ᠡᠨᠡ ᠵᠢᠯ᠎ᠠᠴᠠ ᠨᠠᠭ᠋ᠠᠰᠢ᠂ ᠪᠠᠢᠭᠠᠯᠢ᠎ᠶ᠋ᠢᠨ ᠡᠬᠢ ᠪᠠᠶᠠᠯᠢᠭ᠎ᠤᠨ ᠪᠠᠢᠳᠠᠯ᠎ᠢ ᠲᠣᠳᠣᠷᠬᠠᠶ ᠣᠢᠯᠠᠭᠠᠵᠤ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ ᠬᠢᠭᠡᠳ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢ ᠲᠤᠯᠭᠠᠭᠤᠷᠢᠯᠠᠬᠤ᠎ᠶ᠋ᠢ ᠠᠬᠢᠭᠤᠯᠬᠤ᠎ᠶ᠋ᠢᠨ ᠲᠥᠯᠥᠭᠡ᠂ ᠤᠯᠠᠭᠠᠨᠴᠠᠪ ᠬᠤᠲᠠ᠎ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠣᠯᠠᠨ ᠠᠷᠭ᠎ᠠ ᠬᠡᠮᠵᠢᠶ᠎ᠡ ᠠᠪᠴᠤ᠌ ᠪᠠᠢᠭᠠᠯᠢ᠎ᠶ᠋ᠢᠨ ᠡᠬᠢ ᠪᠠᠶᠠᠯᠢᠭ᠎ᠢ ᠪᠠᠢᠴᠠᠭᠠᠨ ᠬᠡᠮᠵᠢᠬᠦ᠌ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠬᠤᠱᠢᠭᠤᠨ᠎ᠤ ᠠᠵᠤ ᠠᠬᠤᠶ ᠨᠡᠢᠭᠡᠮ᠎ᠤᠨ ᠬᠥᠭ᠌ᠵᠢᠯᠲᠡ᠎ᠳᠤ ᠬᠦᠴᠦᠲᠡᠶ ᠪᠠᠲᠤᠯᠠᠭ᠎ᠠ ᠬᠠᠩᠭᠠᠪᠠ᠃
ᠶᠠᠰᠤ ᠴᠢᠨᠠᠷ᠎ᠤᠨ ᠬᠠᠮᠢᠶᠠᠷᠤᠯᠲᠠ ᠡᠵᠡᠮᠳᠡᠯ᠎ᠢ ᠴᠢᠩᠭ᠎ᠠ ᠠᠳᠭᠤᠵᠤ᠂ ᠦᠨᠡᠨ᠎ᠠᠴᠠ ᠵᠥᠪ᠎ᠢ ᠡᠷᠢᠵᠦ᠍ ᠪᠠᠢᠴᠠᠭᠠᠯᠲᠠ ᠬᠢᠨ᠎ᠡ᠃ ᠳᠣᠲᠣᠭᠠᠳᠤ ᠭᠠᠳᠠᠭᠠᠳᠤ᠎ᠶ᠋ᠢᠨ ᠠᠵᠢᠯ᠎ᠤᠨ ᠪᠠᠢᠴᠠᠭᠠᠯᠲᠠ᠎ᠶ᠋ᠢ ᠴᠢᠩᠭ᠎ᠠ ᠨᠢᠮᠪᠠᠶ ᠥᠷᠨᠢᠭᠦᠯᠵᠦ᠍᠂ ᠭᠠᠳᠠᠭᠠᠳᠤ ᠦᠢᠯᠡᠰ᠎ᠤᠨ ᠭᠡᠷᠡᠴᠢ ᠭᠠᠷᠭᠠᠬᠤ ᠬᠥᠮᠦᠰ᠎ᠢ ᠬᠢᠨᠠᠨ ᠬᠡᠮᠵᠢᠬᠦ᠌ ᠠᠵᠢᠯ᠎ᠤᠨ ᠴᠢᠬᠤᠯᠠ ᠡᠷᠭᠢᠯᠲᠡ᠎ᠶ᠋ᠢᠨ ᠴᠡᠭ᠎ᠲᠤ ᠣᠯᠠᠨ ᠲᠠᠯ᠎ᠠ᠎ᠶ᠋ᠢᠨ ᠬᠡᠷᠡᠯ ᠵᠢᠷᠤᠭ ᠠᠪᠴᠤ᠌ ᠭᠡᠷᠡᠴᠢ ᠭᠠᠷᠭᠠᠬᠤ᠎ᠶ᠋ᠢ ᠱᠠᠭᠠᠷᠳᠠᠵᠤ᠂ ᠭᠠᠵᠠᠷ᠎ᠤᠨ ᠲᠥᠷᠥᠯ᠎ᠤᠨ ᠪᠣᠳᠠᠲᠠᠶ ᠪᠠᠢᠳᠠᠯ᠎ᠢ ᠪᠦᠷᠢᠮᠦᠰᠦᠨ ᠡᠵᠡᠮᠱᠢᠬᠦ᠌᠎ᠶ᠋ᠢ ᠪᠠᠲᠤᠯᠠᠪᠠ; ᠬᠤᠪᠢᠷᠠᠯᠲᠠ᠎ᠶ᠋ᠢᠨ ᠪᠠᠢᠴᠠᠭᠠᠯᠲᠠ᠎ᠶ᠋ᠢᠨ ᠲᠤᠭ᠎ᠠ ᠪᠠᠷᠢᠮᠲᠠ᠎ᠶ᠋ᠢᠨ ᠶᠠᠰᠤ ᠴᠢᠨᠠᠷ ᠪᠠ ᠠᠵᠢᠯ᠎ᠤᠨ ᠠᠬᠢᠴᠠ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ 《ᠲᠡᠭ᠌ᠷᠢ》 ᠪᠠᠷ ᠵᠠᠩᠭᠢᠯᠠᠭ᠎ᠠ᠎ᠶ᠋ᠢᠨ ᠴᠡᠭ ᠪᠣᠯᠭᠠᠵᠤ᠂ ᠲᠠᠷᠢᠶᠠᠨ ᠭᠠᠵᠠᠷ᠎ᠢ ᠭᠠᠳᠠᠭ᠍ᠰᠢ ᠭᠠᠷᠭᠠᠵᠤ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠢ ᠪᠠᠯᠭᠠᠰᠤ ᠲᠣᠰᠭᠤᠨ᠎ᠳᠤ ᠨᠠᠷᠢᠯᠢᠬ᠍ᠵᠢᠭᠤᠯᠵᠤ᠂ ᠪᠠᠢᠴᠠᠭᠠᠯᠲᠠ᠎ᠶ᠋ᠢᠨ ᠦᠷ᠎ᠡ ᠪᠦᠲᠦᠭᠡᠯ᠎ᠤᠨ ᠦᠨᠡᠨ ᠪᠣᠳᠠᠲᠠᠶ ᠨᠠᠢᠳᠠᠪᠤᠷᠢᠲᠠᠶ ᠪᠠᠢᠬᠤ᠎ᠶ᠋ᠢ ᠦᠨᠡᠨ ᠬᠦ᠌ ᠪᠠᠲᠤᠯᠠᠨ᠎ᠠ; 《 ᠥᠴᠥᠬᠡᠨ ᠴᠦ᠍ ᠨᠠᠢᠷ ᠲᠠᠯᠪᠢᠬᠤ ᠦᠭᠡᠢ 》 ᠪᠠᠢᠬᠤ ᠶ᠋ᠢ ᠪᠠᠷᠢᠮᠲᠠᠯᠠᠨ ᠂ ᠬᠢᠨᠠᠨ ᠪᠠᠢᠴᠠᠭᠠᠭᠠᠳ ᠢᠯᠡᠷᠡᠭᠦᠯᠦᠭᠰᠡᠨ ᠠᠰᠠᠭᠤᠳᠠᠯ᠎ᠳᠤ 《 ᠨᠠᠷᠢᠨ ᠬᠢᠨᠠᠮᠠᠭ᠋ᠠᠢ 》 ᠣᠪᠣᠷ ᠢ᠋ᠶ᠋ᠠᠷ ᠴᠡᠭᠴᠡᠯᠡᠨ ᠥᠭᠡᠷᠡᠴᠢᠯᠡᠬᠦ ᠠᠵᠢᠯ ᠢ᠋ ᠪᠦᠬᠦ ᠶᠠᠪᠤᠴᠠ᠎ᠳᠤ ᠰᠢᠪᠠᠳᠠᠨ ᠨᠠᠢᠳᠠᠪᠤᠷᠢᠵᠢᠭᠤᠯᠵᠤ᠂ ᠭᠠᠵᠠᠷ ᠱᠢᠷᠣᠶ᠂ ᠲᠤᠯᠪᠤ᠎ᠲᠦ ᠵᠢᠷᠤᠭᠢᠶᠠᠷᠪᠠᠢᠴᠠᠭᠠᠨ ᠱᠢᠯᠭᠠᠭ᠍ᠰᠠᠨ ᠲᠤᠭ᠎ᠠ ᠪᠠᠷᠢᠮᠲᠠ᠎ᠶ᠋ᠢᠨ ᠦᠷ᠎ᠡ ᠪᠦᠲᠦᠭᠡᠯ᠎ᠢ ᠢᠮᠠᠭ᠍ᠲᠠ ᠪᠡᠶᠡᠯᠡᠭᠦᠯᠬᠦ᠌ ᠬᠡᠷᠡᠭ᠌ᠲᠡᠶ; ᠡᠳᠦᠷ ᠲᠤᠳᠤᠮ᠎ᠤᠨ ᠬᠤᠪᠢᠷᠠᠯᠲᠠ᠎ᠶ᠋ᠢᠨ ᠪᠠᠢᠴᠠᠭᠠᠯᠲᠠ᠂ 《ᠠᠮᠤ ᠪᠤᠳᠠᠭᠠᠨ᠎ᠤ ᠪᠤᠰᠤ ᠪᠣᠯᠭᠠᠬᠤ》 ᠶ᠋ᠢ ᠴᠡᠭ᠌ᠴᠡᠯᠡᠨ ᠰᠠᠢᠵᠢᠷᠠᠭᠤᠯᠬᠤ᠂ ᠣᠨ᠎ᠤ ᠤᠯᠤᠰ᠎ᠤᠨ ᠭᠠᠵᠠᠷ ᠱᠢᠷᠣᠶ᠎ᠶ᠋ᠢ ᠬᠤᠪᠢᠷᠠᠭᠤᠯᠬᠤ ᠪᠠᠢᠴᠠᠭᠠᠯᠲᠠ ᠵᠡᠷᠭᠡ ᠠᠵᠢᠯ᠎ᠢ ᠴᠢᠨᠠᠷ ᠰᠠᠢᠲᠠᠶ ᠪᠡᠶᠡᠯᠡᠭᠦᠯᠦᠨ᠎ᠡ᠃
ᠦᠷ᠎ᠡ ᠪᠦᠲᠦᠭᠡᠯ᠎ᠤᠨ ᠬᠡᠷᠡᠭ᠌ᠯᠡᠯᠲᠡ᠎ᠶ᠋ᠢ ᠭᠦᠨᠵᠡᠭᠡᠢᠷᠡᠭᠦᠯᠵᠦ᠍᠂ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠎ᠡ᠃ ᠤᠯᠤᠰ᠎ᠤᠨ ᠭᠠᠵᠠᠷ ᠰᠢᠷᠣᠢ᠎ᠶᠢᠨ ᠬᠤᠪᠢᠷᠠᠯᠲᠠ᠎ᠶᠢᠨ ᠪᠠᠢᠴᠠᠭᠠᠯᠲᠠ᠎ᠶᠢᠨ ᠦᠷ᠎ᠡ ᠪᠦᠲᠦᠭᠡᠯ᠎ᠢ ᠭᠦᠢᠴᠡᠳ ᠠᠰᠢᠭ᠍ᠯᠠᠨ᠂ ᠰᠠᠯᠠᠭ᠎ᠠ ᠮᠥᠴᠢᠷ᠎ᠦᠨ ᠬᠠᠮᠢᠶᠠᠷᠤᠯᠲᠠ᠎ᠶᠢᠨ ᠲᠣᠭ᠎ᠠ ᠪᠠᠷᠢᠮᠲᠠ ᠬᠢᠭᠡᠳ ᠪᠠᠢᠴᠠᠭᠠᠯᠲᠠ᠎ᠶᠢᠨ ᠲᠣᠭ᠎ᠠ ᠪᠠᠷᠢᠮᠲᠠ᠎ᠶᠢ ᠣᠷᠭᠠᠨᠢᠭ᠋᠎ᠢᠶᠠᠷ ᠠᠭᠤᠰᠤᠯᠴᠠᠭᠤᠯᠵᠤ᠂ ᠦᠷ᠎ᠡ ᠪᠦᠲᠦᠭᠡᠯ᠎ᠦᠨ ᠬᠡᠷᠡᠭᠯᠡᠭᠡᠨ᠎ᠦ ᠥᠷᠲᠡᠭ᠎ᠢ ᠭᠦᠨ ᠠᠭᠤᠳᠠᠯᠬᠤ ᠳᠡᠭᠡᠷ᠎ᠡ ᠬᠦᠴᠦ ᠲᠠᠯᠪᠢᠵᠤ᠂ ᠭᠠᠵᠠᠷ ᠬᠡᠷᠡᠭᠯᠡᠬᠦ᠎ᠶᠢ ᠤᠷᠢᠳᠴᠢᠯᠠᠨ ᠬᠢᠨᠠᠬᠤ᠂ ᠭᠠᠵᠠᠷ ᠰᠢᠷᠣᠢ ᠲᠠᠲᠠᠪᠤᠷᠢᠯᠠᠬᠤ᠂ ᠪᠠᠢᠭᠠᠯᠢ᠎ᠶᠢᠨ ᠡᠬᠢ ᠪᠠᠶᠠᠯᠢᠭ᠋᠎ᠤᠨ 《 ᠨᠢᠭᠡ ᠵᠢᠷᠤᠭ》 ᠵᠡᠷᠭᠡ ᠲᠤᠬᠠᠢᠯᠠᠭᠰᠠᠨ ᠠᠵᠢᠯ᠎ᠳᠤ ᠪᠥᠬᠥ ᠲᠠᠯ᠎ᠠ᠎ᠪᠠᠷ ᠬᠡᠷᠡᠭᠯᠡᠵᠦ᠂ ᠬᠢᠨᠠᠨ ᠵᠥᠪᠰᠢᠶᠡᠷᠡᠬᠦ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠦᠨ᠎ᠡ; ᠪᠠᠢᠴᠠᠭᠠᠯᠲᠠ᠎ᠶ᠋ᠢᠨ ᠦᠷ᠎ᠡ ᠪᠦᠲᠦᠭᠡᠯ᠎ᠤᠨ ᠲᠤᠭ᠎ᠠ ᠪᠠᠷᠢᠮᠲᠠ᠎ᠶ᠋ᠢ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠂ ᠲᠠᠷᠢᠶᠠᠨ ᠭᠠᠵᠠᠷ᠎ᠢ ᠬᠠᠮᠠᠭᠠᠯᠠᠬᠤ᠂ ᠪᠠᠢᠭᠠᠯᠢ᠎ᠶ᠋ᠢᠨ ᠡᠬᠢ ᠪᠠᠶᠠᠯᠢᠭ ᠡᠳ᠋ ᠬᠥᠷᠥᠩᠭᠡ᠎ᠶ᠋ᠢ ᠢᠯᠭᠠᠷᠠᠭᠤᠯᠤᠨ ᠪᠠᠢᠴᠠᠭᠠᠬᠤ᠂ ᠪᠠᠢᠭᠠᠯᠢ᠎ᠶ᠋ᠢᠨ ᠡᠬᠢ ᠪᠠᠶᠠᠯᠢᠭ᠎ᠢ ᠨᠢᠭᠡᠳᠦᠯᠲᠡᠶ ᠨᠤᠲᠠᠯᠠᠨ ᠲᠣᠭ᠍ᠲᠠᠭᠠᠵᠤ ᠳᠠᠩᠰᠠᠯᠠᠬᠤ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠠᠮᠢ ᠠᠬᠤᠶ᠎ᠶ᠋ᠢ ᠰᠡᠷᠭᠦᠭᠡᠬᠦ᠂ ᠭᠠᠵᠠᠷ ᠱᠢᠷᠣᠶ᠎ᠶ᠋ᠢᠨ ᠠᠯᠤᠰ ᠰᠡᠷᠡᠯ᠎ᠤᠨ ᠵᠢᠷᠤᠭ᠎ᠢᠶᠠᠷ ᠬᠠᠤᠯᠢ ᠬᠡᠷᠡᠭ᠌ᠵᠢᠭᠦᠯᠬᠦ᠌ ᠵᠡᠷᠭᠡ ᠣᠯᠠᠨ ᠵᠦᠢᠯ᠎ᠤᠨ ᠠᠵᠢᠯ᠎ᠳᠤ ᠬᠡᠷᠡᠭ᠌ᠯᠡᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠢ ᠥᠨᠳᠥᠷ ᠦᠷ᠎ᠡ ᠪᠦᠲᠦᠮᠵᠢ᠎ᠲᠠᠢ ᠪᠣᠯᠭᠠᠬᠤ᠂ ᠨᠠᠷᠢᠯᠢᠭ ᠣᠨᠣᠴᠠᠲᠠᠶ ᠬᠠᠮᠢᠶᠠᠷᠬᠤ᠎ᠳᠤ ᠲᠤᠭ᠎ᠠ ᠪᠠᠷᠢᠮᠲᠠ᠎ᠶ᠋ᠢᠨ ᠲᠤᠯᠭᠠᠭᠤᠷᠢᠯᠠᠯ ᠬᠠᠩᠭᠠᠨ᠎ᠠ; ᠡᠩ᠎ᠤᠨ ᠲᠣᠭᠤᠷᠢᠨ ᠪᠠᠢᠴᠠᠭᠠᠵᠤ ᠬᠢᠨᠠᠨ ᠬᠡᠮᠵᠢᠭ᠌ᠰᠡᠨ ᠦᠷ᠎ᠡ ᠪᠦᠲᠦᠭᠡᠯ᠎ᠢ ᠣᠨ᠎ᠤ ᠬᠤᠪᠢᠷᠠᠯᠲᠠ᠎ᠶ᠋ᠢᠨ ᠪᠠᠢᠴᠠᠭᠠᠯᠲᠠ᠎ᠳᠤ ᠣᠷᠣᠭᠤᠯᠵᠤ᠂ 《ᠤᠯᠤᠰ᠎ᠤᠨ ᠭᠠᠵᠠᠷ ᠱᠢᠷᠣᠶ᠎ᠶ᠋ᠢᠨ ᠪᠠᠢᠴᠠᠭᠠᠯᠲᠠ᠎ᠶ᠋ᠢᠨ ᠡᠭᠦᠯᠡᠨ》 ᠲᠠᠪᠴᠠᠩ᠎ᠢᠶᠠᠷ ᠳᠠᠮᠵᠢᠭᠤᠯᠤᠨ ᠭᠠᠳᠠᠭᠠᠳᠤ ᠦᠢᠯᠡᠰ᠎ᠤᠨ ᠭᠡᠷᠡᠴᠢ ᠭᠠᠷᠭᠠᠵᠤ ᠬᠠᠮᠲᠤ᠎ᠪᠠᠷ ᠡᠳ᠋ᠯᠡᠬᠦ᠌᠎ᠶ᠋ᠢ ᠪᠡᠶᠡᠯᠡᠭᠦᠯᠵᠦ᠍᠂ ᠵᠢᠯ᠎ᠤᠨ ᠡᠴᠦᠰ᠎ᠲᠤ ᠲᠥᠪᠯᠡᠷᠡᠭᠦᠯᠦᠨ ᠬᠤᠪᠢᠷᠠᠭᠤᠯᠬᠤ ᠳᠠᠷᠤᠯᠲᠠ᠎ᠶ᠋ᠢ ᠨᠠᠮᠳᠠᠭᠤᠯᠤᠨ᠎ᠠ᠃
ᠲᠤᠬᠠᠢᠯᠠᠭ᠍ᠰᠠᠨ ᠠᠵᠢᠯ᠎ᠤᠨ ᠮᠡᠳᠡᠯᠭᠡ᠎ᠶ᠋ᠢ ᠨᠠᠷᠢᠨ ᠰᠤᠳᠤᠯᠵᠤ᠂ ᠠᠵᠢᠯ᠎ᠤᠨ ᠬᠠᠮᠲᠤᠷᠠᠯ᠎ᠤᠨ ᠬᠦᠴᠦᠨ᠎ᠢ ᠨᠢᠭ᠍ᠲᠠᠷᠠᠭᠤᠯᠤᠨ᠎ᠠ᠃ ᠰᠤᠷᠤᠯᠴᠠᠨ ᠳᠡᠭᠡᠭ᠌ᠰᠢᠯᠡᠭᠦᠯᠬᠦ᠌᠎ᠶ᠋ᠢ ᠴᠢᠬᠤᠯᠠᠴᠢᠯᠠᠵᠤ᠂ 《ᠰᠦᠯᠵᠢᠶᠡᠨ ᠳᠡᠭᠡᠷ᠎ᠡ + ᠰᠦᠯᠵᠢᠶᠡᠨ᠎ᠤ ᠭᠠᠳᠠᠭᠤᠷᠬᠢ》 ᠪᠡᠶ᠎ᠡ᠎ᠪᠠᠨ ᠳᠠᠭᠠᠭᠠᠵᠤ ᠰᠤᠷᠤᠯᠴᠠᠬᠤ᠂ 《ᠤᠯᠠᠮᠵᠢᠯᠠᠬᠤ ᠬᠠᠪᠰᠤᠷᠬᠤ ᠳᠠᠭᠠᠭᠤᠯᠬᠤ》 ᠰᠤᠷᠤᠯᠴᠠᠯᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠲᠤᠬᠠᠢᠯᠠᠭ᠍ᠰᠠᠨ ᠠᠵᠢᠯ᠎ᠤᠨ ᠰᠣᠯᠢᠯᠴᠠᠭ᠎ᠠ᠎ᠶ᠋ᠢ ᠴᠢᠩᠭᠠᠳᠭᠠᠨ᠂ ᠪᠠᠢᠴᠠᠭᠠᠯᠲᠠ᠎ᠶ᠋ᠢᠨ ᠡᠩᠨᠡᠭᠡ᠎ᠶ᠋ᠢᠨ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠶ᠋ᠢᠨ ᠬᠢᠷᠢ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃ 《ᠨᠢᠭᠡ ᠬᠥᠯᠭᠡ ᠱᠢᠲᠠᠷ᠎ᠠ》 ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠨ᠂ ᠲᠠᠷᠢᠶᠠᠯᠠᠭ᠎ᠠ᠎ᠶᠢᠨ ᠬᠠᠮᠠᠭᠠᠯᠠᠯᠲᠠ᠂ ᠬᠠᠤᠯᠢ ᠬᠡᠷᠡᠭ᠌ᠵᠢᠭᠦᠯᠬᠦ᠂ ᠥᠯᠥ᠍ ᠬᠥᠳᠡᠯᠬᠦ᠌ ᠬᠥᠷᠥᠩᠭᠡ ᠵᠡᠷᠭᠡ ᠲᠤᠬᠠᠢᠯᠠᠭ᠍ᠰᠠᠨ ᠠᠵᠢᠯ᠎ᠤᠨ ᠰᠠᠯᠠᠭ᠎ᠠ ᠠᠯᠪᠠᠨ ᠲᠠᠰᠤᠭ᠎ᠤᠨ ᠬᠠᠷᠢᠯᠴᠠᠨ ᠬᠠᠮᠵᠢᠯᠴᠠᠬᠤ᠎ᠶ᠋ᠢ ᠴᠢᠩᠭᠠᠳᠭᠠᠵᠤ᠂ ᠣᠨ᠎ᠤ ᠤᠯᠤᠰ᠎ᠤᠨ ᠭᠠᠵᠠᠷ ᠱᠢᠷᠣᠶ᠎ᠶ᠋ᠢ ᠬᠤᠪᠢᠷᠠᠭᠤᠯᠤᠭ᠍ᠰᠠᠨ ᠪᠠᠢᠴᠠᠭᠠᠯᠲᠠ᠎ᠶ᠋ᠢᠨ ᠠᠵᠢᠯ᠎ᠤᠨ ᠱᠠᠭᠠᠷᠳᠠᠯᠭ᠎ᠠ ᠪᠠ ᠠᠢᠵᠠᠮ᠎ᠤᠨ ᠶᠣᠰᠣᠭᠠᠷ ᠨᠢᠭᠡᠳᠦᠯᠲᠡᠶ ᠠᠬᠢᠭᠤᠯᠵᠤ᠂ ᠠᠵᠢᠯ᠎ᠢ ᠥᠨᠳᠥᠷ ᠪᠦᠲᠦᠮᠵᠢᠲᠡᠶ ᠠᠬᠢᠭᠤᠯᠵᠤ᠂ ᠴᠢᠨᠠᠷ ᠰᠠᠢᠲᠠᠶ ᠪᠡᠶᠡᠯᠡᠭᠦᠯᠬᠦ᠌᠎ᠶ᠋ᠢ ᠠᠬᠢᠭᠤᠯᠤᠨ᠎ᠠ᠃
ᠤᠯᠠᠭᠠᠨᠴᠠᠪ ᠬᠤᠲᠠ᠎ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ 2025 ᠣᠨ᠎ᠤ ᠤᠯᠤᠰ᠎ᠤᠨ ᠭᠠᠵᠠᠷ ᠱᠢᠷᠣᠶ᠎ᠶ᠋ᠢ ᠬᠤᠪᠢᠷᠠᠭᠤᠯᠬᠤ ᠪᠠᠢᠴᠠᠭᠠᠯᠲᠠ ᠵᠢᠴᠢ ᠡᠯ᠎ᠡ ᠲᠥᠷᠥᠯ᠎ᠤᠨ ᠪᠠᠢᠭᠠᠯᠢ᠎ᠶ᠋ᠢᠨ ᠡᠬᠢ ᠪᠠᠶᠠᠯᠢᠭ᠎ᠢ ᠪᠠᠢᠴᠠᠭᠠᠨ ᠬᠡᠮᠵᠢᠵᠦ᠍ ᠦᠨᠡᠯᠡᠬᠦ᠌ ᠠᠵᠢᠯ᠎ᠢ ᠭᠦᠨᠵᠡᠭᠡᠶ ᠠᠬᠢᠭᠤᠯᠵᠤ᠂ ᠦᠷ᠎ᠡ ᠪᠦᠲᠦᠭᠡᠯ᠎ᠤᠨ ᠲᠤᠭ᠎ᠠ ᠪᠠᠷᠢᠮᠲᠠ᠎ᠶ᠋ᠢᠨ ᠦᠨᠡᠨ ᠪᠣᠳᠠᠲᠠᠶ ᠣᠨᠣᠪᠴᠢᠲᠠᠶ ᠪᠠᠢᠬᠤ᠎ᠶ᠋ᠢ ᠦᠨᠡᠨ ᠬᠦ᠌ ᠪᠠᠲᠤᠯᠠᠵᠤ᠂ ᠲᠠᠷᠢᠶᠠᠨ ᠭᠠᠵᠠᠷ᠎ᠢ ᠬᠠᠮᠠᠭᠠᠯᠠᠬᠤ ᠪᠠ ᠠᠮᠤ ᠪᠤᠳᠠᠭᠠᠨ᠎ᠤ ᠠᠮᠤᠷ ᠲᠦᠪᠱᠢᠨ᠎ᠢ ᠴᠢᠩᠭ᠎ᠠ ᠨᠠᠢᠳᠠᠪᠤᠷᠢᠵᠢᠭᠤᠯᠬᠤ᠂ ᠭᠠᠵᠠᠷ ᠬᠡᠷᠡᠭ᠌ᠯᠡᠬᠦ᠌ ᠡᠯᠧᠮᠧᠨ᠋ᠲ᠎ᠤᠨ ᠪᠠᠲᠤᠯᠠᠭ᠎ᠠ᠎ᠶ᠋ᠢ ᠰᠠᠢᠲᠤᠷ ᠬᠢᠬᠦ᠌᠎ᠳᠤ ᠰᠠᠭᠤᠷᠢ ᠲᠤᠯᠭᠠᠭᠤᠷᠢᠯᠠᠯ ᠬᠠᠩᠭᠠᠵᠤ᠂ ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠨᠡᠢᠭᠡᠮ ᠠᠵᠤ ᠠᠬᠤᠶ᠎ᠶ᠋ᠢᠨ ᠬᠥᠭ᠌ᠵᠢᠯᠲᠡ᠎ᠳᠤ ᠦᠢᠯᠡᠴᠢᠯᠡᠭᠡᠨ᠎ᠤ ᠪᠠᠲᠤᠯᠠᠭ᠎ᠠ ᠬᠠᠩᠭᠠᠨ᠎ᠠ᠃