠢᠴᠠᠭᠠᠵᠤ ᠢᠯᠡᠷᠡᠭᠦᠯᠦᠭ᠌ᠰᠡᠨ ᠪᠣᠶ ᠪᠥᠬᠦᠶ ᠠᠰᠠᠭᠤᠳᠠᠯ᠎ᠢ ᠵᠦᠶ᠋ᠯ ᠳᠠᠷᠠᠭᠠᠯᠠᠨ ᠴᠡᠭ᠌ᠴᠡᠯᠡᠨ ᠰᠠᠢᠵᠢᠷᠠᠭᠤᠯᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠶ ᠰᠤᠷᠲᠠᠯ᠎ᠢᠶᠠᠷ ᠲᠣᠰ ᠤᠳᠠᠭᠠᠨ᠎ᠤ ᠬᠤᠷᠠᠯ᠎ᠤᠨ ᠪᠠᠢᠷᠢᠯᠠᠭᠤᠯᠤᠯᠲᠠ᠎ᠶ᠋ᠢ ᠪᠣᠳᠠᠲᠠᠶ ᠠᠵᠢᠯᠯᠠᠭ᠎ᠠ ᠪᠣᠯᠤᠨ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《ᠬᠤᠶᠠᠷ᠎ᠢ ᠬᠠᠮᠠᠭᠠᠯᠠᠬᠤ》 ᠎ᠶ᠋ᠢ ᠦᠶ᠋ᠯᠡᠳᠦᠯᠭᠡᠵᠢᠭᠦᠯᠵᠦ᠍᠂ ᠱᠢᠨ᠎ᠡ ᠨᠢᠭᠡ ᠵᠢᠯ᠎ᠤᠨ ᠡᠯ᠎ᠡ ᠵᠦᠶ᠋ᠯ᠎ᠤᠨ ᠠᠵᠢᠯ᠎ᠤᠨ ᠥᠷᠢᠰᠥᠯᠳᠦᠭᠡᠨ᠎ᠢ ᠤᠭ᠍ᠲᠤᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠶᠡᠷᠦᠩᠬᠡᠢ ᠪᠠᠲᠤᠯᠠᠭ᠎ᠠ᠎ᠶ᠋ᠢᠨ ᠲᠥᠪ