ᠤᠯᠠᠭᠠᠨᠴᠠᠪ ᠬᠤᠲᠠ᠎ᠶ᠋ᠢᠨ ᠱᠢᠩ ᠾᠧ ᠱᠢᠶᠠᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠠᠵᠤ ᠠᠬᠤᠢᠯᠠᠯ ᠣᠯᠠᠨ ᠲᠦᠮᠡᠨ᠎ᠳᠤ ᠦᠢᠯᠡᠴᠢᠯᠡᠬᠦ᠌ ᠡᠴᠦᠰ᠎ᠤᠨ ᠨᠢᠭᠡ ᠺᠢᠯᠣᠮᠧᠲᠷ᠎ᠢ ᠨᠡᠪᠲᠡᠷᠡᠭᠦᠯᠪᠡ
2025-12-08

  2025 ᠣᠨ᠎ᠳᠤ᠂ ᠤᠯᠠᠭᠠᠨᠴᠠᠪ ᠬᠤᠲᠠ᠎ᠶ᠋ᠢᠨ ᠱᠢᠩ ᠾᠧ ᠱᠢᠶᠠᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ 《ᠪᠠᠭᠤᠯᠭᠠᠬᠤ ᠬᠠᠮᠢᠶᠠᠷᠬᠤ ᠦᠢᠯᠡᠴᠢᠯᠡᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠣᠯᠠᠨ ᠲᠦᠮᠡᠨ᠎ᠤ ᠬᠦᠷᠲᠡᠮᠵᠢ᠎ᠶ᠋ᠢᠨ ᠲᠥᠷᠥᠭ᠌ᠳᠡᠯ᠎ᠢ ᠳᠡᠭᠡᠭ᠌ᠰᠢᠯᠡᠭᠦᠯᠬᠦ᠌》 ᠎ᠪᠠᠷ ᠤᠳᠤᠷᠢᠳᠤᠮᠵᠢ ᠪᠣᠯᠭᠠᠵᠤ᠂ ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ᠎ᠶ᠋ᠢᠨ ᠬᠦᠷᠢᠶᠡᠨ᠎ᠳᠠᠬᠢ 《ᠠᠷᠠᠳ᠎ᠲᠤ ᠲᠥᠬᠦᠮ ᠦᠵᠡᠭᠦᠯᠬᠦ᠂ ᠥᠨᠳᠥᠷ ᠪᠦᠲᠦᠮᠵᠢᠲᠡᠶ᠂ ᠳᠥᠭᠦᠮ ᠳᠥᠲᠡ》 ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠥᠯᠥ᠍ ᠬᠥᠳᠡᠯᠬᠦ᠌ ᠬᠥᠷᠥᠩᠭᠡ᠎ᠶ᠋ᠢᠨ ᠡᠯᠧᠺᠲᠷᠣᠨ ᠦᠨᠡᠮᠯᠡᠯ᠎ᠤᠨ ᠬᠡᠷᠡᠭ᠌ᠯᠡᠯᠲᠡ᠂ ᠰᠦᠯᠵᠢᠶᠡᠨ᠎ᠳᠤ ᠭᠠᠷᠬᠤ 《ᠢᠨᠲ᠋ᠧᠷ ᠰᠦᠯᠵᠢᠶ᠎ᠡ + ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ》 ᠎ᠶ᠋ᠢᠨ ᠲᠠᠪᠴᠠᠩ ᠵᠡᠷᠭᠡ ᠬᠤᠶᠠᠷ ᠶᠡᠭᠡ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠠᠵᠤ ᠠᠬᠤᠢᠯᠠᠯ ᠣᠯᠠᠨ ᠲᠦᠮᠡᠨ᠎ᠳᠤ ᠦᠢᠯᠡᠴᠢᠯᠡᠬᠦ᠌ 《ᠡᠴᠦᠰ᠎ᠤᠨ ᠨᠢᠭᠡ ᠺᠢᠯᠣᠮᠧᠲᠷ》 ᠎ᠢ ᠦᠨᠡᠨ ᠬᠦ᠌ ᠨᠡᠪᠲᠡᠷᠡᠭᠦᠯᠵᠦ᠍᠂ ᠠᠷᠠᠳ᠎ᠲᠤ ᠲᠥᠬᠦᠮ ᠦᠵᠡᠭᠦᠯᠵᠦ᠍ ᠠᠷᠠᠳ᠎ᠲᠤ ᠠᠱᠢᠭ ᠬᠦᠷᠲᠡᠭᠡᠬᠦ᠌ ᠠᠵᠢᠯ ᠢᠯᠡᠳᠲᠡ ᠦᠷ᠎ᠡ ᠪᠦᠲᠦᠮᠵᠢ ᠤᠯᠪᠠ᠃

  ᠠᠵᠢᠯ ᠶᠠᠪᠤᠳᠠᠯ ᠭᠦᠢᠴᠡᠳᠭᠡᠬᠦ᠌ ᠴᠤᠪᠤᠷᠠᠯ᠎ᠢ ᠳᠥᠭᠦᠮᠴᠢᠯᠡᠵᠦ᠍᠂ ᠡᠯᠧᠺᠲᠷᠣᠨ ᠭᠡᠷᠡᠴᠢ ᠦᠨᠡᠮᠯᠡᠯ᠎ᠤᠨ ᠬᠡᠷᠡᠭ᠌ᠯᠡᠯᠲᠡ᠎ᠶ᠋ᠢ ᠠᠬᠢᠭᠤᠯᠪᠠ᠃ ᠦᠯᠦ᠍ ᠬᠥᠳᠡᠯᠬᠦ᠌ ᠬᠥᠷᠥᠩᠭᠡ᠎ᠶ᠋ᠢᠨ ᠡᠯᠧᠺᠲᠷᠣᠨ ᠦᠨᠡᠮᠯᠡᠯ᠎ᠢ ᠳᠡᠯᠭᠡᠷᠡᠭᠦᠯᠦᠨ ᠬᠡᠷᠡᠭ᠌ᠯᠡᠬᠦ᠌᠎ᠶ᠋ᠢ ᠪᠠᠭᠤᠯᠭᠠᠬᠤ ᠬᠠᠮᠢᠶᠠᠷᠬᠤ ᠦᠢᠯᠡᠴᠢᠯᠡᠬᠦ᠌ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠴᠢᠬᠤᠯᠠ ᠭᠠᠷᠳᠠᠴᠠ ᠪᠣᠯᠭᠠᠵᠤ᠂ ᠪᠦᠬᠦ᠌ ᠬᠦᠴᠦᠨ᠎ᠢᠶᠠᠷ᠎ᠢᠶᠠᠨ ᠠᠵᠤ ᠠᠬᠤᠢᠯᠠᠯ ᠣᠯᠠᠨ ᠲᠦᠮᠡᠨ᠎ᠳᠤ ᠥᠯᠥ᠍ ᠬᠥᠳᠡᠯᠬᠦ᠌ ᠬᠥᠷᠥᠩᠭᠡ᠎ᠶ᠋ᠢᠨ ᠥᠨᠳᠥᠷ ᠪᠦᠲᠦᠮᠵᠢᠲᠡᠶ ᠳᠥᠭᠦᠮ ᠳᠥᠲᠡ ᠳᠠᠩᠰᠠᠯᠠᠬᠤ ᠦᠢᠯᠡᠴᠢᠯᠡᠭᠡ ᠬᠠᠩᠭᠠᠨ᠎ᠠ᠃ ᠡᠯᠧᠺᠲᠷᠣᠨ ᠦᠨᠡᠮᠯᠡᠯ᠎ᠤᠨ ᠬᠡᠷᠡᠭ᠌ᠯᠡᠭᠡᠨ᠎ᠤ ᠠᠵᠢᠯ᠎ᠤᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠂ ᠥᠯᠥ᠍ ᠬᠥᠳᠡᠯᠬᠦ᠌ ᠬᠥᠷᠥᠩᠭᠡ᠎ᠶ᠋ᠢᠨ ᠡᠯᠧᠺᠲᠷᠣᠨ ᠦᠨᠡᠮᠯᠡᠯ᠎ᠢ ᠪᠠᠷᠢᠴᠠᠭᠠᠯᠠᠬᠤ ᠳᠡᠩᠰᠡᠯᠡᠯᠲᠡ᠂ ᠠᠷᠠᠯᠵᠢᠶᠠᠨ᠎ᠤ ᠡᠷᠦᠬᠡ ᠠᠮᠠ ᠱᠢᠯᠵᠢᠭᠦᠯᠬᠦ᠌ ᠵᠡᠷᠭᠡ ᠥᠨᠳᠥᠷ ᠳᠠᠪᠲᠠᠮᠵᠢᠲᠤ ᠲᠠᠯᠠᠪᠤᠷ᠎ᠤᠨ ᠬᠡᠷᠡᠭ᠌ᠯᠡᠭᠡᠨ᠎ᠤ ᠠᠷᠭ᠎ᠠ ᠵᠠᠮ᠎ᠢ ᠲᠣᠳᠣᠷᠬᠠᠢᠯᠠᠵᠤ᠂ ᠡᠯᠧᠺᠲᠷᠣᠨ ᠦᠨᠡᠮᠯᠡᠯ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠂ ᠣᠯᠠᠨ ᠨᠡᠢᠲᠡ᠎ᠶ᠋ᠢᠨ ᠦᠶ᠋ᠯᠡᠴᠢᠯᠡᠭᠡ ᠵᠡᠷᠭᠡ ᠬᠦᠷᠢᠶᠡᠨ᠎ᠳᠤ 《ᠬᠡᠷᠡᠭ᠌ᠯᠡᠵᠦ᠍ ᠪᠣᠯᠬᠤ᠂ ᠬᠡᠷᠡᠭ᠌ᠯᠡᠬᠦ᠌᠎ᠳᠤ ᠰᠠᠢᠨ᠂ ᠲᠤᠰᠠᠲᠠᠶ》 ᠪᠠᠢᠬᠤ᠎ᠶ᠋ᠢ ᠦᠨᠡᠨ ᠬᠦ᠌ ᠪᠠᠲᠤᠯᠠᠵᠤ᠂ ᠠᠵᠤ ᠠᠬᠤᠢᠯᠠᠯ ᠣᠯᠠᠨ ᠲᠦᠮᠡᠨ᠎ᠤ 《ᠳᠠᠬᠢᠨ ᠳᠠᠪᠲᠠᠨ ᠮᠠᠲ᠋ᠧᠷᠢᠶᠠᠯ ᠲᠤᠱᠢᠶᠠᠬᠤ᠂ ᠨᠠᠭ᠋ᠠᠰᠢ ᠴᠠᠭ᠋ᠠᠰᠢ ᠭᠦᠶᠦᠬᠦ᠌》 ᠎ᠶ᠋ᠢᠨ ᠶᠠᠷᠱᠢᠭ ᠲᠦᠪᠡᠭ᠎ᠢ ᠡᠬᠢ ᠡᠭᠦᠰᠦᠯ᠎ᠠᠴᠠ᠎ᠨᠢ ᠪᠠᠭᠠᠰᠭᠠᠪᠠ᠃

  ᠳᠡᠯᠭᠡᠷᠡᠭᠦᠯᠦᠨ ᠨᠠᠢᠳᠠᠪᠤᠷᠢᠵᠢᠭᠤᠯᠬᠤ᠎ᠶ᠋ᠢ ᠴᠢᠩᠭᠠᠳᠭᠠᠵᠤ᠂ ᠬᠡᠷᠡᠭ᠌ᠯᠡᠬᠦ᠌ ᠪᠦᠷᠬᠦᠴᠡ᠎ᠶ᠋ᠢ ᠳᠡᠭᠡᠭᠰᠢᠯᠡᠭᠦᠯᠪᠡ᠃ ᠵᠠᠰᠠᠭ᠎ᠤᠨ ᠶᠠᠪᠤᠳᠠᠯ᠎ᠤᠨ ᠶᠡᠭᠡ ᠲᠢᠩᠬᠢᠮ᠎ᠤᠨ ᠴᠣᠩᠬᠤᠪᠴᠢ᠎ᠪᠠᠷ ᠤᠬᠠᠭᠤᠯᠬᠤ᠂ ᠸᠢᠴᠠᠲ᠎ᠤᠨ ᠣᠯᠠᠨ ᠨᠡᠢᠲᠡ᠎ᠶ᠋ᠢᠨ ᠲᠠᠪᠴᠠᠩ᠎ᠢᠶᠠᠷ ᠬᠦᠷᠭᠡᠬᠦ᠂ ᠤᠬᠠᠭᠤᠯᠭ᠎ᠠ᠎ᠶ᠋ᠢᠨ ᠭᠠᠷ ᠳᠡᠪᠲᠡᠷ ᠲᠠᠷᠬᠠᠭᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠠᠵᠤ ᠠᠬᠤᠢᠯᠠᠯ ᠣᠯᠠᠨ ᠲᠦᠮᠡᠨ᠎ᠳᠤ ᠥᠯᠥ᠍ ᠬᠥᠳᠡᠯᠬᠦ᠌ ᠬᠥᠷᠥᠩᠭᠡ᠎ᠶ᠋ᠢᠨ ᠡᠯᠧᠺᠲᠷᠣᠨ ᠦᠨᠡᠮᠯᠡᠯ᠎ᠢ ᠤᠯᠬᠤ ᠠᠷᠭ᠎ᠠ ᠵᠠᠮ᠂ ᠬᠡᠷᠡᠭ᠌ᠯᠡᠬᠦ᠌ ᠴᠤᠪᠤᠷᠠᠯ ᠵᠢᠴᠢ ᠬᠠᠤᠯᠢ ᠴᠠᠭᠠᠵᠠ᠎ᠶ᠋ᠢᠨ ᠬᠦᠴᠦᠨ᠎ᠢ ᠲᠦᠭᠡᠮᠡᠯᠵᠢᠭᠦᠯᠵᠦ᠍᠂ ᠡᠯᠧᠺᠲᠷᠣᠨ ᠦᠨᠡᠮᠯᠡᠯ᠎ᠢ ᠣᠢᠯᠠᠭᠠᠬᠤ ᠨᠣᠷᠮ᠎ᠠ᠎ᠶ᠋ᠢ ᠪᠦᠲᠦᠮᠵᠢᠲᠡᠶ ᠳᠡᠭᠡᠭᠰᠢᠯᠡᠭᠦᠯᠪᠡ᠃ ᠡᠭᠦᠨ᠎ᠤ ᠬᠠᠮᠲᠤ᠌᠂ ᠮᠥᠩᠭᠦᠨ ᠭᠦᠢᠯᠭᠡᠭᠡᠨ᠎ᠤ ᠪᠠᠢᠭᠤᠯᠤᠮᠵᠢ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠂ ᠰᠤᠷᠭᠠᠨ ᠬᠥᠮᠦᠵᠢᠯ᠂ ᠳᠣᠲᠣᠭᠠᠳᠤ᠎ᠶ᠋ᠢ ᠬᠠᠮᠠᠭᠠᠯᠠᠬᠤ ᠵᠡᠷᠭᠡ ᠰᠠᠯᠠᠭ᠎ᠠ ᠮᠥᠴᠢᠷ᠎ᠯᠦᠭᠡ ᠬᠠᠮᠵᠢᠯᠴᠠᠨ ᠵᠣᠯᠭᠠᠭᠤᠯᠬᠤ᠎ᠶ᠋ᠢ ᠴᠢᠩᠭᠠᠳᠭᠠᠵᠤ᠂ ᠡᠯᠧᠺᠲᠷᠣᠨ ᠦᠨᠡᠮᠯᠡᠯ᠎ᠢ ᠰᠠᠯᠠᠭ᠎ᠠ ᠮᠥᠴᠢᠷ ᠠᠯᠤᠰᠯᠠᠨ ᠬᠠᠮᠲᠤ᠎ᠪᠠᠷ ᠭᠥᠷᠳᠡᠵᠦ᠍ ᠬᠠᠷᠢᠯᠴᠠᠨ ᠮᠡᠳᠡᠷᠡᠬᠦ᠌᠎ᠶ᠋ᠢ ᠠᠬᠢᠭᠤᠯᠤᠨ᠂ 《ᠢᠨᠲ᠋ᠧᠷ           ᠰᠦᠯᠵᠢᠶ᠎ᠡ + ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ》 ᠎ᠶ᠋ᠢᠨ ᠲᠠᠪᠴᠠᠩ᠎ᠢᠶᠠᠷ ᠳᠠᠮᠵᠢᠭᠤᠯᠤᠨ᠂ 《ᠰᠦᠯᠵᠢᠶᠡᠨ ᠳᠡᠭᠡᠷ᠎ᠡ ᠭᠦᠢᠴᠡᠳᠭᠡᠬᠦ᠌》 ᠦᠢᠯᠡᠴᠢᠯᠡᠭᠡᠨ᠎ᠤ ᠱᠢᠨ᠎ᠡ ᠵᠠᠭ᠍ᠪᠤᠷ᠎ᠢ ᠡᠬᠢᠯᠡᠭᠦᠯᠦᠭᠰᠡᠨ ᠪᠠᠢ᠌ᠨ᠎ᠠ᠃

ᠢᠷᠡᠯᠲᠡ᠄ ᠤᠯᠠᠭᠠᠨᠴᠠᠪ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ