ᠪᠤᠭᠤᠲᠤ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠬᠥᠨᠳᠡᠯᠡᠨ ᠲᠣᠭᠤᠷᠢᠭ᠎ᠤᠨ ᠬᠤᠪᠢᠶᠠᠷᠢ ᠲᠣᠪᠴᠢᠶ᠎ᠠ ᠭᠠᠵᠠᠷ ᠬᠡᠷᠡᠭ᠌ᠯᠡᠬᠦ᠌ ᠦᠢᠯᠡᠴᠢᠯᠡᠭᠡ᠎ᠪᠠᠨ ᠴᠢᠩᠭᠠᠳᠭᠠᠵᠤ ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠲᠥᠷᠥᠯ ᠵᠦᠢᠯ᠎ᠢ ᠨᠠᠢᠳᠠᠪᠤᠷᠢᠵᠢᠭᠤᠯᠬᠤ᠎ᠳᠤ ᠪᠠᠲᠤᠯᠠᠭ᠎ᠠ ᠬᠠᠩᠭᠠᠪᠠ
2025-11-25

  11 ᠳ᠋ᠦ᠍ᠭᠡᠷ ᠰᠠᠷ᠎ᠠ᠎ᠶ᠋ᠢᠨ 24 ᠎ᠤ ᠡᠳᠦᠷ᠂ ᠪᠤᠭᠤᠲᠤ᠎ᠶ᠋ᠢᠨ ᠪᠥᠸᠧ ᠬᠠᠨ ᠱᠢᠨ᠎ᠡ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ 40 ᠲᠦᠮᠡᠨ ᠺᠢᠯᠣᠸᠠᠲ ᠴᠠᠭ / 240 ᠲᠦᠮᠡᠨ ᠺᠢᠯᠣᠸᠠᠲ ᠴᠠᠭ᠂ ᠶᠦᠩ ᠵᠧᠨ ᠴᠠᠬᠢᠯᠭᠠᠨ ᠬᠦᠴᠦᠨ (ᠪᠤᠭᠤᠲᠤ) ᠎ᠤ ᠬᠢᠵᠠᠭᠠᠷᠲᠤ ᠺᠣᠮᠫᠠᠨᠢ᠎ᠶ᠋ᠢᠨ 30 ᠲᠦᠮᠡᠨ ᠺᠢᠯᠣᠸᠠᠲ ᠴᠠᠭ / 180 ᠲᠦᠮᠡᠨ ᠺᠢᠯᠣᠸᠠᠲ ᠴᠠᠭ᠂ ᠥᠪᠥᠷ ᠮᠣᠩᠭᠤᠯ᠎ᠤᠨ ᠬᠠᠩ ᠴᠦ᠋ ᠱᠢᠨᠵᠢᠯᠡᠬᠦ᠌ ᠤᠬᠠᠭᠠᠨ ᠮᠡᠷᠭᠡᠵᠢᠯ᠎ᠤᠨ ᠬᠢᠵᠠᠭᠠᠷᠲᠤ ᠺᠣᠮᠫᠠᠨᠢ᠎ᠶ᠋ᠢᠨ 10 ᠲᠦᠮᠡᠨ ᠺᠢᠯᠣᠸᠠᠲ ᠴᠠᠭ / 60 ᠲᠦᠮᠡᠨ ᠺᠢᠯᠣᠸᠠᠲ ᠴᠠᠭ᠂ ᠪᠤᠭᠤᠲᠤ᠎ᠶ᠋ᠢᠨ ᠴᠢ ᠨᠧᠩ ᠱᠢᠨ᠎ᠡ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ 20 ᠲᠦᠮᠡᠨ ᠺᠢᠯᠣᠸᠠᠲ ᠴᠠᠭ / 120 ᠲᠦᠮᠡᠨ ᠺᠢᠯᠣᠸᠠᠲ ᠴᠠᠭ ᠵᠡᠷᠭᠡ ᠳᠥᠷᠪᠡᠨ ᠴᠠᠬᠢᠯᠭᠠᠨ ᠲᠣᠣᠷ᠎ᠤᠨ ᠬᠠᠵᠠᠭᠤ᠎ᠶ᠋ᠢᠨ ᠲᠤᠰᠠᠭᠠᠷ ᠡᠨᠧᠷᠭᠢ ᠬᠠᠳᠠᠭᠠᠯᠠᠬᠤ ᠵᠢᠱ᠌ᠢᠶ᠎ᠡ ᠦᠵᠡᠭᠦᠯᠬᠦ᠌ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠣᠬᠤᠯᠠᠪᠤᠷᠢ᠎ᠶ᠋ᠢ ᠠᠮᠵᠢᠯᠲᠠ᠎ᠲᠠᠢ᠎ᠪᠠᠷ ᠣᠯᠵᠤ᠂ ᠶᠡᠷᠦᠩᠬᠡᠶ ᠴᠣᠬᠤᠯᠠᠪᠤᠷᠢᠯᠠᠭᠤᠯᠤᠭ᠍ᠰᠠᠨ ᠲᠠᠯᠠᠪᠠᠶ᠎ᠨᠢ 32.9014 ᠾᠧᠺᠲ᠋ᠠᠷ ᠪᠣᠯᠤᠨ᠎ᠠ᠃

  ᠲᠣᠰ ᠲᠥᠷᠥᠯ ᠵᠦᠢᠯ᠎ᠤᠨ ᠶᠡᠷᠦᠩᠬᠡᠶ ᠪᠠᠯᠠ ᠣᠷᠣᠭᠤᠯᠤᠯᠲᠠ᠎ᠨᠢ 100 ᠳ᠋ᠦᠩᠱᠢᠭᠤᠷ ᠲᠥᠭᠦᠷᠢᠭ᠂ ᠣᠳᠣᠬᠠᠨ᠎ᠳᠤ ᠥᠪᠡᠷᠲᠡᠭᠡᠨ ᠵᠠᠰᠠᠬᠤ ᠣᠷᠣᠨ᠎ᠤ ᠪᠠᠢᠭᠤᠯᠵᠤ ᠪᠠᠢᠭ᠎ᠠ ᠬᠡᠪᠴᠢᠶ᠎ᠡ᠎ᠪᠠᠷ ᠬᠠᠮᠤᠭ᠎ᠤᠨ ᠶᠡᠭᠡ ᠴᠠᠬᠢᠯᠭᠠᠨ ᠬᠢᠮᠢ᠎ᠶ᠋ᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠮᠥᠨ᠂ ᠢᠯᠡᠳᠲᠡ ᠴᠠᠬᠢᠯᠭᠠᠨ ᠬᠠᠩᠭᠠᠬᠤ ᠪᠠᠲᠤᠯᠠᠭ᠎ᠠ᠎ᠶ᠋ᠢᠨ ᠴᠢᠳᠠᠪᠤᠷᠢ ᠪᠠ ᠡᠨᠧᠷᠭᠢ᠎ᠶ᠋ᠢᠨ ᠬᠡᠯᠪᠡᠷᠢ᠎ᠪᠠᠨ ᠬᠤᠪᠢᠷᠠᠭᠤᠯᠬᠤ ᠥᠷᠲᠡᠭ᠎ᠲᠠᠢ ᠶᠤᠮ᠃ ᠲᠥᠷᠥᠯ ᠵᠦᠶ᠋ᠯ ᠪᠠᠢᠭᠤᠯᠤᠭ᠍ᠳᠠᠭ᠍ᠰᠠᠨ᠎ᠤ ᠳᠠᠷᠠᠭ᠎ᠠ᠂ ᠴᠠᠬᠢᠯᠭᠠᠨ᠎ᠤ ᠲᠣᠤᠷ᠎ᠤᠨ ᠠᠮᠢᠳᠤᠯᠢᠭ ᠲᠣᠬᠢᠷᠠᠭᠤᠯᠤᠯᠲᠠ᠎ᠶ᠋ᠢᠨ ᠴᠢᠳᠠᠪᠤᠷᠢ᠎ᠶ᠋ᠢ ᠶᠡᠭᠡ᠎ᠪᠠᠷ ᠳᠡᠭᠡᠭ᠌ᠰᠢᠯᠡᠭᠦᠯᠵᠦ᠍᠂ ᠴᠠᠬᠢᠯᠭᠠᠨ ᠬᠦᠴᠦᠨ᠎ᠤ ᠬᠠᠩᠭᠠᠯᠭ᠎ᠠ᠎ᠶ᠋ᠢᠨ ᠳᠠᠷᠤᠯᠲᠠ᠎ᠶ᠋ᠢ ᠨᠠᠮᠳᠠᠭᠤᠯᠵᠤ᠂ ᠴᠠᠬᠢᠯᠭᠠᠨ ᠲᠣᠤᠷ᠎ᠤᠨ ᠣᠷᠭᠢᠯ᠎ᠤᠨ ᠴᠠᠬᠢᠯᠭᠠᠨ ᠭᠠᠷᠭᠠᠬᠤ ᠳᠤᠲᠠᠭᠤᠳᠠᠯ᠎ᠢ ᠨᠥᠬᠦᠪᠥᠷᠢᠯᠡᠵᠦ᠍᠂ ᠴᠠᠬᠢᠯᠭᠠᠨ ᠬᠦᠴᠦᠨ᠎ᠤ ᠱᠢᠰᠲ᠋ᠧᠮ᠎ᠤᠨ ᠠᠮᠤᠷ ᠲᠦᠪᠱᠢᠨ ᠲᠣᠭ᠍ᠲᠠᠭᠤᠨ ᠠᠵᠢᠯᠯᠠᠭᠠᠨ᠎ᠤ ᠬᠢᠷᠢ ᠲᠦᠪᠱᠢᠨ᠎ᠢ ᠦᠷᠭᠦᠯᠵᠢᠯᠡᠨ ᠴᠢᠩᠭᠠᠳᠭᠠᠬᠤ ᠪᠣᠯᠤᠨ᠎ᠠ᠃ ᠡᠭᠦᠨ᠎ᠤ ᠬᠠᠮᠲᠤ᠌᠂ ᠠᠭᠤᠯᠠᠷᠬᠠᠭ ᠣᠷᠣᠨ᠎ᠤ ᠱᠢᠨ᠎ᠡ ᠡᠨᠧᠷᠭᠢ᠎ᠶ᠋ᠢ ᠱᠢᠩᠭᠡᠭᠡᠬᠦ᠌ ᠲᠦᠪᠱᠢᠨ᠎ᠢ ᠢᠯᠡᠳᠲᠡ ᠳᠡᠭᠡᠭ᠌ᠰᠢᠯᠡᠭᠦᠯᠵᠦ᠍᠂ ᠰᠠᠯᠬᠢ ᠰᠠᠯᠬᠢᠯᠠᠵᠤ ᠭᠡᠷᠡᠯ ᠭᠡᠭᠡᠭ᠌ᠳᠡᠬᠦ᠌ ᠨᠣᠷᠮ᠎ᠠ᠎ᠶ᠋ᠢ ᠪᠠᠭᠤᠷᠠᠭᠤᠯᠵᠤ᠂ ᠣᠷᠣᠨ ᠪᠦᠰᠡ᠎ᠶ᠋ᠢᠨ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ᠎ᠲᠤ ᠲᠣᠭ᠍ᠲᠠᠭᠤᠨ ᠪᠥᠭᠡᠳ ᠨᠠᠢᠳᠠᠪᠤᠷᠢᠲᠠᠶ᠂ ᠪᠣᠬᠢᠷᠲᠤᠯ ᠥᠬᠡᠶ ᠡᠨᠧᠷᠭᠢ᠎ᠶ᠋ᠢᠨ ᠬᠠᠩᠭᠠᠯᠭ᠎ᠠ᠎ᠶ᠋ᠢᠨ ᠱᠢᠰᠲ᠋ᠧᠮ᠎ᠢ ᠪᠠᠢᠭᠤᠯᠤᠨ᠎ᠠ᠃

  ᠬᠥᠨᠳᠡᠯᠡᠨ ᠲᠣᠭᠤᠷᠢᠭ᠎ᠤᠨ ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠠᠵᠤ ᠦᠢᠯᠡᠰ᠎ᠤᠨ ᠬᠡᠪᠴᠢᠶᠡᠵᠢᠭ᠌ᠰᠡᠨ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠬᠤ᠎ᠶ᠋ᠢᠨ ᠲᠥᠯᠥᠭᠡ᠂ ᠪᠤᠭᠤᠲᠤ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠬᠥᠨᠳᠡᠯᠡᠨ ᠲᠣᠭᠤᠷᠢᠭ᠎ᠤᠨ ᠬᠤᠪᠢᠶᠠᠷᠢ ᠲᠣᠪᠴᠢᠶ᠎ᠠ ᠲᠥᠷᠥᠯ ᠵᠦᠢᠯ᠎ᠤᠨ ᠤᠷᠢᠳᠴᠢᠯᠠᠨ ᠬᠢᠨᠠᠵᠤ ᠭᠠᠵᠠᠷ ᠰᠣᠩᠭᠤᠬᠤ᠂ ᠲᠤᠰᠭᠠᠶ ᠮᠡᠷᠭᠡᠵᠢᠯᠲᠡᠨ ᠬᠢᠨᠠᠨ ᠲᠣᠭ᠍ᠲᠠᠭᠠᠬᠤ ᠵᠡᠷᠭᠡ ᠵᠠᠩᠭᠢᠯᠠᠭ᠎ᠠ᠎ᠶ᠋ᠢᠨ ᠭᠤᠭ᠍ᠴᠤᠭ᠎ᠠ᠎ᠳᠤ ᠤᠷᠢᠳᠴᠢᠯᠠᠨ ᠦᠢᠯᠡᠴᠢᠯᠡᠵᠦ᠍᠂ ᠠᠵᠤ ᠠᠬᠤᠢᠯᠠᠯ᠎ᠲᠠᠢ ᠤᠷᠢᠳᠴᠢᠯᠠᠨ ᠵᠣᠯᠭᠠᠭᠤᠯᠵᠤ᠂ ᠲᠡᠤᠬᠡ᠎ᠶ᠋ᠢᠨ ᠳᠤᠷᠠᠰᠭᠠᠯᠲᠤ ᠵᠦᠢᠯ᠎ᠤᠨ ᠬᠠᠮᠠᠭᠠᠯᠠᠯᠲᠠ᠂ ᠠᠮᠢ ᠠᠬᠤᠶ᠎ᠶ᠋ᠢᠨ ᠤᠯᠠᠭᠠᠨ ᠱᠤᠭᠤᠮ᠂ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ ᠵᠡᠷᠭᠡ᠎ᠶ᠋ᠢᠨ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ᠎ᠶ᠋ᠢ ᠬᠢᠨᠠᠨ ᠪᠠᠢᠴᠠᠭᠠᠵᠤ᠂ ᠭᠠᠷ ᠭᠦᠢᠴᠡᠳᠬᠡᠯ᠎ᠢ ᠳᠠᠭᠢᠵᠤ ᠬᠢᠬᠦ ᠵᠡᠷᠭᠡ ᠠᠰᠠᠭᠤᠳᠠᠯ ᠠ᠋ᠴᠠ ᠡᠬᠢ ᠡᠭᠦᠰᠦᠯ᠎ᠡᠴᠡ ᠨᠢ ᠵᠠᠢᠯᠠᠵᠤ᠂ ᠠᠵᠤ ᠠᠬᠤᠢᠯᠠᠯ᠎ᠤᠨ ᠪᠤᠷᠤᠭᠤ᠎ᠶᠢ ᠲᠤᠷᠰᠢᠬᠤ ᠥᠪᠡᠷ᠎ᠦᠨ ᠥᠷᠲᠡᠭ᠎ᠢ ᠪᠠᠭᠠᠰᠬᠠᠨ᠎ᠠ᠂ ᠠᠵᠤ ᠠᠬᠤᠢᠯᠠᠯ᠎ᠤᠨ ᠥᠪᠡᠷ᠎ᠤᠨ ᠥᠷᠲᠡᠭ᠎ᠢ ᠪᠠᠭᠠᠰᠭᠠᠨ᠎ᠠ᠃ ᠡᠭᠦᠨ᠎ᠤ ᠬᠠᠮᠲᠤ᠌᠂ ᠬᠠᠷᠢᠶ᠎ᠠ ᠭᠠᠵᠠᠷ᠎ᠤᠨ ᠪᠠᠯᠭᠠᠰᠤᠨ᠎ᠤ ᠵᠠᠰᠠᠭ᠎ᠤᠨ ᠣᠷᠳᠣᠨ᠂ ᠲᠣᠭᠤᠷᠢᠭ᠎ᠤᠨ ᠬᠥᠭ᠌ᠵᠢᠭᠦᠯᠦᠯᠲᠡ ᠥᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠶ ᠵᠡᠷᠭᠡ ᠣᠯᠠᠨ ᠰᠠᠯᠠᠭ᠎ᠠ ᠮᠥᠴᠢᠷ᠎ᠠᠴᠠ ᠣᠷᠣᠯᠴᠠᠭ᠍ᠰᠠᠨ ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ ᠲᠥᠷᠥᠯ ᠵᠦᠢᠯ᠎ᠤᠨ ᠬᠡᠷᠡᠭ᠌ᠯᠡᠬᠦ᠌ ᠭᠠᠵᠠᠷ᠎ᠢ ᠬᠢᠨᠠᠨ ᠵᠥᠪᠱᠢᠶᠡᠷᠡᠬᠦ᠌ ᠲᠤᠰᠭᠠᠶ ᠠᠩᠭᠢ᠎ᠶ᠋ᠢ ᠪᠠᠢᠭᠤᠯᠵᠤ᠂ 《ᠡᠳᠦᠷ ᠪᠦᠷᠢ ᠳᠣᠭᠢᠷᠠᠭᠤᠯᠵᠤ᠂ ᠭᠠᠷᠠᠭ ᠪᠦᠷᠢ ᠵᠥᠪᠳᠡᠯᠴᠡᠬᠦ᠌》 ᠠᠵᠢᠯ᠎ᠤᠨ ᠲᠣᠭ᠍ᠲᠠᠴᠠ᠎ᠶ᠋ᠢ ᠪᠠᠢᠭᠤᠯᠤᠨ᠂ ᠲᠤᠰᠭᠠᠶ ᠠᠩᠭᠢ᠎ᠶ᠋ᠢᠨ ᠠᠵᠢᠯ᠎ᠤᠨ ᠬᠣᠯᠪᠤᠭ᠎ᠠ᠎ᠪᠠᠷ ᠳᠠᠮᠵᠢᠭᠤᠯᠤᠨ ᠠᠬᠢᠴᠠ᠎ᠶ᠋ᠢ ᠴᠠᠭ ᠲᠤᠬᠠᠶ᠎ᠳᠤᠨᠢ ᠬᠠᠮᠲᠤ᠎ᠪᠠᠷ ᠡᠳ᠋ᠯᠡᠵᠦ᠍᠂ ᠮᠡᠳᠡᠭᠡ ᠵᠠᠩᠭᠢ᠎ᠶ᠋ᠢ ᠬᠠᠷᠢᠯᠴᠠᠨ ᠨᠡᠪᠲᠡᠷᠡᠯᠴᠡᠭᠦᠯᠦᠨ᠂ ᠬᠠᠮᠵᠢᠯᠴᠠᠨ ᠠᠬᠢᠭᠤᠯᠵᠤ᠂ ᠣᠶ ᠱᠢᠭᠤᠶ ᠡᠪᠡᠰᠦ ᠪᠡᠯᠴᠢᠭᠡᠷ᠎ᠢ ᠡᠵᠡᠯᠡᠬᠦ᠂ ᠭᠠᠵᠠᠷ ᠬᠡᠷᠡᠭ᠌ᠯᠡᠬᠦ᠌᠎ᠶ᠋ᠢ ᠤᠷᠢᠳᠴᠢᠯᠠᠨ ᠬᠢᠨᠠᠬᠤ᠂ ᠲᠥᠯᠥᠪᠵᠢᠭᠦᠯᠭᠡ᠎ᠶ᠋ᠢ ᠵᠥᠪᠱᠢᠶᠡᠷᠡᠬᠦ᠌ ᠵᠡᠷᠭᠡ ᠬᠠᠮᠢᠶ᠎ᠠ ᠪᠥᠬᠦᠶ ᠭᠠᠷᠳᠠᠮ᠎ᠢ 《ᠨᠡᠢᠯᠡᠭᠦᠯᠦᠨ ᠭᠦᠢᠴᠡᠳᠭᠡᠵᠦ᠍᠂ ᠵᠡᠷᠭᠡ᠎ᠪᠠᠷ ᠠᠬᠢᠭᠤᠯᠬᠤ》 ᠎ᠶ᠋ᠢ ᠪᠡᠶᠡᠯᠡᠭᠦᠯᠦᠨ᠎ᠡ᠃ ᠡᠭᠦᠨ᠎ᠠᠴᠠ ᠭᠠᠳᠠᠨ᠎ᠠ᠂ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠡᠪᠬᠡᠮᠡᠯ ᠪᠠᠢᠭᠤᠯᠤᠨ ᠮᠡᠳᠡᠭᠦᠯᠦᠨ ᠵᠥᠪᠱᠢᠶᠡᠷᠡᠭᠦᠯᠬᠦ᠌ ᠶᠠᠪᠤᠴᠠ᠎ᠳᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ ᠪᠠ ᠱᠢᠢᠳᠪᠦᠷᠢᠯᠡᠬᠦ᠌ ᠰᠡᠳᠭᠢᠬᠦᠶ᠎ᠶ᠋ᠢ ᠪᠠᠷᠢᠮᠲᠠᠯᠠᠵᠤ᠂ ᠴᠠᠭ ᠲᠤᠬᠠᠶ᠎ᠳᠤᠨᠢ ᠵᠢᠭᠠᠪᠤᠷᠢ ᠠᠪᠴᠤ᠌ ᠬᠠᠷᠢᠭᠤ ᠮᠡᠳᠡᠭᠦᠯᠬᠦ᠌᠎ᠪᠠᠷ ᠳᠠᠮᠵᠢᠭᠤᠯᠤᠨ᠂ ᠮᠡᠳᠡᠭᠦᠯᠦᠨ ᠵᠥᠪᠱᠢᠶᠡᠷᠡᠭᠦᠯᠬᠦ᠌ ᠪᠣᠭᠤᠮᠢ᠎ᠶ᠋ᠢ ᠤᠨᠤᠴᠠᠲᠠᠢ ᠱᠢᠢᠳᠪᠦᠷᠢᠯᠡᠵᠦ᠍᠂ ᠭᠦᠢᠴᠡᠳᠭᠡᠬᠦ᠌ ᠴᠠᠭ᠎ᠤᠨ ᠬᠢᠵᠠᠭᠠᠷ᠎ᠢ ᠦᠨᠡᠨ ᠬᠦ᠌ ᠪᠠᠭᠠᠰᠭᠠᠨ᠂ ᠬᠢᠨᠠᠨ ᠵᠥᠪᠱᠢᠶᠡᠷᠡᠬᠦ᠌ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠲᠥᠷᠥᠯ ᠵᠦᠢᠯ᠎ᠢ ᠨᠠᠢᠳᠠᠪᠤᠷᠢᠵᠢᠭᠤᠯᠤᠨ ᠠᠱᠢᠭ᠍ᠯᠠᠯᠲᠠ᠎ᠳᠤ ᠣᠷᠣᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭ᠌ᠲᠡᠶ᠃

  ᠲᠠᠷᠠᠭᠠᠴᠢ᠎ᠶ᠋ᠢᠨ ᠠᠯᠬᠤᠮ᠎ᠳᠤ᠂ ᠬᠥᠨᠳᠡᠯᠡᠨ ᠲᠣᠭᠤᠷᠢᠭ᠎ᠤᠨ ᠬᠤᠪᠢᠶᠠᠷᠢ ᠲᠣᠪᠴᠢᠶ᠎ᠠ ᠭᠠᠵᠠᠷ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠭᠠᠵᠠᠷ ᠬᠡᠷᠡᠭ᠌ᠯᠡᠬᠦ᠌᠎ᠶ᠋ᠢ ᠪᠠᠲᠤᠯᠠᠬᠤ ᠦᠶ᠋ᠯᠡᠴᠢᠯᠡᠭᠡ᠎ᠶ᠋ᠢ ᠴᠢᠩᠭᠠᠳᠭᠠᠵᠤ᠂ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠲᠤᠭᠤᠷᠢᠭ᠎ᠤᠨ ᠬᠥᠭ᠌ᠵᠢᠭᠦᠯᠦᠯᠲᠡ ᠥᠭᠡᠷᠡᠴᠢᠯᠡᠯᠲᠡ᠂ ᠣᠶ ᠱᠢᠭᠤᠶ ᠪᠠ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ᠎ᠯᠦᠭᠡ᠎ᠶ᠋ᠢᠨ ᠪᠠᠢᠩᠭᠤᠵᠢᠭ᠍ᠰᠠᠨ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠵᠦ᠍᠂ 《ᠨᠢᠭᠡ ᠲᠦᠷᠦᠯ ᠵᠦᠢ᠍ᠯ ᠎ᠳᠤ ᠨᠢᠭᠡ ᠠᠷᠭ᠎ᠠ ᠬᠡᠮᠵᠢᠶ᠎ᠡ》 ᠦᠢᠯᠡᠴᠢᠯᠡᠭᠡᠨ᠎ᠤ ᠵᠠᠭ᠍ᠪᠤᠷ᠎ᠢ ᠱᠢᠯᠢᠳᠡᠭ᠌ᠵᠢᠭᠦᠯᠵᠦ᠍᠂ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠤᠨ ᠪᠠᠢᠭᠤᠯᠤᠯᠲᠠ᠎ᠳᠤ ᠪᠠᠢᠭᠠᠯᠢ᠎ᠶ᠋ᠢᠨ ᠡᠬᠢ ᠪᠠᠶᠠᠯᠢᠭ᠎ᠤᠨ ᠡᠯᠧᠮᠧᠨ᠋ᠲ᠎ᠤᠨ ᠲᠤᠯᠭᠠᠭᠤᠷᠢᠯᠠᠯ ᠬᠠᠩᠭᠠᠵᠤ᠂ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠨ᠎ᠡ᠃

ᠢᠷᠡᠯᠲᠡ᠄ ᠪᠤᠭᠤᠲᠤ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ