ᠡᠨᠡ ᠵᠢᠯ᠎ᠠᠴᠠ ᠨᠠᠭᠠᠰᠢ᠂ ᠣᠷᠳᠣᠰ ᠬᠤᠲᠠ᠎ᠶ᠋ᠢᠨ ᠳᠠᠯᠠᠳ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠨᠠᠮ᠎ᠤᠨ ᠪᠠᠢᠭᠤᠯᠤᠯᠲᠠ᠎ᠪᠠᠷ ᠲᠥᠷᠥᠯ ᠵᠦᠢᠯ᠎ᠤᠨ ᠭᠠᠵᠠᠷ ᠬᠡᠷᠡᠭ᠌ᠯᠡᠬᠦ᠌᠎ᠶ᠋ᠢ ᠪᠠᠲᠤᠯᠠᠬᠤ 《ᠬᠤᠪᠢᠰᠭᠠᠯᠲᠤ ᠬᠥᠳᠡᠯᠭᠡᠭᠦᠷ》 ᠪᠣᠯᠭᠠᠬᠤ᠎ᠶ᠋ᠢ ᠪᠠᠷᠢᠮᠲᠠᠯᠠᠵᠤ᠂ 《ᠲᠥᠷᠥᠯ ᠵᠦᠢᠯ᠎ᠢ ᠪᠠᠲᠤᠯᠠᠬᠤ》 ᠭᠡᠬᠦ᠌ ᠭᠤᠤᠯ ᠡᠭᠦᠷᠭᠡ᠎ᠶ᠋ᠢᠨ ᠲᠣᠭᠤᠷᠢᠨ᠎ᠳᠤ᠂ ᠠᠵᠢᠯ᠎ᠤᠨ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠴᠦ᠍᠂ ᠦᠢᠯᠡᠴᠢᠯᠡᠭᠡᠨ᠎ᠤ ᠶᠠᠪᠤᠴᠠ᠎ᠶ᠋ᠢ ᠱᠢᠯᠢᠳᠡᠭ᠌ᠵᠢᠭᠦᠯᠦᠨ᠂ ᠴᠢᠬᠤᠯᠠ ᠶᠡᠭᠡ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠭᠠᠷᠳᠠᠮ᠎ᠢ ᠭᠦᠢᠴᠡᠳᠭᠡᠬᠦ᠌ ᠲᠠᠯ᠎ᠠ᠎ᠪᠠᠷ《ᠬᠤᠷᠳᠤᠴᠠ᠎ᠶ᠋ᠢ ᠲᠦᠷᠭᠡᠳᠭᠡᠵᠦ᠍》᠂ ᠪᠥᠬᠦ᠌ ᠬᠤᠱᠢᠭᠤᠨ᠎ᠤ ᠠᠵᠤ ᠠᠬᠤᠶ᠎ᠶ᠋ᠢᠨ ᠦᠷᠭᠦᠯᠵᠢᠯᠡᠨ ᠡᠷᠡᠭᠦᠯ᠎ᠢᠶᠠᠷ ᠬᠥᠭ᠌ᠵᠢᠬᠦ᠌᠎ᠳᠤ ᠬᠦᠴᠦᠷᠬᠡᠭ ᠶᠡᠭᠡ ᠬᠥᠳᠡᠯᠭᠡᠬᠦ᠌ ᠬᠦᠴᠦᠨ ᠨᠡᠮᠡᠷᠢᠯᠡᠪᠡ᠃
《ᠨᠠᠮ᠎ᠠᠴᠠ ᠬᠥᠲᠥᠯᠥᠨ ᠳᠠᠭᠠᠭᠤᠯᠬᠤ》 ᠶ᠋ᠢ ᠪᠠᠷᠢᠮᠲᠠᠯᠠᠵᠤ᠂ ᠦᠶ᠋ᠯᠡᠴᠢᠯᠡᠭᠡ ᠪᠠᠲᠤᠯᠠᠭ᠎ᠠ᠎ᠶ᠋ᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃ ᠭᠤᠤᠯᠳᠠᠯᠭ᠎ᠠ᠎ᠲᠠᠢ ᠲᠥᠷᠥᠯ ᠵᠦᠢᠯ᠎ᠤᠨ ᠭᠠᠵᠠᠷ ᠬᠡᠷᠡᠭ᠌ᠯᠡᠬᠦ᠌᠎ᠶ᠋ᠢ ᠪᠠᠲᠤᠯᠠᠬᠤ ᠠᠵᠢᠯ᠎ᠤᠨ ᠤᠳᠤᠷᠢᠳᠭᠤ ᠳᠤᠭᠤᠢᠯᠠᠩ᠎ᠢ ᠪᠠᠢᠭᠤᠯᠵᠤ᠂ 《ᠨᠠᠮ᠎ᠤᠨ ᠪᠠᠢᠭᠤᠯᠤᠯᠲᠠ᠎ᠪᠠᠷ ᠬᠥᠲᠥᠯᠦᠨ ᠳᠠᠭᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠌》 ᠠᠵᠢᠯ᠎ᠤᠨ ᠲᠣᠭ᠍ᠲᠠᠴᠠ᠎ᠶ᠋ᠢ ᠪᠠᠢ᠌ᠭᠤᠯᠪᠠ᠃ ᠲᠣᠭ᠍ᠲᠠᠮᠠᠯ ᠬᠤᠭᠤᠴᠠᠭ᠎ᠠ᠎ᠲᠠᠢ᠎ᠪᠠᠷ ᠨᠠᠮ᠎ᠤᠨ ᠤᠳᠤᠷᠢᠳᠭᠤ ᠳᠤᠭᠤᠢᠯᠠᠩ᠎ᠤᠨ ᠲᠤᠰᠭᠠᠶ ᠰᠡᠳᠦᠪᠲᠦ ᠬᠤᠷᠠᠯ ᠬᠤᠷᠠᠯᠳᠤᠭᠤᠯᠬᠤ᠂ ᠨᠠᠮ᠎ᠤᠨ ᠭᠡᠱᠢᠭᠦᠨ᠎ᠤ ᠬᠤᠱᠢᠭᠤᠴᠢ ᠠᠵᠢᠯ᠎ᠤᠨ ᠪᠠᠢᠷᠢ ᠲᠣᠬᠢᠷᠠᠭᠤᠯᠬᠤ᠂ ᠲᠥᠷᠥᠯ ᠵᠦᠢᠯ᠎ᠤᠨ ᠪᠣᠭᠤᠮᠲᠠ ᠱᠢᠪᠲᠤᠯᠬᠤ ᠭᠠᠪᠱᠢᠭᠠᠶ ᠠᠩᠭᠢ᠎ᠶ᠋ᠢ ᠵᠣᠬᠢᠶᠠᠨ ᠪᠠᠢᠭᠤᠯᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠲᠥᠷᠥᠯ ᠵᠦᠢᠯ᠎ᠢ ᠬᠢᠨᠠᠨ ᠵᠥᠪᠱᠢᠶᠡᠷᠡᠬᠦ᠌ ᠵᠢᠴᠢ ᠭᠠᠵᠠᠷ ᠬᠡᠷᠡᠭ᠌ᠯᠡᠬᠦ᠌ ᠭᠠᠷ ᠭᠦᠢᠴᠡᠳᠭᠡᠯ᠎ᠢ ᠭᠦᠢᠴᠡᠳᠭᠡᠬᠦ᠌ ᠪᠥᠬᠦ᠌ ᠶᠠᠪᠤᠴᠠ᠂ ᠡᠯ᠎ᠡ ᠭᠤᠭ᠍ᠴᠤᠭ᠎ᠠ᠎ᠳᠤ ᠨᠠᠮ᠎ᠤᠨ ᠭᠡᠱᠢᠭᠦᠨ ᠺᠠᠳ᠋ᠷᠴᠤᠳ᠎ᠤᠨ ᠬᠤᠱᠢᠭᠤᠴᠢ ᠦᠢᠯᠡᠳᠦᠯ᠎ᠢ ᠭᠦᠢᠴᠡᠳ ᠪᠠᠳᠠᠷᠠᠭᠤᠯᠵᠤ᠂ 《ᠲᠥᠷᠥᠯ ᠵᠦᠢᠯ᠎ᠢ ᠲᠣᠭᠤᠷᠢᠨ ᠡᠷᠭᠢᠯᠳᠦᠬᠦ᠂ ᠭᠠᠷ ᠭᠦᠢᠴᠡᠳᠭᠡᠯ᠎ᠢ ᠠᠩᠬᠠᠷᠬᠤ》 ᠭᠦᠨ ᠵᠤᠵᠠᠭᠠᠨ ᠠᠵᠢᠯ᠎ᠤᠨ ᠠᠭᠤᠷ ᠠᠮᠢᠰᠭᠤᠯ᠎ᠢ ᠦᠨᠡᠨ ᠬᠦ᠌ ᠪᠣᠶ ᠪᠣᠯᠭᠠᠵᠤ᠂ ᠭᠠᠵᠠᠷ ᠬᠡᠷᠡᠭ᠌ᠯᠡᠬᠦ᠌ ᠴᠣᠬᠤᠯᠠᠪᠤᠷᠢ᠎ᠶ᠋ᠢ ᠲᠦᠷᠭᠡᠨ ᠤᠯᠬᠤ᠎ᠳᠤ ᠪᠠᠲᠤ ᠪᠠᠬᠢ ᠵᠣᠬᠢᠶᠠᠨ ᠪᠠᠢᠭᠤᠯᠤᠯᠲᠠ᠎ᠶ᠋ᠢᠨ ᠰᠠᠭᠤᠷᠢ᠎ᠶ᠋ᠢ ᠲᠠᠯᠪᠢᠵᠤ ᠥᠭ᠌ᠪᠡ᠃
《ᠤᠷᠢᠳ᠎ᠢᠶᠠᠷ ᠰᠢᠲᠠᠷ᠎ᠠ ᠲᠠᠯᠪᠢᠬᠤ》 ᠶ᠋ᠢ ᠰᠠᠢᠲᠤᠷ ᠬᠢᠵᠦ᠂ ᠡᠮᠦᠨᠡᠬᠢ ᠬᠤᠭᠤᠴᠠᠭᠠᠨ᠎ᠤ ᠠᠵᠢᠯ᠎ᠢ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠬᠢᠪᠡ᠃ ᠢᠯᠡ᠎ᠪᠠᠷ ᠠᠵᠢᠯᠯᠠᠬᠤ᠂ ᠬᠠᠤᠯᠢ ᠲᠣᠭ᠍ᠲᠠᠭᠠᠯ ᠶᠣᠰᠣᠭᠠᠷ ᠲᠥᠷᠥᠯ ᠵᠦᠢᠯ᠎ᠢ ᠵᠣᠯᠭᠠᠭᠤᠯᠬᠤ᠎ᠶ᠋ᠢ ᠪᠠᠷᠢᠮᠲᠠᠯᠠᠵᠤ᠂ ᠣᠯᠠᠨ ᠲᠦᠮᠡᠨ᠎ᠤ ᠠᠵᠢᠯ᠎ᠢ ᠭᠦᠨᠵᠡᠭᠡᠶ ᠨᠠᠷᠢᠯᠢᠭ ᠬᠢᠵᠦ᠍᠂ ᠭᠠᠵᠠᠷ ᠱᠢᠷᠣᠶ ᠲᠠᠲᠠᠪᠤᠷᠢᠯᠠᠬᠤ ᠲᠠᠰ ᠳᠠᠷᠠᠭᠠᠯᠠᠯ᠎ᠢ ᠵᠢᠷᠤᠮᠵᠢᠭᠤᠯᠪᠠ᠃ ᠡᠭᠦᠨ᠎ᠤ ᠬᠠᠮᠲᠤ᠌᠂ ᠨᠠᠮ᠎ᠤᠨ ᠭᠡᠱᠢᠭᠦᠨ ᠺᠠᠳ᠋ᠷ ᠲᠦᠷᠦᠭᠦᠯᠡᠨ ᠬᠡᠰᠡᠭ ᠳᠠᠭᠠᠭᠠᠴᠢᠯᠠᠨ ᠡᠷᠦᠬᠡ᠎ᠳᠤ ᠣᠷᠣᠵᠤ᠂ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠵᠤ᠂ ᠵᠥᠷᠢᠴᠡᠯ᠎ᠢ ᠨᠠᠮᠳᠠᠭᠤᠯᠵᠤ᠂ ᠭᠠᠵᠠᠷ ᠱᠢᠷᠣᠶ ᠲᠠᠲᠠᠪᠤᠷᠢᠯᠠᠬᠤ ᠵᠢᠭᠤᠷᠠᠯᠳᠤᠭᠠᠨ᠎ᠠᠴᠠ ᠪᠣᠯᠵᠣ ᠲᠥᠷᠥᠯ ᠵᠦᠶ᠋ᠯ᠎ᠢ ᠰᠠᠭᠠᠲᠠᠭᠠᠭ᠍ᠰᠠᠨ ᠠᠰᠠᠭᠤᠳᠠᠯ᠎ᠠᠴᠠ ᠪᠦᠲᠦᠮᠵᠢᠲᠡᠶ ᠵᠠᠢᠯᠠᠰᠭᠢᠪᠠ᠃ ᠡᠭᠦᠨ᠎ᠠᠴᠠ ᠭᠠᠳᠠᠨ᠎ᠠ᠂ ᠪᠠᠢᠭᠠᠯᠢ᠎ᠶ᠋ᠢᠨ ᠡᠬᠢ ᠪᠠᠶᠠᠯᠢᠭ᠂ ᠬᠥᠭ᠌ᠵᠢᠭᠦᠯᠦᠯᠲᠡ ᠥᠭᠡᠷᠡᠴᠢᠯᠡᠯᠲᠡ ᠵᠡᠷᠭᠡ ᠬᠢᠨᠠᠯᠲᠠ᠎ᠳᠤ ᠬᠤᠯᠪᠣᠭ᠍ᠳᠠᠬᠤ ᠰᠠᠯᠠᠭ᠎ᠠ ᠮᠥᠴᠢᠷ᠎ᠤᠳ ᠬᠠᠮᠵᠢᠯᠴᠠᠨ ᠬᠠᠮᠲᠤᠷᠠᠯᠴᠠᠬᠤ᠎ᠪᠠᠨ ᠴᠢᠩᠭᠠᠳᠭᠠᠵᠤ᠂ ᠨᠡᠢᠯᠡᠭᠦᠯᠦᠨ ᠬᠢᠨᠠᠨ ᠵᠥᠪᠱᠢᠶᠡᠷᠡᠬᠦ᠂ ᠳᠤᠲᠠᠭᠤ᠎ᠶ᠋ᠢ ᠭᠥᠯᠢᠶᠡᠨ ᠠᠪᠴᠤ᠌ ᠱᠢᠢᠳᠪᠦᠷᠢᠯᠡᠬᠦ᠌ ᠵᠡᠷᠭᠡ ᠵᠠᠭ᠍ᠪᠤᠷ᠎ᠢ ᠬᠡᠷᠡᠭ᠌ᠵᠢᠭᠦᠯᠦᠨ᠂ ᠴᠢᠬᠤᠯᠠ ᠶᠡᠭᠡ ᠲᠥᠷᠥᠯ ᠵᠦᠢᠯ᠎ᠳᠤ ᠲᠥᠯᠥᠪᠵᠢᠭᠦᠯᠭᠡ᠎ᠶ᠋ᠢᠨ ᠴᠢᠨᠠᠷᠲᠠᠶ ᠬᠢᠨᠠᠨ ᠪᠠᠢᠴᠠᠭᠠᠯᠲᠠ᠎ᠶ᠋ᠢ ᠤᠷᠢᠳᠴᠢᠯᠠᠨ ᠥᠷᠨᠢᠭᠦᠯᠵᠦ᠍᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ ᠵᠡᠷᠭᠡ ᠬᠢᠵᠠᠭᠠᠷᠯᠠᠬᠤ ᠬᠦᠴᠦᠨ ᠵᠦᠢᠯ᠎ᠢ ᠤᠷᠢᠳᠴᠢᠯᠠᠨ ᠬᠢᠨᠠᠬᠤ ᠠᠵᠢᠯ᠎ᠢ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠨ ᠵᠢᠯᠣᠭᠤᠳᠴᠤ᠌᠂ ᠲᠥᠷᠥᠯ ᠵᠦᠢᠯ᠎ᠤᠨ ᠨᠢᠭᠡᠴᠢ᠎ᠶ᠋ᠢᠨ ᠭᠠᠵᠠᠷ ᠰᠣᠩᠭᠤᠬᠤ ᠲᠥᠰᠦᠯ᠎ᠢᠶᠠᠨ ᠱᠢᠯᠢᠳᠡᠭ᠌ᠵᠢᠭᠦᠯᠬᠦ᠌᠎ᠳᠤ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠨ ᠵᠢᠯᠣᠭᠤᠳᠴᠤ᠌᠂ ᠲᠥᠷᠥᠯ ᠵᠦᠢᠯ᠎ᠦᠨ 《 ᠲᠣᠭᠣᠷᠢᠤ ᠵᠠᠮ 》᠎ᠢᠶᠠᠷ ᠶᠠᠪᠤᠬᠤ᠎ᠠᠴᠠ ᠵᠠᠢᠯᠠᠰᠬᠢᠵᠦ᠂ ᠡᠮᠦᠨᠡᠬᠢ ᠬᠤᠭᠤᠴᠠᠭᠠᠨ᠎ᠤ ᠪᠡᠯᠡᠳᠭᠡᠯ ᠴᠠᠭ᠎ᠢ ᠢᠯᠡᠳᠲᠡ ᠪᠣᠭᠤᠨᠢᠰᠭᠠᠪᠠ᠃
《ᠵᠠᠩᠭᠢᠯᠠᠭ᠎ᠠ᠎ᠶ᠋ᠢᠨ ᠴᠡᠭ》 ᠢ ᠨᠡᠪᠲᠡᠷᠡᠭᠦᠯᠵᠦ᠍᠂ ᠲᠠᠷᠢᠶᠠᠯᠠᠩ᠎ᠢ ᠬᠤᠪᠢᠷᠠᠭᠤᠯᠤᠨ ᠬᠡᠷᠡᠭ᠌ᠯᠡᠬᠦ᠌᠎ᠶ᠋ᠢ ᠮᠡᠳᠡᠭᠦᠯᠦᠨ ᠵᠥᠪᠱᠢᠶᠡᠷᠡᠭᠦᠯᠬᠦ᠌᠎ᠶ᠋ᠢ ᠲᠦᠷᠭᠡᠳᠭᠡᠵᠦ᠍ ᠦᠷ᠎ᠡ ᠠᠱᠢᠭ᠎ᠢ ᠨᠡᠮᠡᠭ᠌ᠳᠡᠭᠦᠯᠪᠡ᠃ ᠤᠯᠤᠰ᠎ᠤᠨ ᠲᠥᠷᠥ᠎ᠶ᠋ᠢᠨ ᠪᠣᠳᠣᠯᠭ᠎ᠠ᠎ᠶ᠋ᠢᠨ ᠤᠳᠤᠷᠢᠳᠤᠮᠵᠢ ᠪᠠ ᠬᠢᠨᠠᠨ ᠵᠥᠪᠱᠢᠶᠡᠷᠡᠬᠦ᠌ ᠱᠠᠭᠠᠷᠳᠠᠯᠭ᠎ᠠ᠎ᠶ᠋ᠢ ᠴᠢᠩᠭ᠎ᠠ ᠠᠩᠬᠠᠷᠴᠤ᠌᠂ ᠡᠪᠬᠡᠮᠡᠯ ᠪᠠᠢᠭᠤᠯᠬᠤ ᠬᠦᠴᠦᠨ ᠵᠦᠢᠯ᠎ᠢ ᠬᠢᠨᠠᠨ ᠬᠠᠷᠭᠤᠭᠤᠯᠬᠤ᠂ ᠥᠨᠳᠥᠷ ᠪᠠᠷᠢᠮᠵᠢᠶ᠎ᠠ᠎ᠲᠠᠢ᠂ ᠴᠢᠨᠠᠷ ᠰᠠᠢᠲᠠᠶ ᠲᠣᠨᠣᠭ᠍ᠯᠠᠯ᠎ᠢ ᠤᠷᠢᠳᠴᠢᠯᠠᠨ ᠥᠷᠨᠢᠭᠦᠯᠦᠨ᠎ᠡ᠃ ᠨᠥᠬᠦᠴᠡᠯ ᠪᠦᠷᠢᠳᠦᠭ᠌ᠰᠡᠨ ᠲᠥᠷᠥᠯ ᠵᠦᠢᠯ᠎ᠳᠤ᠂ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ᠎ᠢ ᠱᠢᠯᠵᠢᠭᠦᠯᠦᠨ ᠬᠡᠷᠡᠭ᠌ᠯᠡᠬᠦ᠌᠎ᠶ᠋ᠢ ᠮᠡᠳᠡᠭᠦᠯᠦᠨ ᠵᠥᠪᠱᠢᠶᠡᠷᠡᠭᠦᠯᠬᠦ᠌ ᠮᠠᠲ᠋ᠧᠷᠢᠶᠠᠯ᠎ᠤᠨ ᠪᠡᠯᠡᠳᠭᠡᠯ ᠠᠵᠢᠯ᠎ᠢ ᠲᠡᠷᠡ ᠳᠠᠷᠤᠶᠳᠤᠨᠢ ᠡᠬᠢᠯᠡᠭᠦᠯᠵᠦ᠍᠂ ᠮᠠᠲ᠋ᠧᠷᠢᠶᠠᠯ᠎ᠨᠢ ᠪᠦᠷᠢᠨ ᠭᠦᠢᠴᠡᠳ᠂ ᠲᠤᠭ᠎ᠠ ᠪᠠᠷᠢᠮᠲᠠ᠎ᠨᠢ ᠣᠨᠣᠪᠴᠢᠲᠠᠶ᠂ ᠵᠢᠷᠤᠭ ᠮᠠᠲ᠋ᠧᠷᠢᠶᠠᠯ᠎ᠨᠢ ᠵᠢᠷᠤᠮᠵᠢᠯ᠎ᠲᠠᠢ ᠪᠠᠢᠬᠤ᠎ᠶ᠋ᠢ ᠦᠨᠡᠨᠬᠦ᠌ ᠪᠠᠲᠤᠯᠠᠬᠤ ᠬᠡᠷᠡᠭ᠌ᠲᠡᠶ᠃ 《ᠲᠤᠰᠭᠠᠶ ᠬᠥᠮᠦᠨ᠎ᠢᠶᠠᠷ ᠬᠠᠷᠢᠭᠤᠴᠠᠭᠤᠯᠬᠤ᠂ ᠪᠥᠬᠦ᠌ ᠶᠠᠪᠤᠴᠠ᠎ᠶ᠋ᠢ ᠳᠠᠭᠠᠵᠤ ᠬᠢᠬᠦ᠂ ᠰᠣᠯᠠ ᠲᠠᠯᠪᠢᠬᠤ ᠦᠭᠡᠢ 》 ᠮᠥᠷᠳᠡᠬᠦ᠌ ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠮᠡᠳᠡᠭᠦᠯᠬᠦ᠌ ᠮᠠᠲ᠋ᠧᠷᠢᠶᠠᠯ᠎ᠢ ᠳᠡᠭᠡᠭ᠌ᠰᠢ ᠮᠡᠳᠡᠭᠦᠯᠦᠭ᠌ᠰᠡᠨᠤ ᠳᠠᠷᠠᠭ᠎ᠠ᠂ ᠨᠠᠮ᠎ᠤᠨ ᠭᠡᠱᠢᠭᠦᠨ ᠺᠠᠳ᠋ᠷ᠎ᠢ ᠲᠣᠮᠢᠯᠠᠨ ᠲᠤᠰᠭᠠᠶ ᠬᠥᠮᠦᠨ᠎ᠢᠶᠠᠷ ᠬᠠᠷᠢᠭᠤᠴᠠᠭᠤᠯᠵᠤ᠂ ᠬᠤᠲᠠ᠂ ᠲᠢᠩᠬᠢᠮ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠢᠳᠡᠪᠬᠢᠲᠡᠶ᠎ᠪᠠᠷ ᠨᠡᠪᠲᠡᠷᠡᠯᠴᠡᠨ ᠵᠣᠯᠭᠠᠭᠤᠯᠵᠤ᠂ ᠮᠠᠲ᠋ᠧᠷᠢᠶᠠᠯ᠎ᠢ ᠴᠠᠭ ᠲᠤᠬᠠᠶ᠎ᠳᠤᠨᠢ ᠨᠥᠬᠦᠪᠥᠷᠢᠯᠡᠨ ᠲᠡᠭᠦᠯᠳᠡᠷᠵᠢᠭᠦᠯᠵᠦ᠍᠂ ᠬᠢᠨᠠᠨ ᠵᠥᠪᠱᠢᠶᠡᠷᠡᠬᠦ᠌ ᠠᠬᠢᠴᠠ᠎ᠶ᠋ᠢ ᠬᠥᠳᠡᠯᠦᠩᠭᠦᠶ᠎ᠪᠠᠷ ᠡᠵᠡᠮᠱᠢᠨ᠂ ᠬᠢᠨᠠᠨ ᠵᠥᠪᠱᠢᠶᠡᠷᠡᠬᠦ᠌ ᠶᠠᠪᠤᠴᠠ᠎ᠳᠤ ᠲᠤᠯᠭᠠᠷᠠᠭ᠍ᠰᠠᠨ ᠬᠦᠴᠢᠷ ᠲᠦᠪᠡᠭ᠌ᠲᠡᠶ ᠠᠰᠠᠭᠤᠳᠠᠯ᠎ᠢ ᠬᠠᠮᠤᠭ᠎ᠤᠨ ᠲᠡᠷᠢᠭᠦᠨ᠎ᠳᠤ ᠵᠣᠬᠢᠴᠠᠭᠤᠯᠤᠨ ᠱᠢᠶ᠋ᠳᠪᠦᠷᠢᠯᠡᠵᠦ᠍᠂ ᠮᠡᠳᠡᠭᠦᠯᠬᠦ ᠮᠠᠲᠧᠷᠢᠶᠠᠯ᠎ᠢ ᠬᠢᠨᠠᠨ ᠵᠥᠪᠰᠢᠶᠡᠷᠡᠬᠦ ᠨᠡᠪᠲᠡᠷᠡᠯ ᠵᠠᠮ᠎ᠤᠨ ᠳᠤᠳᠤᠷ᠎ᠠ ᠥᠨᠳᠥᠷ ᠦᠷ᠎ᠡ ᠪᠦᠲᠦᠮᠵᠢᠲᠡᠶ᠎ᠪᠡᠷ ᠡᠷᠭᠢᠯᠳᠦᠭᠦᠯᠵᠦ᠂ ᠡᠴᠦᠰ᠎ᠲᠡᠬᠡᠨ ᠵᠥᠪᠰᠢᠶᠡᠷᠡᠯ ᠣᠯᠬᠤ᠎ᠶᠢ ᠦᠨᠡᠨ ᠬᠦ᠌ ᠪᠠᠲᠤᠯᠠᠪᠠ ᠃
ᠲᠠᠷᠠᠭᠠᠴᠢ᠎ᠶ᠋ᠢᠨ ᠠᠯᠬᠤᠮ᠎ᠳᠤ᠂ ᠳᠠᠯᠠᠳ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ 《ᠨᠠᠮ᠎ᠤᠨ ᠪᠠᠢᠭᠤᠯᠤᠯᠲᠠ᠎ᠪᠠᠷ ᠬᠥᠲᠥᠯᠦᠨ ᠳᠠᠭᠠᠭᠤᠯᠬᠤ +》 ᠵᠠᠭ᠍ᠪᠤᠷ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠲᠤᠷᠱᠢᠯᠭ᠎ᠠ᠎ᠪᠠᠨ ᠲᠠᠰᠤᠷᠠᠯᠲᠠ ᠥᠬᠡᠶ ᠳ᠋ᠦᠩᠨᠡᠨ᠂ ᠦᠢᠯᠡᠴᠢᠯᠡᠭᠡ᠎ᠪᠠᠨ ᠱᠢᠯᠢᠳᠡᠭ᠌ᠵᠢᠭᠦᠯᠵᠦ᠍᠂ ᠨᠠᠩ ᠬᠦᠴᠦᠲᠡᠶ ᠠᠷᠭ᠎ᠠ ᠬᠡᠮᠵᠢᠶ᠎ᠡ᠎ᠪᠠᠷ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠪᠠᠲᠤᠯᠠᠭ᠎ᠠ᠎ᠶ᠋ᠢᠨ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠪᠥᠬᠦ᠌ ᠬᠤᠱᠢᠭᠤᠨ᠎ᠤ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ ᠨᠠᠩ ᠪᠠᠲᠤ ᠪᠠᠬᠢ ᠭᠠᠵᠠᠷ ᠱᠢᠷᠣᠶ᠎ᠶ᠋ᠢᠨ ᠡᠯᠧᠮᠧᠨ᠋ᠲ᠎ᠤᠨ ᠲᠤᠯᠭᠠᠭᠤᠷᠢᠯᠠᠯ ᠬᠠᠩᠭᠠᠨ᠎ᠠ᠃