ᠬᠥᠯᠥᠨ ᠪᠤᠢᠷ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠪᠥᠬᠦ᠌ ᠬᠤᠲᠠ᠎ᠶ᠋ᠢᠨ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌ ᠬᠠᠮᠢᠶᠠᠷᠤᠯᠲᠠ᠎ᠶ᠋ᠢᠨ ᠪᠣᠯᠪᠠᠰᠤᠷᠠᠯ ᠡᠷᠬᠢᠯᠡᠵᠦ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ ᠬᠢᠭᠡᠳ ᠬᠤᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ
2025-11-21

  ᠤᠯᠤᠰ᠎ᠤᠨ ᠭᠠᠵᠠᠷ ᠰᠢᠷᠤᠢ᠎ᠶᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌ ᠬᠠᠮᠢᠶᠠᠷᠤᠯᠲᠠ᠎ᠶ᠋ᠢᠨ ᠬᠢᠷᠢ ᠲᠦᠪᠱᠢᠨ᠎ᠢ ᠪᠥᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠬᠥᠭ᠌ᠵᠢᠯᠲᠡ᠎ᠶ᠋ᠢᠨ ᠵᠢᠷᠤᠭ ᠲᠥᠯᠥᠪᠯᠡᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠬᠦ᠌᠎ᠶ᠋ᠢᠨ ᠲᠥᠯᠥᠭᠡ᠂ 11 ᠳ᠋ᠦ᠍ᠭᠡᠷ ᠰᠠᠷ᠎ᠠ᠎ᠶ᠋ᠢᠨ 20 ᠎ᠤ ᠡᠳᠦᠷ᠂ ᠬᠥᠯᠥᠨ ᠪᠤᠢᠷ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠪᠥᠬᠦ᠌ ᠬᠤᠲᠠ᠎ᠶ᠋ᠢᠨ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌ ᠬᠠᠮᠢᠶᠠᠷᠤᠯᠲᠠ᠎ᠶ᠋ᠢᠨ ᠠᠵᠢᠯ᠎ᠤᠨ ᠪᠣᠯᠪᠠᠰᠤᠷᠠᠯ᠎ᠢ ᠵᠣᠬᠢᠶᠠᠨ ᠪᠠᠢᠭᠤᠯᠤᠨ ᠡᠷᠭᠢᠯᠡᠵᠦ᠍᠂ ᠨᠠᠷᠢᠯᠢᠭ ᠣᠨᠣᠴᠠᠲᠠᠶ᠎ᠪᠠᠷ ᠬᠢᠴᠢᠶᠡᠯ ᠣᠷᠣᠬᠤ᠂ ᠲᠤᠬᠠᠢᠯᠠᠭ᠍ᠰᠠᠨ ᠠᠵᠢᠯ᠎ᠢ ᠰᠤᠳᠤᠯᠤᠨ ᠶᠠᠷᠢᠯᠴᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠪᠥᠬᠦ᠌ ᠬᠤᠲᠠ᠎ᠶ᠋ᠢᠨ ᠲᠥᠯᠥᠪᠵᠢᠭᠦᠯᠭᠡ ᠬᠠᠮᠢᠶᠠᠷᠤᠯᠲᠠ᠎ᠶ᠋ᠢᠨ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠬᠥᠲᠥᠯᠦᠨ ᠵᠢᠯᠣᠭᠤᠳᠴᠤ᠌ ᠠᠬᠢᠭᠤᠯᠪᠠ᠃

  《 ᠠᠷᠪᠠᠨ ᠲᠠᠪᠤᠳᠤᠭᠠᠷ ᠲᠠᠪᠤᠨ ᠵᠢᠯ》 ᠎ᠦ᠋ᠨ ᠲᠥᠯᠥᠪᠵᠢᠭᠦᠯᠭᠡ᠎ᠳ᠋ᠦ᠍ ᠠᠩᠬᠠᠷᠤᠯ᠎ᠢᠶᠠᠨ ᠲᠥᠪᠯᠡᠷᠡᠭᠦᠯᠵᠦ᠍ ᠂ ᠲᠥᠯᠥᠪᠵᠢᠭᠦᠯᠭᠡ᠎ᠶᠢᠨ ᠬᠠᠮᠢᠶᠠᠷᠤᠯᠲᠠ᠎ᠶᠢᠨ ᠠᠵᠢᠯ᠎ᠤ᠋ᠨ ᠰᠠᠭᠤᠷᠢ᠎ᠶᠢ ᠪᠡᠬᠢᠵᠢᠭᠦᠯᠦᠨ᠎ᠡ᠃ ᠪᠣᠯᠪᠠᠰᠤᠷᠠᠯ᠎ᠨᠢ ᠣᠳᠣᠬᠠᠨ᠎ᠤ ᠠᠵᠢᠯ᠎ᠤᠨ ᠭᠤᠤᠯᠳᠠᠯᠭ᠎ᠠ᠎ᠶ᠋ᠢ ᠣᠨᠣᠪᠴᠢᠲᠠᠶ ᠲᠣᠭ᠍ᠲᠠᠭᠠᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ 《ᠠᠷᠪᠠᠨ ᠲᠠᠪᠤᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢ ᠵᠣᠯᠭᠠᠭᠤᠯᠬᠤ᠂ ᠶᠡᠷᠦᠩᠬᠡᠶ ᠲᠥᠯᠥᠪᠵᠢᠭᠦᠯᠭᠡ᠎ᠶ᠋ᠢ ᠬᠥᠳᠡᠯᠦᠩᠭᠦᠶ᠎ᠪᠠᠷ ᠲᠣᠬᠢᠷᠠᠭᠤᠯᠤᠨ ᠲᠡᠭᠦᠯᠳᠡᠷᠵᠢᠭᠦᠯᠬᠦ᠌ ᠠᠵᠢᠯ᠎ᠢ ᠥᠷᠨᠢᠭᠦᠯᠬᠦ᠌ ᠲᠤᠬᠠᠶ ᠬᠠᠮᠤᠭ᠎ᠤᠨ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢᠨ ᠵᠣᠷᠢᠭ ᠰᠠᠨᠠᠭ᠎ᠠ᠎ᠶ᠋ᠢ ᠱᠢᠰᠲ᠋ᠧᠮ᠎ᠲᠠᠢ ᠤᠯᠠᠮᠵᠢᠯᠠᠵᠤ᠂ ᠬᠤᠲᠠ᠎ᠶ᠋ᠢᠨ 《ᠠᠷᠪᠠᠨ ᠲᠠᠪᠤᠳᠤᠭᠠᠷ ᠲᠠᠪᠤᠨ ᠵᠢᠯ》 ᠎ᠤᠨ ᠭᠤᠤᠯᠳᠠᠯᠭ᠎ᠠ᠎ᠲᠠᠢ ᠲᠥᠷᠥᠯ ᠵᠦᠶ᠋ᠯ᠎ᠤᠨ ᠲᠥᠯᠥᠪᠵᠢᠭᠦᠯᠭᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ ᠬᠢᠭᠡᠳ ᠬᠤᠲᠠ ᠪᠠᠯᠭᠠᠰᠤᠨ᠎ᠤ ᠨᠡᠭᠡᠭᠡᠨ ᠬᠥᠭ᠌ᠵᠢᠭᠦᠯᠬᠦ᠌ ᠵᠠᠭᠠᠭ ᠱᠤᠭᠤᠮ᠎ᠤᠨ ᠬᠡᠷᠡᠭ᠌ᠵᠢᠭᠦᠯᠦᠯᠲᠡ᠎ᠶ᠋ᠢᠨ ᠬᠠᠮᠢᠶᠠᠷᠤᠯᠲᠠ᠂ ᠲᠥᠯᠥᠪᠵᠢᠭᠦᠯᠭᠡ᠎ᠶ᠋ᠢᠨ ᠴᠢᠨᠠᠷᠲᠠᠶ ᠬᠢᠨᠠᠨ ᠪᠠᠢᠴᠠᠭᠠᠯᠲᠠ᠂ ᠰᠤᠮᠤ ᠱᠢᠶᠠᠩ ᠪᠠᠯᠭᠠᠰᠤᠨ᠎ᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠦᠷ᠎ᠡ ᠪᠦᠲᠦᠭᠡᠯ᠎ᠢ ᠳᠠᠩᠰᠠᠯᠠᠬᠤ ᠵᠡᠷᠭᠡ ᠵᠠᠩᠭᠢᠯᠠᠭ᠎ᠠ᠎ᠶ᠋ᠢᠨ ᠲᠤᠬᠠᠢᠯᠠᠭ᠍ᠰᠠᠨ ᠠᠵᠢᠯ᠎ᠤᠨ ᠲᠣᠭᠤᠷᠢᠨ᠎ᠳᠤ ᠠᠩᠬ᠎ᠠ ᠠᠯᠬᠤᠮ᠎ᠤᠨ ᠠᠵᠢᠯ᠎ᠤᠨ ᠰᠡᠳᠭᠢᠮᠵᠢ᠎ᠪᠠᠨ ᠱᠢᠰᠲ᠋ᠧᠮ᠎ᠲᠠᠢ ᠡᠮᠬᠢᠯᠡᠵᠦ᠍᠂ ᠡᠯ᠎ᠡ ᠭᠠᠵᠠᠷ᠎ᠤᠨ ᠬᠠᠮᠢᠶ᠎ᠠ ᠪᠥᠬᠦᠶ ᠠᠵᠢᠯ᠎ᠢᠶᠠᠨ ᠥᠷᠨᠢᠭᠦᠯᠬᠦ᠌᠎ᠳᠤ ᠪᠠᠷᠠᠯᠬᠢᠯᠠᠯ᠎ᠤᠨ ᠴᠢᠨᠠᠷᠲᠠᠶ ᠵᠢᠯᠣᠭᠤᠳᠣᠯᠭ᠎ᠠ ᠎ᠶᠢ ᠬᠠᠩᠭᠠᠨ᠎ᠠ᠃

  ᠬᠤᠲᠠ᠎ᠶ᠋ᠢᠨ ᠱᠢᠨᠡᠴᠢᠯᠡᠯᠲᠡ᠎ᠶ᠋ᠢᠨ ᠠᠵᠢᠯᠯᠠᠭ᠎ᠠ᠎ᠲᠠᠢ ᠨᠢᠭ᠍ᠲᠠ ᠤᠶᠠᠯᠳᠤᠭᠤᠯᠤᠨ᠂ ᠡᠨᠧᠷᠭᠢ ᠣᠯᠭᠤᠬᠤ ᠲᠥᠯᠥᠪᠵᠢᠭᠦᠯᠭᠡ᠎ᠶ᠋ᠢᠨ ᠬᠠᠮᠢᠶᠠᠷᠤᠯᠲᠠ᠎ᠶ᠋ᠢᠨ ᠮᠡᠷᠭᠡᠵᠢᠯ᠎ᠤᠨ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃ ᠲᠥᠪ᠎ᠤᠨ ᠬᠤᠲᠠ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠤᠲᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠬᠤ᠎ᠶ᠋ᠢᠨ ᠲᠥᠯᠥᠭᠡ᠂ ᠲᠣᠰ ᠤᠳᠠᠭᠠᠨ᠎ᠤ ᠪᠤᠯᠪᠠᠰᠤᠷᠠᠯ᠎ᠤᠨ ᠠᠭᠤᠯᠭ᠎ᠠ ᠬᠢᠭᠡᠳ ᠬᠤᠲᠠ᠎ᠶ᠋ᠢ ᠱᠢᠨᠡᠳᠭᠡᠬᠦ᠌ ᠠᠵᠢᠯᠯᠠᠭ᠎ᠠ᠎ᠶ᠋ᠢᠨ ᠭᠦᠨᠵᠡᠭᠡᠶ ᠠᠭᠤᠰᠤᠯᠴᠠᠯ᠂ ᠪᠡᠭᠡᠵᠢᠩ᠎ᠤᠨ ᠲᠠᠪᠤᠨ ᠨᠡᠢ᠌ᠯᠡᠮᠡᠯ ᠣᠯᠠᠨ ᠤᠯᠤᠰ᠎ᠤᠨ ᠢᠨᠵᠧᠨᠧᠷᠢᠩ᠎ᠤᠨ ᠵᠢᠷᠤᠭ ᠲᠥᠯᠥᠪᠯᠡᠭᠡ᠎ᠶ᠋ᠢᠨ ᠺᠣᠮᠫᠠᠨᠢ᠎ᠶ᠋ᠢᠨ ᠲᠤᠰᠭᠠᠶ ᠮᠡᠷᠭᠡᠵᠢᠯᠲᠡᠨ᠎ᠢ ᠲᠤᠰᠭᠠᠢᠯᠠᠨ ᠤᠷᠢᠵᠤ 《ᠴᠠᠭ ᠦᠶ᠎ᠡ᠎ᠶ᠋ᠢᠨ ᠠᠬᠤᠶ ᠪᠠᠢᠳᠠᠯ᠎ᠳᠤ ᠨᠡᠢᠴᠡᠭ᠌ᠰᠡᠨ ᠬᠥᠯᠥᠨ ᠪᠤᠢᠷ ᠬᠤᠲᠠ᠎ᠶ᠋ᠢᠨ ᠬᠤᠲᠠ᠎ᠶ᠋ᠢᠨ ᠲᠥᠯᠥᠪᠵᠢᠭᠦᠯᠭᠡ᠎ᠶ᠋ᠢᠨ ᠬᠠᠮᠢᠶᠠᠷᠤᠯᠲᠠ᠎ᠶ᠋ᠢᠨ ᠮᠡᠷᠭᠡᠵᠢᠯ᠎ᠤᠨ ᠲᠣᠭ᠍ᠲᠠᠭᠠᠯ᠎ᠤᠨ ᠲᠠᠢᠯᠤᠮᠵᠢ》 ᠲᠤᠰᠭᠠᠶ ᠰᠡᠳᠦᠪᠲᠦ ᠲᠠᠢᠯᠤᠮᠵᠢ ᠬᠢᠯᠭᠡᠵᠡᠶ᠃ ᠲᠠᠢᠯᠤᠮᠵᠢ᠎ᠨᠢ ᠬᠤᠳᠠ᠎ᠶ᠋ᠢᠨ ᠲᠥᠯᠥᠪᠵᠢᠭᠦᠯᠭᠡ᠎ᠶ᠋ᠢᠨ ᠬᠠᠮᠢᠶᠠᠷᠤᠯᠲᠠ᠎ᠶ᠋ᠢᠨ ᠮᠡᠷᠭᠡᠵᠢᠯ᠎ᠤᠨ ᠲᠣᠭ᠍ᠲᠠᠭᠠᠯ᠎ᠳᠤ ᠪᠦᠬᠦ᠌ ᠲᠠᠯ᠎ᠠ᠎ᠪᠠᠷ ᠨᠠᠷᠢᠨ ᠲᠠᠢᠯᠤᠮᠵᠢ ᠬᠢᠵᠦ᠍᠂ ᠤᠯᠤᠰ᠎ᠤᠨ ᠭᠠᠵᠠᠷ ᠱᠢᠷᠣᠢ᠎ᠶ᠋ᠢᠨ ᠣᠷᠣᠨ ᠵᠠᠢ᠎ᠶ᠋ᠢᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌ ᠦᠢᠯᠡᠳᠦᠯ ᠴᠢᠳᠠᠪᠤᠷᠢ᠎ᠶ᠋ᠢ ᠴᠢᠩᠭᠠᠳᠭᠠᠭ᠍ᠰᠠᠨ᠎ᠢᠶᠠᠷ ᠪᠠᠷᠠᠬᠤ ᠦᠭᠡᠢ ᠪᠠᠰᠠ ᠪᠦᠬᠦ᠌ ᠬᠤᠳᠠ᠎ᠶ᠋ᠢᠨ ᠬᠤᠳᠠ᠎ᠶ᠋ᠢᠨ ᠲᠥᠯᠥᠪᠵᠢᠭᠦᠯᠭᠡ᠎ᠶ᠋ᠢᠨ ᠬᠠᠮᠢᠶᠠᠷᠤᠯᠲᠠ᠎ᠶ᠋ᠢᠨ ᠵᠢᠷᠤᠮᠵᠢᠭᠤᠯᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠳᠤ ᠬᠦᠴᠦᠨ ᠨᠡᠮᠡᠷᠢᠯᠡᠭ᠌ᠰᠡᠨ ᠪᠠᠢᠨ᠎ᠠ᠃

  ᠤᠯᠠᠨ ᠲᠠᠯ᠎ᠠ᠎ᠶ᠋ᠢᠨ ᠠᠵᠢᠯ᠎ᠤᠨ ᠬᠠᠮᠲᠤᠷᠠᠯ᠎ᠤᠨ ᠬᠦᠴᠦᠨ᠎ᠢ ᠨᠢᠭ᠍ᠲᠠᠷᠠᠭᠤᠯᠵᠤ᠂ ᠪᠣᠯᠪᠠᠰᠤᠷᠠᠯ ᠬᠢᠵᠦ᠍ ᠬᠥᠮᠦᠨ ᠬᠥᠮᠦᠵᠢᠭᠦᠯᠬᠦ᠌ ᠱᠢᠰᠲ᠋ᠧᠮ᠎ᠤᠨ ᠦᠷ᠎ᠡ ᠪᠦᠲᠦᠮᠵᠢ᠎ᠶ᠋ᠢ ᠳᠡᠭᠡᠭᠰᠢᠯᠡᠭᠦᠯᠦᠨ᠎ᠡ ᠃ ᠲᠣᠰ ᠤᠳᠠᠭᠠᠨ᠎ᠤ ᠪᠣᠯᠪᠠᠰᠤᠷᠠᠯ᠎ᠳᠤ ᠣᠷᠣᠯᠴᠠᠬᠤ ᠬᠦᠷᠢᠶ᠎ᠡ ᠬᠡᠪᠴᠢᠶ᠎ᠡ᠎ᠳᠤ ᠬᠤᠲᠠ᠎ᠶ᠋ᠢᠨ ᠱᠠᠲᠤᠨ᠎ᠤ ᠨᠢᠭᠡᠳᠦᠯᠲᠡᠶ ᠲᠥᠯᠥᠪᠯᠡᠨ ᠱᠢᠢᠳᠪᠦᠷᠢᠲᠦ ᠪᠣᠳᠣᠯᠭ᠎ᠠ ᠲᠣᠭ᠍ᠲᠠᠭᠠᠬᠤ᠂ ᠲᠤᠬᠠᠢᠯᠠᠭ᠍ᠰᠠᠨ ᠠᠵᠢᠯ᠎ᠤᠨ ᠵᠢᠯᠣᠭᠤᠳᠣᠯᠭ᠎ᠠ ᠬᠢᠬᠦ᠌᠎ᠶ᠋ᠢ ᠪᠡᠶᠡᠯᠡᠭᠦᠯᠵᠦ᠍᠂ ᠬᠤᠱᠢᠭᠤ ᠬᠤᠲᠠ ᠲᠣᠭᠤᠷᠢᠭ᠎ᠤᠨ ᠬᠡᠷᠡᠭ᠌ᠵᠢᠭᠦᠯᠦᠨ ᠨᠠᠢᠳᠠᠪᠤᠷᠢᠵᠢᠭᠤᠯᠬᠤ ᠪᠥᠬᠦ᠌ ᠬᠡᠯᠬᠢᠶ᠎ᠡ᠂ ᠣᠯᠠᠨ ᠲᠠᠰ ᠳᠠᠪᠬᠤᠷᠭ᠎ᠠ᠎ᠶ᠋ᠢᠨ ᠬᠥᠮᠦᠰ᠎ᠢ ᠬᠠᠮᠤᠷᠬᠤ᠎ᠶ᠋ᠢ ᠪᠡᠶᠡᠯᠡᠭᠦᠯᠵᠦ᠍᠂ ᠲᠥᠪᠯᠡᠷᠡᠭᠦᠯᠦᠨ ᠬᠢᠴᠢᠶᠡᠯ ᠣᠷᠣᠬᠤ᠂ ᠲᠤᠬᠠᠢᠯᠠᠭ᠍ᠰᠠᠨ ᠠᠵᠢᠯ᠎ᠤᠨ ᠰᠣᠯᠢᠯᠴᠠᠭᠠᠨ᠎ᠤ ᠬᠡᠯᠪᠡᠷᠢ᠎ᠪᠠᠷ ᠳᠠᠮᠵᠢᠭᠤᠯᠤᠨ᠂ ᠬᠤᠲᠠ᠂ ᠬᠤᠱᠢᠭᠤ (ᠬᠤᠲᠠ᠂ ᠲᠣᠭᠤᠷᠢᠭ) ᠬᠤᠶᠠᠷ ᠱᠠᠲᠤᠨ᠎ᠤ ᠲᠥᠯᠥᠪᠵᠢᠭᠦᠯᠭᠡ᠎ᠶ᠋ᠢᠨ ᠬᠠᠮᠢᠶᠠᠷᠤᠯᠲᠠ᠎ᠶ᠋ᠢᠨ ᠠᠵᠢᠯ᠎ᠤᠨ ᠨᠡᠢᠯᠡᠮᠡᠯ ᠬᠦᠴᠦᠨ᠎ᠢ ᠪᠦᠲᠦᠮᠵᠢᠲᠡᠶ ᠨᠢᠭ᠍ᠲᠠᠷᠠᠭᠤᠯᠪᠠ᠃ ᠬᠤᠷᠠᠯ᠎ᠳᠤ ᠣᠷᠣᠯᠴᠠᠭ᠍ᠰᠠᠳ ᠲᠣᠰ ᠲᠣᠰ᠎ᠤᠨ ᠠᠵᠢᠯ᠎ᠤᠨ ᠪᠣᠳᠠᠲᠤ ᠪᠠᠢᠳᠠᠯ᠎ᠳᠠᠭᠠᠨ ᠰᠠᠭᠤᠷᠢᠯᠠᠨ᠂ 《ᠠᠷᠪᠠᠨ ᠲᠠᠪᠤᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢ ᠵᠣᠯᠭᠠᠭᠤᠯᠬᠤ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠤᠨ ᠬᠠᠮᠢᠶᠠᠷᠤᠯᠲᠠ ᠵᠡᠷᠭᠡ ᠭᠤᠤᠯᠳᠠᠯᠭ᠎ᠠ᠎ᠲᠠᠢ ᠬᠦᠴᠢᠷ ᠠᠰᠠᠭᠤᠳᠠᠯ᠎ᠤᠨ ᠲᠣᠭᠤᠷᠢᠨ᠎ᠳᠤ᠂ ᠲᠥᠪᠯᠡᠷᠡᠭᠦᠯᠦᠨ ᠬᠢᠴᠢᠶᠡᠯ ᠵᠢᠭᠠᠭ᠍ᠰᠠᠨ᠎ᠤ ᠳᠠᠷᠠᠭ᠎ᠠ ᠬᠠᠨᠳᠤᠯᠭᠠᠲᠤ ᠴᠢᠨᠠᠷᠲᠠᠶ ᠲᠤᠬᠠᠢᠯᠠᠭ᠍ᠰᠠᠨ ᠠᠵᠢᠯ᠎ᠤᠨ ᠰᠣᠯᠢᠯᠴᠠᠭ᠎ᠠ ᠪᠠ ᠲᠤᠷᠱᠢᠯᠭ᠎ᠠ᠎ᠪᠠᠨ ᠬᠤᠪᠢᠶᠠᠯᠴᠠᠨ ᠡᠳ᠋ᠯᠡᠵᠦ᠍᠂ ᠠᠵᠢᠯ᠎ᠤᠨ ᠠᠷᠭ᠎ᠠ ᠬᠢᠳᠡᠯ᠎ᠢᠶᠠᠨ ᠨᠡᠪᠲᠡᠷᠡᠯᠴᠡᠭᠦᠯᠦᠨ᠂ ᠲᠥᠷᠥ᠎ᠶ᠋ᠢᠨ ᠪᠣᠳᠣᠯᠭ᠎ᠠ᠎ᠶ᠋ᠢᠨ ᠣᠢᠯᠠᠭᠠᠯᠲᠠ᠎ᠪᠠᠨ ᠨᠢᠭᠡᠳᠭᠡᠵᠦ᠍᠂ ᠠᠵᠢᠯ᠎ᠤᠨ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠤᠨ᠂ ᠲᠠᠷᠠᠭᠠᠴᠢ᠎ᠶ᠋ᠢᠨ ᠡᠯ᠎ᠡ ᠵᠦᠢᠯ᠎ᠤᠨ ᠠᠵᠢᠯ᠎ᠢᠶᠠᠨ ᠡᠮᠬᠢ ᠵᠢᠷᠤᠮ᠎ᠲᠠᠢ ᠠᠬᠢᠭᠤᠯᠬᠤ᠎ᠳᠤ ᠴᠢᠳᠠᠪᠤᠷᠢ᠎ᠶ᠋ᠢᠨ ᠰᠠᠭᠤᠷᠢ᠎ᠪᠠᠨ ᠪᠠᠬᠢᠵᠢᠭᠦᠯᠪᠡ᠃

ᠢᠷᠡᠯᠲᠡ᠄ ᠬᠥᠯᠥᠨ ᠪᠤᠢᠷ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ