ᠤᠯᠠᠭᠠᠨᠬᠠᠳᠠ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠰᠦᠩᠱᠠᠨ ᠲᠣᠭᠤᠷᠢᠭ᠎ᠤᠨ ᠬᠤᠪᠢᠶᠠᠷᠢ ᠲᠣᠪᠴᠢᠶ᠎ᠠ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠲᠡᠦᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠬᠦ᠌᠎ᠶ᠋ᠢ ᠳᠥᠯᠭᠢᠨ ᠠᠬᠢᠭᠤᠯᠪᠠ
2025-11-14

  ᠤᠯᠠᠭᠠᠨᠬᠠᠳᠠ ᠬᠤᠳᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠰᠦᠩᠱᠠᠨ ᠲᠣᠭᠤᠷᠢᠭ᠎ᠤᠨ ᠬᠤᠪᠢᠶᠠᠷᠢ ᠲᠤᠪᠴᠢᠶ᠎ᠠ 《 ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ 》ᠭᠡᠬᠦ᠌ ᠤᠢ᠍ᠢᠯᠠᠭᠠᠭ᠍ᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ᠍᠂ ᠠᠭᠤᠷᠬᠠᠢ᠎ᠶ᠋ᠢᠨ ᠠᠮᠢ ᠠᠬᠤᠢ᠎ᠶ᠋ᠢᠨ ᠰᠡᠷᠭᠦᠭᠡᠯᠲᠡ᠎ᠶ᠋ᠢ ᠦᠷᠭᠦᠯᠵᠢᠯᠡᠨ ᠠᠬᠢᠭᠤᠯᠵᠤ᠂ ᠠᠭᠤᠷᠬᠠᠢ᠎ᠶ᠋ᠢᠨ 《ᠶᠠᠷ᠎ᠠ ᠱᠢᠷᠬ᠎ᠠ》᠎ᠶ᠋ᠢ ᠬᠥᠬᠡᠮᠳᠦᠭ ᠨᠣᠭᠤᠭᠠᠨ ᠠᠭᠤᠯᠠ ᠤᠰᠤ ᠪᠣᠯᠭᠠᠨ ᠬᠤᠪᠢᠷᠠᠭᠤᠯᠵᠤ᠂ ᠣᠷᠣᠨ ᠪᠦᠰᠡ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠤ ᠠᠮᠢ ᠠᠬᠤᠢ᠎ᠶ᠋ᠢᠨ ᠰᠠᠭᠤᠷᠢ᠎ᠶ᠋ᠢ ᠪᠠᠲᠤᠳᠭᠠᠬᠤ᠎ᠪᠠᠷ ᠴᠢᠷᠮᠠᠢᠨ᠎ᠠ᠃

  ᠨᠠᠷᠢᠯᠢᠭ ᠣᠨᠣᠪᠴᠢᠲᠠᠢ ᠲᠥᠯᠥᠪᠵᠢᠭᠦᠯᠵᠦ᠍᠂ ᠠᠮᠢ ᠠᠬᠤᠢ᠎ᠶᠢ ᠵᠠᠰᠠᠨ ᠰᠡᠷᠭᠦᠭᠡᠬᠦ᠌ ᠠᠵᠢᠯ᠎ᠦᠨ 《 ᠤᠷᠢᠳᠠᠴᠢ ᠱᠢᠲᠠᠷ᠎ᠠ 》᠎ᠶ᠋ᠢ ᠰᠠᠢᠲᠤᠷ ᠶᠠᠪᠤᠨ᠎ᠠ᠃ ᠵᠢᠯᠣᠭᠤᠴᠢ ᠥᠬᠡᠶ ᠨᠢᠰᠭᠡᠯ᠎ᠤᠨ ᠠᠭᠠᠷ᠎ᠠᠴᠠ ᠰᠡᠭᠦᠳᠡᠷᠯᠡᠬᠦ᠌ ᠪᠠ ᠲᠤᠬᠠᠶ᠎ᠶ᠋ᠢᠨ ᠭᠠᠵᠠᠷ᠎ᠲᠤ ᠨᠢ ᠬᠠᠷᠭᠤᠭᠤᠯᠤᠨ ᠪᠠᠢᠴᠠᠭᠠᠬᠤ ᠵᠡᠷᠭᠡ ᠠᠷᠭ᠎ᠠ ᠮᠠᠶᠢᠭ᠎ᠢ ᠶᠡᠷᠦᠩᠬᠡᠢᠯᠡᠨ ᠬᠡᠷᠡᠭ᠌ᠯᠡᠵᠦ᠍᠂ ᠰᠦᠩᠱᠠᠨ ᠲᠣᠭᠤᠷᠢᠭ᠎ᠤᠨ ᠲᠡᠤᠬᠡᠨ᠎ᠠᠴᠠ ᠦᠯᠡᠳᠡᠭ᠌ᠳᠡᠵᠦ᠍ ᠢᠷᠡᠭ᠌ᠰᠡᠨ ᠠᠭᠤᠷᠬᠠᠶ᠎ᠳᠤ 《ᠲᠣᠤᠷ ᠲᠠᠲᠠᠬᠤ ᠮᠠᠶᠢᠭ 》᠎ᠤᠨ ᠪᠠᠢᠳᠠᠯ᠎ᠢ ᠣᠢᠯᠠᠭᠠᠬᠤ ᠪᠠᠢᠴᠠᠭᠠᠯᠲᠠ᠎ᠶ᠋ᠢ ᠥᠷᠨᠢᠭᠦᠯᠵᠦ᠍᠂ ᠬᠠᠶᠠᠭ᠍ᠳᠠᠮᠠᠯ ᠠᠭᠤᠷᠬᠠᠶ᠎ᠶ᠋ᠢᠨ ᠲᠤᠭ᠎ᠠ ᠬᠡᠮᠵᠢᠶ᠎ᠡ᠂ ᠣᠷᠣᠨ ᠵᠠᠶ᠎ᠶ᠋ᠢᠨ ᠲᠠᠷᠬᠠᠯᠲᠠ᠂ ᠭᠠᠵᠠᠷ ᠱᠢᠷᠣᠶ᠎ᠶ᠋ᠢᠨ ᠡᠪᠳᠡᠭ᠌ᠳᠡᠭ᠌ᠰᠡᠨ ᠪᠠᠢᠳᠠᠯ ᠵᠢᠴᠢ ᠡᠷᠬᠡ᠎ᠶ᠋ᠢᠨ ᠬᠠᠷᠢᠶᠠᠯᠠᠯ ᠵᠡᠷᠭᠡ ᠮᠡᠳᠡᠭᠡ ᠵᠠᠩᠭᠢ᠎ᠶ᠋ᠢ ᠪᠥᠬᠦ᠌ ᠲᠠᠯ᠎ᠠ᠎ᠪᠠᠷ ᠡᠵᠡᠮᠱᠢᠵᠦ᠍᠂ ᠲᠡᠦᠬᠡᠨ᠎ᠠᠴᠠ ᠦᠯᠡᠳᠡᠭ᠌ᠳᠡᠵᠦ᠍ ᠢᠷᠡᠭ᠌ᠰᠡᠨ 42 ᠠᠭᠤᠷᠬᠠᠶ᠎ᠶ᠋ᠢᠨ ᠵᠢᠷᠤᠭ᠎ᠤᠨ ᠲᠣᠯᠪᠤ᠎ᠶ᠋ᠢ ᠬᠠᠮᠤᠷᠤᠭ᠍ᠰᠠᠨ ᠨᠠᠷᠢᠯᠢᠭ ᠣᠨᠣᠪᠴᠢᠲᠠᠢ ᠡᠬᠡ ᠲᠠᠩᠰᠠ᠎ᠶ᠋ᠢ ᠪᠠᠢᠭᠤᠯᠪᠠ᠃ ᠬᠤᠭᠤᠴᠠᠭᠠᠨ᠎ᠤ ᠠᠭᠤᠷᠬᠠᠶ᠎ᠶ᠋ᠢ ᠵᠢᠯᠣᠭᠤᠳᠴᠤ᠌ ᠪᠠᠢᠭᠠᠳ ᠱᠠᠭᠠᠷᠳᠠᠯᠭ᠎ᠠ ᠶᠣᠰᠣᠭᠠᠷ 《 ᠠᠭᠤᠷᠬᠠᠶ᠎ᠶ᠋ᠢᠨ ᠭᠠᠵᠠᠷ᠎ᠤᠨ ᠣᠷᠴᠢᠨ ᠲᠣᠭᠤᠷᠢᠨ᠎ᠢ ᠰᠡᠷᠭᠦᠭᠡᠨ ᠵᠠᠰᠠᠬᠤ ᠪᠠ ᠭᠠᠵᠠᠷ ᠱᠢᠷᠣᠶ᠎ᠶ᠋ᠢ ᠳᠠᠬᠢᠨ ᠬᠠᠭᠠᠯᠪᠤᠷᠢᠯᠠᠬᠤ ᠲᠥᠰᠦᠯ 》 ᠵᠢᠴᠢ 《 ᠠᠭᠤᠷᠬᠠᠶ᠎ᠶ᠋ᠢᠨ ᠣᠨ᠎ᠤ ᠵᠠᠰᠠᠬᠤ ᠲᠥᠯᠥᠪᠯᠡᠭᠡ᠎ᠶ᠋ᠢᠨ ᠪᠢᠴᠢᠭ 》᠎ᠢ ᠨᠠᠢᠷᠠᠭᠤᠯᠤᠨ ᠵᠣᠬᠢᠶᠠᠵᠤ᠂ ᠵᠠᠰᠠᠬᠤ ᠠᠵᠢᠯ᠎ᠤᠨ ᠡᠮᠬᠢ ᠵᠢᠷᠤᠮ᠎ᠲᠠᠢ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

  ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠵᠠᠰᠠᠨ ᠰᠡᠷᠭᠦᠭᠡᠬᠦ᠌ 《ᠪᠣᠭᠤᠮᠲᠠ ᠱᠢᠪᠲᠤᠯᠬᠤ ᠪᠠᠢᠯᠳᠤᠭᠠᠨ 》᠎ᠢ ᠰᠠᠢᠲᠤᠷ ᠬᠢᠨ᠎ᠡ᠃ 《ᠣᠢᠵᠢᠭᠤᠯᠬᠤ᠎ᠳᠤ ᠲᠣᠬᠢᠷᠠᠮᠵᠢᠲᠠᠢ ᠪᠣᠯ ᠣᠢᠵᠢᠭᠤᠯᠵᠤ᠂ ᠲᠠᠷᠢᠶᠠᠯᠠᠬᠤ᠎ᠳᠤ ᠲᠣᠬᠢᠷᠠᠮᠵᠢᠲᠠᠢ ᠪᠣᠯ ᠲᠠᠷᠢᠶᠠᠯᠠᠵᠤ᠂ ᠡᠪᠡᠰᠦ ᠲᠠᠷᠢᠬᠤ᠎ᠳᠤ ᠲᠣᠬᠢᠷᠠᠮᠵᠢᠲᠠᠢ ᠪᠣᠯ ᠡᠪᠡᠰᠦ ᠲᠠᠷᠢᠬᠤ 》 ᠵᠠᠷᠴᠢᠮ᠎ᠢ ᠪᠠᠷᠢᠮᠲᠠᠯᠠᠵᠤ᠂ ᠠᠭᠤᠷᠬᠠᠢ᠎ᠶ᠋ᠢᠨ ᠭᠠᠵᠠᠷ ᠵᠦᠢ᠎ᠶ᠋ᠢᠨ ᠣᠷᠣᠨ ᠪᠠᠢᠷᠢ᠂ ᠪᠠᠢᠭᠠᠯᠢ᠎ᠶ᠋ᠢᠨ ᠨᠥᠬᠦᠴᠡᠯ ᠵᠢᠴᠢ ᠠᠮᠢ ᠠᠬᠤᠢ᠎ᠶ᠋ᠢᠨ ᠠᠰᠠᠭᠤᠳᠠᠯ᠎ᠲᠠᠢ ᠤᠶᠠᠯᠳᠤᠭᠤᠯᠵᠤ᠂ ᠭᠠᠵᠠᠷ ᠣᠷᠣᠨ᠎ᠤ ᠪᠠᠢᠳᠠᠯ᠎ᠳᠤ᠎ᠪᠠᠨ ᠲᠤᠬᠢᠷᠠᠭᠤᠯᠤᠨ ᠵᠠᠰᠠᠬᠤ ᠲᠥᠰᠦᠯ᠎ᠢ ᠲᠣᠭ᠍ᠲᠠᠭᠠᠵᠤ᠂ 《 ᠨᠢᠭᠡ ᠵᠢᠷᠤᠭ ᠲᠣᠯᠪᠣ ᠨᠢᠭᠡ ᠠᠷᠭ᠎ᠠ ᠪᠣᠳᠣᠯᠭ᠎ᠠ 》᠎ᠶ᠋ᠢ ᠬᠡᠷᠡᠭ᠌ᠵᠢᠭᠦᠯᠵᠦ᠍ ᠠᠮᠢ ᠠᠬᠤᠢ᠎ᠶ᠋ᠢᠨ ᠰᠡᠷᠭᠦᠭᠡᠯᠲᠡ᠎ᠶ᠋ᠢ ᠠᠬᠢᠭᠤᠯᠪᠠ᠃ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠵᠤ᠂ ᠠᠭᠤᠷᠬᠠᠶ᠎ᠶ᠋ᠢᠨ ᠠᠵᠤ ᠠᠬᠤᠢᠯᠠᠯ᠎ᠢ ᠱᠢᠮᠳᠠᠭᠤᠯᠵᠤ ᠪᠠᠢᠭᠠᠳ ᠣᠨ᠎ᠤ ᠵᠠᠰᠠᠬᠤ ᠡᠭᠦᠷᠭᠡ᠎ᠶ᠋ᠢ ᠬᠤᠭᠤᠴᠠᠭ᠎ᠠ ᠶᠣᠰᠣᠭᠠᠷ ᠪᠡᠶᠡᠯᠡᠭᠦᠯᠬᠦ᠌᠎ᠶ᠋ᠢ ᠱᠢᠪᠡᠳᠡᠵᠦ᠍᠂ ᠲᠥᠷᠥᠯ ᠬᠤᠪᠢᠶᠠᠨ ᠬᠠᠮᠢᠶᠠᠷᠴᠤ᠌᠂ ᠬᠥᠳᠡᠯᠦᠩᠭᠦᠶ᠎ᠪᠠᠷ ᠮᠥᠷᠳᠡᠨ᠂ ᠲᠥᠷᠥᠯ ᠵᠦᠢᠯ᠎ᠢ ᠴᠠᠭ ᠲᠤᠬᠠᠶ᠎ᠳᠤ ᠨᠢ ᠤᠷᠢᠳᠴᠢᠯᠠᠨ ᠰᠡᠷᠡᠮᠵᠢᠯᠡᠭᠦᠯᠬᠦ᠌᠎ᠶ᠋ᠢᠨ ᠬᠠᠮᠲᠤ ᠮᠥᠷᠳᠡᠨ ᠱᠢᠪᠡᠳᠡᠨ ᠱᠢᠢᠳᠪᠦᠷᠢᠯᠡᠭᠦᠯᠦᠨ᠎ᠡ᠃

  ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠵᠤ᠂ ᠪᠣᠬᠢᠷᠲᠤᠯ ᠥᠬᠡᠶ ᠠᠭᠤᠷᠬᠠᠶ᠎ᠶ᠋ᠢᠨ 《ᠭᠠᠯ᠎ᠢ ᠰᠡᠷᠭᠡᠢᠯᠡᠬᠦ᠌ ᠬᠡᠷᠡᠮ 》᠎ᠢ ᠪᠠᠲᠤ ᠴᠣᠭ᠍ᠴᠠᠯᠠᠨ᠎ᠠ᠃ ᠨᠢᠭᠡᠨᠲᠡ ᠴᠣᠬᠤᠯᠠᠪᠤᠷᠢᠯᠠᠨ ᠬᠠᠷᠢᠭᠤᠯᠤᠭ᠍ᠰᠠᠨ ᠰᠡᠷᠭᠦᠭᠡᠨ ᠵᠠᠰᠠᠬᠤ ᠲᠥᠰᠦᠯ᠎ᠲᠠᠢ ᠤᠶᠠᠯᠳᠤᠭᠤᠯᠤᠨ᠂ ᠲᠥᠷᠥᠯ ᠵᠦᠢᠯ᠎ᠤᠨ ᠣᠷᠣᠨ᠎ᠤ ᠨᠠᠯᠠᠤ᠎ᠶ᠋ᠢ ᠪᠠᠭᠤᠷᠠᠭᠤᠯᠬᠤ᠂ ᠱᠢᠷᠣᠶ ᠬᠤᠴᠢᠬᠤ᠂ ᠤᠷᠭᠤᠮᠠᠯ᠎ᠤᠨ ᠬᠤᠴᠢᠯᠭ᠎ᠠ᠎ᠶ᠋ᠢ ᠰᠡᠷᠭᠦᠭᠡᠬᠦ᠌ ᠵᠡᠷᠭᠡ ᠭᠤᠭ᠍ᠴᠤᠭ᠎ᠠ᠎ᠶ᠋ᠢ ᠲᠤᠬᠠᠶ᠎ᠶ᠋ᠢᠨ ᠭᠠᠵᠠᠷ᠎ᠲᠤ ᠨᠢ ᠬᠠᠷᠭᠤᠭᠤᠯᠤᠨ ᠪᠠᠢᠴᠠᠭᠠᠵᠤ᠂ ᠵᠢᠷᠤᠭ ᠲᠥᠯᠥᠪᠯᠡᠭᠡ᠎ᠶ᠋ᠢᠨ ᠱᠠᠭᠠᠷᠳᠠᠯᠭ᠎ᠠ ᠶᠣᠰᠣᠭᠠᠷ ᠵᠠᠰᠠᠬᠤ᠂ ᠪᠠᠷᠢᠯᠭ᠎ᠠ ᠪᠠᠷᠢᠬᠤ᠎ᠨᠢ ᠵᠢᠷᠤᠮᠵᠢᠯ ᠦᠭᠡᠢ ᠠᠵᠤ ᠠᠬᠤᠢᠯᠠᠯ᠎ᠢ ᠵᠠᠷᠯᠢᠭ᠍ᠳᠠᠵᠤ ᠪᠠᠢᠭᠠᠳ ᠴᠡᠭ᠌ᠴᠡᠯᠡᠨ ᠰᠠᠢᠵᠢᠷᠠᠭᠤᠯᠤᠨ᠎ᠠ᠃ ᠨᠢᠭᠡᠨᠲᠡ ᠵᠠᠰᠠᠨ ᠰᠡᠷᠭᠦᠭᠡᠭ᠌ᠰᠡᠨ ᠣᠷᠣᠨ ᠪᠦᠰᠡ᠎ᠶ᠋ᠢᠨ ᠬᠠᠮᠢᠶᠠᠷᠴᠤ᠌ ᠬᠠᠮᠠᠭᠠᠯᠠᠬᠤ ᠭᠤᠤᠯ ᠴᠣᠭ᠍ᠴᠠ ᠬᠢᠭᠡᠳ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠲᠣᠭ᠍ᠲᠠᠮᠠᠯ ᠬᠤᠭᠤᠴᠠᠭ᠎ᠠ᠎ᠲᠠᠢ᠎ᠪᠠᠷ 《ᠡᠷᠬᠢᠨ ᠬᠠᠷᠠᠬᠤ 》 ᠲᠣᠭᠤᠷᠢᠨ ᠪᠠᠢᠴᠠᠭᠠᠯᠲᠠ᠎ᠶ᠋ᠢ ᠥᠷᠨᠢᠭᠦᠯᠦᠨ᠎ᠡ᠃ ᠡᠭᠦᠨ᠎ᠤ ᠬᠠᠮᠲᠤ ᠬᠠᠤᠯᠢ ᠬᠡᠷᠡᠭ᠌ᠵᠢᠭᠦᠯᠦᠯᠲᠡ᠎ᠳᠤ ᠬᠢᠨᠠᠯᠲᠠ ᠲᠠᠯᠪᠢᠬᠤ ᠡᠷᠴᠢᠮ᠎ᠢᠶᠠᠨ ᠴᠢᠩᠭᠠᠷᠠᠭᠤᠯᠵᠤ᠂ ᠱᠢᠨ᠎ᠡ᠎ᠪᠡᠷ ᠨᠡᠮᠡᠭ᠌ᠳᠡᠬᠦ᠌ ᠬᠠᠤᠯᠢ ᠪᠤᠰᠤ᠎ᠪᠠᠷ ᠨᠡᠭᠡᠭᠡᠨ ᠮᠠᠯᠲᠠᠬᠤ ᠪᠠ ᠠᠮᠢ ᠠᠬᠤᠶ᠎ᠶ᠋ᠢ ᠡᠪᠳᠡᠬᠦ᠌ ᠦᠢᠯᠡ ᠠᠵᠢᠯᠯᠠᠭ᠎ᠠ᠎ᠶ᠋ᠢ ᠡᠷᠡᠰ ᠬᠤᠷᠢᠭ᠍ᠯᠠᠵᠤ᠂ ᠵᠠᠰᠠᠨ ᠰᠡᠷᠭᠦᠭᠡᠭ᠌ᠰᠡᠨ ᠦᠷ᠎ᠡ ᠪᠦᠲᠦᠮᠵᠢ᠎ᠶ᠋ᠢ ᠪᠠᠬᠢᠵᠢᠭᠦᠯᠦᠨ ᠰᠡᠷᠭᠦᠭᠡᠪᠡ᠃

  ᠲᠠᠷᠠᠭᠠᠴᠢ᠎ᠶ᠋ᠢᠨ ᠠᠯᠬᠤᠮ᠎ᠳᠤ᠂ ᠤᠯᠠᠭᠠᠨᠬᠠᠳᠠ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠰᠦᠩᠱᠠᠨ ᠲᠣᠭᠤᠷᠢᠭ᠎ᠤᠨ ᠬᠤᠪᠢᠶᠠᠷᠢ ᠲᠣᠪᠴᠢᠶ᠎ᠠ ᠣᠲᠣ᠎ᠶ᠋ᠢᠨ ᠰᠡᠷᠭᠦᠭᠡᠭ᠌ᠰᠡᠨ ᠦᠷ᠎ᠡ ᠪᠦᠲᠦᠭᠡᠯ᠎ᠢᠶᠠᠨ ᠦᠷᠭᠦᠯᠵᠢᠯᠡᠨ ᠪᠠᠬᠢᠵᠢᠭᠦᠯᠵᠦ᠍᠂ ᠣᠷᠳᠣ ᠬᠤᠭᠤᠴᠠᠭᠠᠨ᠎ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭ᠍ᠲᠠᠴᠠ᠎ᠪᠠᠨ ᠪᠦᠷᠢᠨᠱᠢᠬᠦᠯᠦᠨ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ᠎ᠪᠠᠷ ᠰᠦᠩᠱᠠᠨ ᠲᠣᠭᠤᠷᠢᠭ᠎ᠤᠨ ᠪᠣᠬᠢᠷᠲᠤᠯ ᠥᠬᠡᠶ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠬᠥᠬᠡᠮᠳᠦᠭ ᠨᠣᠭᠤᠭᠠᠨ ᠠᠭᠤᠯᠠ ᠤᠰᠤ᠎ᠶ᠋ᠢ ᠭᠠᠵᠠᠷ ᠣᠷᠣᠨ᠎ᠤ ᠥᠨᠢᠳᠡ᠎ᠶ᠋ᠢᠨ ᠬᠥᠭ᠌ᠵᠢᠯᠲᠡ᠎ᠶ᠋ᠢᠨ ᠪᠠᠲᠤ ᠪᠠᠬᠢ ᠰᠠᠭᠤᠷᠢ ᠥᠩᠭᠡ ᠪᠣᠯᠭᠠᠨ᠎ᠠ᠃

ᠢᠷᠡᠯᠲᠡ᠄ ᠤᠯᠠᠭᠠᠨᠬᠠᠳᠠ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ