ᠠᠯᠠᠱᠠ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ ᠭᠠᠵᠠᠷ᠎ᠤᠨ ᠭᠠᠶ ᠭᠠᠮᠱᠢᠭ᠎ᠤᠨ ᠪᠠᠴᠢᠮ ᠪᠠᠢᠳᠠᠯ᠎ᠢ ᠠᠷᠭ᠋ᠠᠴᠠᠭ᠋ᠠᠨ ᠱᠢᠢᠳᠪᠦᠷᠢᠯᠡᠬᠦ᠌ ᠱᠢᠷᠡᠭᠡᠨ ᠳᠡᠭᠡᠷᠡᠬᠢ ᠰᠣᠷᠢᠯᠲᠠ᠎ᠶ᠋ᠢ ᠥᠷᠨᠢᠭᠦᠯᠪᠡ
2025-10-24

  10 ᠳ᠋ᠤᠭᠠᠷ ᠰᠠᠷ᠎ᠠ᠎ᠶ᠋ᠢᠨ 23 ᠎ᠤ ᠡᠳᠦᠷ᠂ ᠠᠯᠠᠱᠠ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠴᠠᠭ ᠠᠭᠤᠷ᠂ ᠤᠰᠤᠨ᠎ᠤ ᠶᠠᠪᠤᠳᠠᠯ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ ᠵᠡᠷᠭᠡ ᠣᠯᠠᠨ ᠰᠠᠯᠠᠭ᠎ᠠ ᠮᠥᠴᠢᠷ᠎ᠲᠠᠢ ᠬᠠᠮᠲᠤᠷᠠᠨ ᠭᠠᠵᠠᠷ᠎ᠤᠨ ᠭᠠᠶ ᠭᠠᠮᠱᠢᠭ᠎ᠤᠨ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠱᠢᠷᠡᠭᠡᠨ ᠳᠡᠭᠡᠷᠡᠬᠢ ᠰᠣᠷᠢᠯᠲᠠ᠎ᠶ᠋ᠢ ᠬᠠᠮᠲᠤᠷᠠᠨ ᠥᠷᠨᠢᠭᠦᠯᠪᠡ᠃

  ᠲᠣᠰ ᠤᠳᠠᠭᠠᠨ᠎ᠤ ᠰᠣᠷᠢᠯᠲᠠ᠎ᠳᠤ 《ᠠᠯᠠᠱᠠ ᠠᠢᠮᠠᠭ᠎ᠤᠨ ᠭᠡᠨᠡᠳᠲᠡ᠎ᠶ᠋ᠢᠨ ᠭᠠᠵᠠᠷ᠎ᠤᠨ ᠭᠠᠶ ᠭᠠᠮᠱᠢᠭ᠎ᠤᠨ ᠪᠠᠴᠢᠮ ᠪᠠᠢᠳᠠᠯ᠎ᠢ ᠠᠷᠭ᠋ᠠᠴᠠᠭ᠋ᠠᠬᠤ ᠲᠥᠰᠦᠯ》 ᠎ᠤᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠂ ᠪᠠᠴᠢᠮ ᠪᠠᠢᠳᠠᠯ᠎ᠢ ᠠᠷᠭ᠋ᠠᠴᠠᠭ᠋ᠠᠬᠤ ᠵᠢᠯᠣᠭᠤᠳᠭᠤ ᠲᠠᠪᠴᠠᠩ᠎ᠳᠤ ᠲᠦᠱᠢᠭ᠌ᠯᠡᠨ ᠠᠯᠠᠱᠠ ᠵᠡᠭᠦᠨ ᠬᠤᠱᠢᠭᠤᠨ᠎ᠤ ᠶᠢᠩ ᠫᠠᠨ ᠱᠠᠨ ᠠᠭᠤᠯᠠ᠎ᠶ᠋ᠢᠨ ᠭᠡᠨᠡᠳᠲᠡ ᠡᠭᠦᠰᠦᠭ᠌ᠰᠡᠨ ᠠᠭᠤᠯᠠ ᠶᠡᠭᠦᠷᠡᠬᠦ᠌ ᠦᠵᠡᠭ᠌ᠳᠡᠯ᠎ᠢ ᠳᠠᠭᠤᠷᠢᠶᠠᠵᠤ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠢᠳᠠᠯ᠎ᠢ ᠠᠷᠭ᠋ᠠᠴᠠᠭ᠋ᠠᠬᠤ ᠵᠢᠯᠣᠭᠤᠳᠣᠯᠭ᠎ᠠ᠂ ᠬᠥᠮᠦᠰ᠎ᠢ ᠱᠢᠯᠵᠢᠭᠦᠯᠬᠦ᠌ ᠪᠠ ᠠᠶᠤᠯ᠎ᠠᠴᠠ ᠠᠪᠤᠷᠠᠨ ᠲᠤᠰᠠᠯᠠᠬᠤ ᠵᠡᠷᠭᠡ ᠵᠠᠩᠭᠢᠯᠠᠭ᠎ᠠ᠎ᠶ᠋ᠢᠨ ᠭᠤᠭ᠍ᠴᠣᠭᠠᠨ᠎ᠤ ᠪᠣᠳᠠᠲᠤ ᠰᠣᠷᠢᠯᠲᠠ᠎ᠶ᠋ᠢ ᠱᠢᠰᠲ᠋ᠧᠮ᠎ᠲᠠᠢ ᠥᠷᠨᠢᠭᠦᠯᠪᠡ᠃ ᠰᠣᠷᠢᠯᠲᠠ᠎ᠶ᠋ᠢᠨ ᠶᠠᠪᠤᠴᠠ᠎ᠳᠤ᠂ ᠡᠯ᠎ᠡ ᠰᠠᠯᠠᠭ᠎ᠠ ᠮᠥᠴᠢᠷ᠎ᠤᠨ᠎ᠬᠢᠨ ᠦᠳᠲᠡᠷ ᠲᠦᠷᠭᠡᠨ᠂ ᠬᠠᠮᠵᠢᠯᠴᠠᠨ ᠡᠮᠬᠢ ᠵᠢᠷᠤᠮ᠎ᠲᠠᠢ᠂ ᠵᠢᠯᠣᠭᠤᠳᠤᠨ ᠲᠣᠬᠢᠷᠠᠭᠤᠯᠬᠤ᠎ᠨᠢ ᠱᠢᠨᠵᠢᠯᠡᠬᠦ᠌ ᠤᠬᠠᠭᠠᠨᠴᠢ ᠥᠨᠳᠥᠷ ᠪᠦᠲᠦᠮᠵᠢᠲᠡᠶ᠂ ᠲᠤᠭ᠎ᠠ ᠪᠠᠷᠢᠮᠲᠠ᠎ᠶ᠋ᠢᠨ ᠮᠡᠳᠡᠭᠡ ᠵᠠᠩᠭᠢ᠎ᠶ᠋ᠢᠨ ᠲᠤᠯᠭᠠᠭᠤᠷᠢᠯᠠᠯ᠎ᠨᠢ ᠬᠦᠴᠦᠲᠡᠶ ᠪᠠᠢᠵᠤ᠂ ᠪᠡᠯᠡᠳᠭᠡᠯ ᠲᠥᠰᠦᠯ᠎ᠳᠤ ᠲᠣᠭ᠍ᠲᠠᠭᠠᠭ᠍ᠰᠠᠨ ᠡᠯ᠎ᠡ ᠵᠦᠢᠯ᠎ᠤᠨ ᠪᠠᠴᠢᠮ ᠪᠠᠢᠳᠠᠯ᠎ᠢ ᠠᠷᠭ᠋ᠠᠴᠠᠭ᠋ᠠᠨ ᠱᠢᠢᠳᠪᠦᠷᠢᠯᠡᠬᠦ᠌ ᠡᠭᠦᠷᠭᠡ᠎ᠶ᠋ᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃

  ᠲᠣᠰ ᠤᠳᠠᠭᠠᠨ᠎ᠤ ᠰᠣᠷᠢᠯᠲᠠ᠎ᠳᠤ ᠪᠠᠴᠢᠮ ᠪᠠᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠦᠯ᠎ᠤᠨ ᠬᠡᠷᠡᠭ᠌ᠯᠡᠭᠡᠨ᠎ᠤ ᠴᠢᠨᠠᠷ ᠪᠠ ᠪᠠᠴᠢᠮ ᠪᠠᠢᠳᠠᠯ᠎ᠢ ᠠᠷᠭ᠋ᠠᠴᠠᠭ᠋ᠠᠬᠤ ᠱᠢᠰᠲ᠋ᠧᠮ᠎ᠤᠨ ᠵᠣᠬᠢᠴᠠᠭᠤᠯᠬᠤ ᠴᠢᠨᠠᠷ᠎ᠢ ᠪᠥᠬᠦ᠌ ᠲᠠᠯ᠎ᠠ᠎ᠪᠠᠷ ᠱᠢᠯᠭᠠᠨ ᠪᠠᠢᠴᠠᠭᠠᠵᠤ᠂ ᠮᠡᠳᠡᠭᠡ ᠵᠠᠩᠭᠢ ᠳᠠᠮᠵᠢᠭᠤᠯᠬᠤ᠂ ᠡᠬᠢ ᠪᠠᠶᠠᠯᠢᠭ᠎ᠢ ᠳᠣᠭᠢᠷᠠᠭᠤᠯᠬᠤ ᠵᠡᠷᠭᠡ ᠲᠠᠯ᠎ᠠ᠎ᠪᠠᠷ ᠣᠷᠣᠱᠢᠵᠤ ᠪᠠᠢᠭ᠎ᠠ ᠠᠰᠠᠭᠤᠳᠠᠯ᠎ᠢ ᠪᠦᠲᠦᠮᠵᠢᠲᠡᠶ ᠢᠯᠭᠠᠨ ᠲᠠᠨᠢᠬᠤ ᠪᠥᠭᠡᠳ  ᠠᠬᠤᠢ ᠲᠠᠯᠠᠪᠠᠢ᠎ᠳᠤ ᠬᠠᠨᠳᠤᠯᠭᠠᠲᠤ ᠴᠢᠨᠠᠷᠲᠠᠶ᠎ᠪᠠᠷ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠰᠤᠳᠤᠯᠤᠨ ᠶᠠᠷᠢᠯᠴᠠᠵᠤ᠂ ᠪᠥᠬᠦ᠌ ᠠᠢᠮᠠᠭ᠎ᠤᠨ ᠭᠠᠵᠠᠷ᠎ᠤᠨ ᠭᠠᠮᠱᠢᠭ᠎ᠤᠨ ᠪᠠᠴᠢᠮ ᠪᠠᠢᠳᠠᠯ᠎ᠢ ᠠᠷᠭ᠋ᠠᠴᠠᠭ᠋ᠠᠨ ᠱᠢᠢᠳᠪᠦᠷᠢᠯᠡᠬᠦ᠌ ᠪᠣᠳᠠᠲᠤ ᠪᠠᠢᠯᠳᠤᠭᠠᠨ᠎ᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠤ ᠪᠠᠲᠤ ᠪᠠᠬᠢ ᠰᠠᠭᠤᠷᠢ᠎ᠶ᠋ᠢ ᠲᠠᠯᠪᠢᠪᠠ᠃

  ᠳᠠᠷᠠᠭᠠᠴᠢ᠎ᠶ᠋ᠢᠨ ᠠᠯᠬᠤᠮ᠎ᠳᠤ᠂ ᠠᠯᠠᠱᠠ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠦᠷᠭᠦᠯᠵᠢᠯᠡᠨ ᠪᠠᠴᠢᠮ ᠪᠠᠢᠳᠠᠯ᠎ᠢ ᠠᠷᠭᠠᠴᠠᠭᠠᠬᠤ ᠵᠡᠷᠭᠡ ᠡᠯ᠎ᠡ ᠬᠠᠮᠢᠶ᠎ᠠ ᠪᠦᠬᠦᠢ ᠨᠢᠭᠡᠴᠢ᠎ᠲᠠᠢ ᠬᠤᠯᠪᠣᠭᠠᠯᠠᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠰᠣᠷᠢᠯᠲᠠ᠎ᠶ᠋ᠢ ᠪᠠᠢᠩᠭᠤᠵᠢᠭᠤᠯᠬᠤ᠎ᠶ᠋ᠢ ᠠᠬᠢᠭᠤᠯᠵᠤ᠂ ᠭᠠᠵᠠᠷ᠎ᠤᠨ ᠭᠠᠮᠱᠢᠭ᠎ᠢ ᠶᠡᠷᠦᠩᠬᠡᠢᠯᠡᠨ ᠰᠡᠷᠭᠡᠢᠯᠡᠨ ᠵᠠᠰᠠᠬᠤ ᠴᠢᠳᠠᠪᠤᠷᠢ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠱᠤᠭᠤᠮ᠎ᠢ ᠦᠨᠡᠨ ᠬᠦ᠌ ᠪᠠᠬᠢᠵᠢᠭᠦᠯᠦᠨ᠎ᠡ᠃

ᠢᠷᠡᠯᠲᠡ᠄ ᠠᠯᠠᠱᠠ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ