ᠡᠨᠡ ᠵᠢᠯ᠎ᠠᠴᠠ ᠨᠠᠭ᠋ᠠᠰᠢ᠂ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ ᠬᠠᠮᠢᠶᠠᠷᠤᠯᠲᠠ᠎ᠶ᠋ᠢ ᠵᠢᠷᠤᠮᠵᠢᠭᠤᠯᠵᠤ᠂ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠤᠯᠠᠭᠠᠨᠬᠠᠳᠠ ᠬᠤᠲᠠ᠎ᠶ᠋ᠢᠨ ᠠᠷᠤ ᠬᠤᠷᠴᠢᠨ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠤᠷᠢᠳᠴᠢᠯᠠᠨ ᠦᠢᠯᠡᠴᠢᠯᠡᠬᠦ᠌ ᠲᠣᠭ᠍ᠲᠠᠴᠠ᠎ᠶ᠋ᠢ ᠢᠳᠡᠪᠬᠢᠲᠡᠶ ᠰᠦᠪᠡᠭ᠌ᠴᠢᠯᠡᠵᠦ᠍᠂ ᠡᠬᠡ ᠲᠠᠩᠰᠠ᠎ᠶ᠋ᠢᠨ ᠬᠠᠮᠢᠶᠠᠷᠤᠯᠲᠠ᠂ ᠰᠠᠨᠠᠭᠠᠴᠢᠯᠠᠭ᠎ᠠ᠎ᠠᠴᠠ᠎ᠪᠠᠨ ᠨᠡᠪᠲᠡᠷᠡᠯᠴᠡᠬᠦ᠂ ᠨᠠᠷᠢᠯᠢᠭ ᠣᠨᠣᠴᠠᠲᠠᠶ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠬᠦ᠌᠎ᠪᠠᠷ ᠳᠠᠮᠵᠢᠭᠤᠯᠤᠨ᠂ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ ᠬᠠᠮᠢᠶᠠᠷᠤᠯᠲᠠ᠎ᠶ᠋ᠢᠨ ᠠᠵᠢᠯ᠎ᠤᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ᠎ᠲᠠᠢ ᠥᠷᠨᠢᠬᠦ᠌᠎ᠶ᠋ᠢ ᠳᠥᠯᠭᠢᠨ ᠠᠬᠢᠭᠤᠯᠵᠤ᠂ ᠠᠵᠤ ᠠᠬᠤᠢᠯᠠᠯ᠎ᠤᠨ ᠬᠦᠴᠢᠷᠳᠡᠯ᠎ᠢ ᠦᠨᠡᠨ ᠬᠦ᠌ ᠱᠢᠢᠳᠪᠦᠷᠢᠯᠡᠨ ᠥᠭ᠌ᠴᠦ᠂ ᠠᠭᠤᠷᠬᠠᠶ᠎ᠶ᠋ᠢᠨ ᠠᠵᠤ ᠠᠬᠤᠶ᠎ᠶ᠋ᠢᠨ ᠡᠷᠡᠭᠦᠯ᠎ᠢᠶᠠᠷ ᠬᠥᠭ᠌ᠵᠢᠬᠦ᠌᠎ᠳᠤ ᠬᠦᠴᠦᠨ ᠨᠡᠮᠡᠷᠢᠯᠡᠨ᠎ᠡ᠃
ᠡᠬᠡ ᠲᠠᠩᠰᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠬᠥᠳᠡᠯᠦᠩᠭᠦᠶ ᠬᠠᠮᠢᠶᠠᠷᠤᠯᠲᠠ᠎ᠶ᠋ᠢ ᠪᠡᠶᠡᠯᠡᠭᠦᠯᠦᠨ᠎ᠡ᠃ 50 ᠠᠭᠤᠷᠬᠠᠶ ᠮᠠᠯᠲᠠᠬᠤ ᠡᠷᠬᠡ᠂ 37 ᠠᠭᠤᠷᠬᠠᠶ ᠬᠠᠢᠬᠤ ᠡᠷᠬᠡ᠎ᠶ᠋ᠢ ᠬᠠᠮᠤᠷᠤᠭ᠍ᠰᠠᠨ ᠮᠡᠳᠡᠭᠡ ᠵᠠᠩᠭᠢ᠎ᠶ᠋ᠢᠨ ᠡᠬᠡ ᠲᠠᠩᠰᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠬᠥᠳᠡᠯᠦᠩᠭᠦᠶ ᠮᠥᠷᠳᠡᠨ ᠬᠠᠮᠢᠶᠠᠷᠬᠤ᠎ᠶ᠋ᠢ ᠪᠡᠶᠡᠯᠡᠭᠦᠯᠬᠦ᠌᠎ᠶ᠋ᠢᠨ ᠬᠠᠮᠲᠤ ᠡᠬᠡ ᠲᠠᠩᠰᠠ᠎ᠪᠠᠷ ᠳᠠᠮᠵᠢᠭᠤᠯᠤᠨ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ ᠬᠦᠴᠦᠨ᠎ᠲᠠᠢ ᠬᠤᠭᠤᠴᠠᠭ᠎ᠠ᠂ ᠬᠢᠨᠠᠨ ᠵᠥᠪᠱᠢᠶᠡᠷᠡᠬᠦ᠌ ᠠᠬᠢᠴᠠ ᠵᠡᠷᠭᠡ ᠵᠠᠩᠭᠢᠯᠠᠭ᠎ᠠ᠎ᠶ᠋ᠢᠨ ᠮᠡᠳᠡᠭᠡ ᠵᠠᠩᠭᠢ᠎ᠶ᠋ᠢ ᠣᠨᠣᠪᠴᠢᠲᠠᠶ ᠡᠵᠡᠮᠱᠢᠵᠦ᠍᠂ ᠤᠷᠢᠳᠴᠢᠯᠠᠨ ᠣᠷᠣᠯᠴᠠᠵᠤ᠂ ᠤᠷᠢᠳᠴᠢᠯᠠᠨ ᠦᠢᠯᠡᠴᠢᠯᠡᠵᠦ᠍᠂ ᠠᠵᠢᠯ᠎ᠤᠨ ᠳᠣᠲᠣᠷ᠎ᠠ᠎ᠪᠠᠨ ᠲᠤᠭ᠎ᠠ᠎ᠲᠠᠢ᠂ ᠲᠣᠬᠢᠷᠠᠭᠤᠯᠤᠯᠲᠠ᠎ᠨᠢ ᠡᠮᠬᠢ ᠵᠢᠷᠤᠮ᠎ᠲᠠᠢ ᠪᠠᠢᠬᠤ᠎ᠶ᠋ᠢ ᠦᠨᠡᠨ ᠬᠦ᠌ ᠪᠠᠲᠤᠯᠠᠵᠤ᠂ ᠬᠠᠮᠢᠶᠠᠷᠤᠯᠲᠠ ᠲᠠᠷᠠᠬᠠᠶ ᠪᠤᠲᠠᠷᠬᠠᠶ᠂ ᠦᠷ᠎ᠡ ᠪᠦᠲᠦᠮᠵᠢ ᠳᠣᠤᠷ᠎ᠠ ᠵᠡᠷᠭᠡ ᠠᠰᠠᠭᠤᠳᠠᠯ᠎ᠠᠴᠠ ᠪᠦᠲᠦᠮᠵᠢᠲᠡᠶ ᠵᠠᠢᠯᠠᠰᠭᠢᠨ᠎ᠡ᠃
ᠰᠠᠨᠠᠭᠠᠴᠢᠯᠠᠭ᠎ᠠ᠎ᠠᠴᠠ᠎ᠪᠠᠨ ᠠᠵᠤ ᠠᠬᠤᠢᠯᠠᠯ᠎ᠲᠠᠢ ᠵᠣᠯᠭᠠᠭᠤᠯᠵᠤ᠂ ᠬᠢᠨᠠᠨ ᠵᠥᠪᠱᠢᠶᠡᠷᠡᠬᠦ᠌ ᠦᠢᠯᠡᠴᠢᠯᠡᠭᠡ᠎ᠶ᠋ᠢ ᠰᠢᠯᠢᠳᠡᠭᠵᠢᠭᠦᠯᠦᠨ᠎ᠡ᠃ ᠡᠬᠡ ᠲᠠᠩᠰᠠ᠎ᠳᠤ ᠲᠦᠱᠢᠭ᠌ᠯᠡᠨ ᠬᠢᠨᠠᠨ ᠬᠡᠮᠵᠢᠵᠦ᠍᠂ ᠣᠯᠵᠤ ᠮᠡᠳᠡᠭ᠌ᠰᠡᠨ 3 ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ ᠬᠦᠴᠦᠨ᠎ᠲᠠᠢ ᠬᠤᠭᠤᠴᠠᠭ᠎ᠠ ᠨᠢ ᠤᠳᠠᠯ ᠥᠬᠡᠶ ᠲᠠᠭᠤᠰᠭᠤ ᠭᠡᠵᠦ᠍ ᠪᠠᠢᠭ᠎ᠠ ᠪᠠᠢᠳᠠᠯ᠎ᠳᠤ ᠲᠡᠷᠡ ᠳᠠᠷᠤᠶᠳᠤᠨᠢ ᠠᠵᠤ ᠠᠬᠤᠢᠯᠠᠯ᠎ᠲᠠᠢ ᠬᠠᠷᠢᠯᠴᠠᠵᠤ᠂ ᠲᠡᠳᠡᠨ᠎ᠢ ᠵᠢᠯᠣᠭᠤᠳᠤᠨ ᠬᠠᠤᠯᠢ ᠶᠣᠰᠣᠭᠠᠷ ᠦᠷᠭᠦᠯᠵᠢᠯᠡᠭᠦᠯᠬᠦ᠌ ᠭᠠᠷᠳᠠᠮ ᠭᠦᠢᠴᠡᠳᠭᠡᠯᠭᠡᠨ᠎ᠡ᠃ ᠮᠠᠲ᠋ᠧᠷᠢᠶᠠᠯ ᠲᠣᠨᠣᠭ᠍ᠯᠠᠬᠤ ᠶᠠᠪᠤᠴᠠ᠎ᠳᠤ᠂ ᠣᠶ ᠱᠢᠭᠤᠶ ᠡᠪᠡᠰᠦ ᠪᠡᠯᠴᠢᠭᠡᠷ᠂ ᠣᠷᠴᠢᠨ ᠲᠣᠭᠤᠷᠢᠨ᠎ᠤ ᠬᠠᠮᠠᠭᠠᠯᠠᠯᠲᠠ᠂ ᠲᠡᠦᠬᠡ᠎ᠶ᠋ᠢᠨ ᠳᠤᠷᠠᠰᠭᠠᠯᠲᠤ ᠵᠦᠢᠯᠡᠰ ᠵᠡᠷᠭᠡ ᠰᠠᠯᠠᠭ᠎ᠠ ᠮᠥᠴᠢᠷ᠎ᠤᠨ ᠰᠠᠨᠠᠯ᠎ᠢ ᠤᠷᠢᠳᠴᠢᠯᠠᠨ ᠬᠤᠷᠢᠶᠠᠵᠤ᠂ ᠤᠷᠢᠳᠴᠢᠯᠠᠨ ᠬᠢᠨᠠᠬᠤ ᠦᠶ᠋ᠯᠡᠴᠢᠯᠡᠭᠡ᠎ᠶ᠋ᠢ ᠥᠷᠨᠢᠭᠦᠯᠦᠨ᠂ ᠱᠢᠯᠢᠳᠡᠭ᠌ᠵᠢᠭᠦᠯᠬᠦ᠌ ᠰᠠᠨᠠᠭᠤᠯᠭ᠎ᠠ᠎ᠶᠢ ᠴᠠᠭ ᠲᠤᠬᠠᠶ᠎ᠳᠤᠨᠢ ᠳᠤᠷᠠᠳᠴᠤ᠌᠂ 2 ᠠᠭᠤᠷᠬᠠᠶ᠎ᠶ᠋ᠢ ᠱᠢᠮᠳᠠᠭᠤᠯᠵᠤ ᠪᠠᠢᠭᠠᠳ 《ᠠᠭᠤᠷᠬᠠᠶ᠎ᠶ᠋ᠢᠨ ᠭᠠᠵᠠᠷ᠎ᠤᠨ ᠣᠷᠴᠢᠨ ᠲᠣᠭᠤᠷᠢᠨ᠎ᠤ ᠬᠠᠮᠠᠭᠠᠯᠠᠯᠲᠠ ᠬᠢᠭᠡᠳ ᠭᠠᠵᠠᠷ ᠱᠢᠷᠣᠶ᠎ᠶ᠋ᠢ ᠳᠠᠬᠢᠨ ᠬᠠᠭᠠᠯᠪᠤᠷᠢᠯᠠᠬᠤ ᠲᠥᠰᠦᠯ》 ᠢ ᠱᠢᠨᠡᠳᠭᠡᠵᠦ᠍᠂ 1 ᠠᠭᠤᠷᠬᠠᠢ᠎ᠶᠢ ᠵᠢᠯᠣᠭᠣᠳᠤᠨ ᠤᠰᠤᠨ ᠰᠤᠷᠪᠤᠯᠵᠢ᠎ᠶᠢᠨ ᠣᠷᠣᠨ᠎ᠳᠤ ᠬᠣᠯᠪᠣᠭᠳᠠᠭᠰᠠᠨ ᠠᠭᠤᠷᠬᠠᠢ᠎ᠶᠢᠨ ᠣᠷᠣᠨ᠎ᠤ ᠪᠠᠢᠷᠢᠰᠢᠯ᠎ᠳᠤ ᠲᠣᠬᠢᠷᠠᠭᠤᠯᠤᠯᠲᠠ ᠬᠢᠵᠦ᠂ ᠨᠠᠷᠢᠯᠢᠭ ᠣᠨᠣᠴᠠᠲᠠᠶ ᠦᠶ᠋ᠯᠡᠴᠢᠯᠡᠬᠦ᠌᠎ᠪᠠᠷ ᠳᠠᠮᠵᠢᠭᠤᠯᠤᠨ᠂ ᠠᠵᠤ ᠠᠬᠤᠢᠯᠠᠯ᠎ᠢ ᠬᠠᠪᠰᠤᠷᠤᠨ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢ ᠦᠷᠭᠦᠯᠵᠢᠯᠡᠭᠦᠯᠬᠦ᠌᠎ᠶ᠋ᠢ ᠤᠷᠤᠭ᠍ᠰᠢᠲᠠᠶ ᠪᠡᠶᠡᠯᠡᠭᠦᠯᠵᠦ᠍᠂ ᠦᠨᠡᠮᠯᠡᠯ᠎ᠤᠨ ᠬᠤᠭᠤᠴᠠᠭ᠎ᠠ᠎ᠨᠢ ᠥᠩᠭᠡᠷᠡᠭ᠌ᠰᠡᠨ᠎ᠠᠴᠠ ᠪᠣᠯᠵᠣ ᠬᠡᠪ᠎ᠤᠨ ᠦᠶ᠋ᠯᠡᠳᠪᠦᠷᠢᠯᠡᠯ᠎ᠢ ᠨᠥᠯᠥᠭᠡᠯᠡᠬᠦ᠌᠎ᠠᠴᠠ ᠵᠠᠢ᠌ᠯᠠᠰᠬᠢᠨ᠎ᠠ᠃
ᠦᠢᠯᠡᠴᠢᠯᠡᠭᠡᠨ᠎ᠤ ᠠᠷᠭ᠎ᠠ ᠬᠡᠮᠵᠢᠶ᠎ᠡ᠎ᠶ᠋ᠢ ᠭᠦᠨᠵᠡᠭᠡᠢᠷᠡᠭᠦᠯᠵᠦ᠍᠂ ᠠᠵᠢᠯ᠎ᠤᠨ ᠦᠷ᠎ᠡ ᠪᠦᠲᠦᠮᠵᠢ᠎ᠶ᠋ᠢ ᠪᠠᠬᠢᠵᠢᠭᠦᠯᠦᠨ᠎ᠡ᠃ ᠠᠵᠤ ᠠᠬᠤᠢᠯᠠᠯ᠎ᠤᠨ ᠥᠨᠳᠥᠷ ᠳᠠᠪᠲᠠᠮᠵᠢᠲᠤ ᠬᠡᠷᠡᠭ᠌ᠴᠡᠭᠡ ᠱᠠᠭᠠᠷᠳᠠᠯᠭ᠎ᠠ ᠪᠠ ᠬᠦᠴᠢᠷ ᠠᠰᠠᠭᠤᠳᠠᠯ᠎ᠢ ᠦᠷᠭᠦᠯᠵᠢᠯᠡᠨ ᠡᠮᠬᠢᠯᠡᠵᠦ᠍᠂ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠲᠠᠢ ᠤᠶᠠᠯᠳᠤᠭᠤᠯᠤᠨ ᠦᠢᠯᠡᠴᠢᠯᠡᠭᠡᠨ᠎ᠤ ᠴᠤᠪᠤᠷᠠᠯ᠎ᠢ ᠱᠢᠯᠢᠳᠡᠭ᠌ᠵᠢᠭᠦᠯᠵᠦ᠍᠂ ᠦᠢᠯᠡᠴᠢᠯᠡᠭᠡᠨ᠎ᠤ ᠣᠨᠣᠪᠴᠢ᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠡᠭᠦᠨ᠎ᠤ ᠬᠠᠮᠲᠤ᠌᠂ ᠰᠠᠯᠠᠭ᠎ᠠ ᠮᠥᠴᠢᠷ᠎ᠤᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠠᠵᠢᠯ᠎ᠤᠨ ᠨᠡᠢᠯᠡᠮᠡᠯ ᠬᠦᠴᠦᠨ᠎ᠢ ᠪᠦᠷᠢᠯᠳᠦᠭᠦᠯᠵᠦ᠍᠂ ᠠᠭᠤᠷᠬᠠᠢ᠎ᠶ᠋ᠢᠨ ᠦᠢᠯᠡᠰ᠎ᠤᠨ ᠡᠷᠬᠡ᠎ᠶ᠋ᠢᠨ ᠬᠠᠮᠢᠶᠠᠷᠤᠯᠲᠠ ᠳᠤᠮᠳᠠᠬᠢ ᠪᠣᠳᠠᠲᠠᠶ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍᠂ ᠠᠭᠤᠷᠬᠠᠢ᠎ᠶ᠋ᠢᠨ ᠠᠵᠢᠯ᠎ᠢᠶᠠᠨ ᠰᠡᠷᠭᠦᠭᠡᠵᠦ᠍ ᠦᠢᠯᠡᠳᠪᠦᠷᠢᠯᠡᠯ᠎ᠢᠶᠠᠨ ᠰᠡᠷᠭᠦᠭᠡᠬᠦ᠂ ᠡᠬᠢ ᠪᠠᠶᠠᠯᠢᠭ ᠠᠵᠤ ᠠᠬᠤᠢ᠎ᠶ᠋ᠢ ᠠᠮᠢᠳᠤᠯᠢᠭ ᠪᠣᠯᠭᠠᠬᠤ᠎ᠳᠤ ᠥᠨᠳᠥᠷ ᠪᠦᠲᠦᠮᠵᠢᠲᠡᠶ ᠦᠢᠯᠡᠴᠢᠯᠡᠭᠡ ᠪᠠ ᠬᠦᠴᠦᠲᠡᠶ ᠪᠠᠲᠤᠯᠠᠭ᠎ᠠ ᠬᠠᠩᠭ᠋ᠠᠨ᠎ᠠ᠃
ᠲᠠᠷᠠᠭᠠᠴᠢ᠎ᠶ᠋ᠢᠨ ᠠᠯᠬᠤᠮ᠎ᠳᠤ᠂ ᠠᠷᠤ ᠬᠤᠷᠴᠢᠨ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠦᠷᠭᠦᠯᠵᠢᠯᠡᠨ ᠦᠢᠯᠡᠴᠢᠯᠡᠭᠡᠨ᠎ᠤ ᠲᠣᠭ᠍ᠲᠠᠴᠠ᠎ᠪᠠᠨ ᠭᠦᠨᠵᠡᠭᠡᠢᠷᠡᠭᠦᠯᠵᠦ᠍᠂ ᠡᠬᠡ ᠲᠠᠩᠰᠠ᠎ᠶ᠋ᠢᠨ ᠬᠠᠮᠢᠶᠠᠷᠤᠯᠲᠠ᠎ᠪᠠᠷ ᠰᠠᠭᠤᠷᠢ ᠪᠣᠯᠭᠠᠨ᠂ ᠠᠵᠤ ᠠᠬᠤᠢᠯᠠᠯ᠎ᠤᠨ ᠬᠡᠷᠡᠭ᠌ᠴᠡᠭᠡ᠎ᠪᠠᠷ ᠤᠳᠤᠷᠢᠳᠤᠮᠵᠢ ᠪᠣᠯᠭᠠᠵᠤ᠂ ᠦᠢᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠂ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ ᠬᠠᠮᠢᠶᠠᠷᠤᠯᠲᠠ᠎ᠶ᠋ᠢ ᠵᠢᠷᠤᠮᠵᠢᠭᠤᠯᠬᠤ᠂ ᠥᠨᠳᠥᠷ ᠪᠦᠲᠦᠮᠵᠢᠲᠡᠶ ᠪᠣᠯᠭᠠᠬᠤ᠎ᠶ᠋ᠢ ᠠᠬᠢᠭᠤᠯᠵᠤ᠂ ᠣᠷᠣᠨ ᠨᠤᠲᠤᠭ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠴᠢᠳᠠᠯ᠎ᠢᠶᠠᠨ ᠡᠷᠭᠦᠨ᠎ᠡ᠃