ᠤᠯᠠᠭᠠᠨᠬᠠᠳᠠ ᠬᠤᠲᠠ᠎ᠶ᠋ᠢᠨ ᠶᠤᠸᠠᠨ ᠪᠦᠦ ᠱᠠᠨ ᠲᠣᠭᠤᠷᠢᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠠᠵᠤ ᠦᠢᠯᠡᠳᠪᠦᠷᠢ᠎ᠶ᠋ᠢᠨ ᠬᠥᠭ᠌ᠵᠢᠯᠲᠡ᠎ᠶ᠋ᠢᠨ 《ᠬᠠᠲᠠᠭᠤ ᠲᠤᠯᠭᠠᠭᠤᠷᠢᠯᠠᠯ》 ᠎ᠢ ᠤᠷᠢᠳᠠᠪᠠᠷ ᠪᠠᠲᠤᠳᠭᠠᠪᠠ
2025-12-10

  ᠡᠨᠡ ᠵᠢᠯ᠎ᠠᠴᠠ ᠨᠠᠭ᠋ᠠᠰᠢ᠂ ᠤᠯᠠᠭᠠᠨᠬᠠᠳᠠ ᠬᠤᠲᠠ᠎ᠶ᠋ᠢᠨ ᠶᠤᠸᠠᠨ ᠪᠦᠦ ᠱᠠᠨ ᠲᠣᠭᠤᠷᠢᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠬᠤᠲᠠ᠎ᠶ᠋ᠢᠨ ᠨᠠᠮ᠎ᠤᠨ ᠬᠤᠷᠢᠶ᠎ᠠ᠎ᠶ᠋ᠢᠨ 《ᠠᠵᠤ ᠦᠢᠯᠡᠳᠪᠦᠷᠢ᠎ᠪᠠᠷ ᠬᠤᠲᠠ᠎ᠶ᠋ᠢ ᠬᠦᠴᠦᠷᠬᠡᠭ᠌ᠵᠢᠭᠦᠯᠬᠦ᠌》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ 《ᠠᠵᠤ ᠦᠢᠯᠡᠰ᠎ᠢᠶᠠᠷ ᠬᠤᠲᠠ᠎ᠶ᠋ᠢ ᠲᠣᠭ᠍ᠲᠠᠭᠠᠬᠤ᠂ ᠲᠥᠯᠥᠪᠵᠢᠭᠦᠯᠭᠡ᠎ᠪᠠᠷ ᠬᠥᠲᠥᠯᠥᠨ ᠳᠠᠭᠠᠭᠤᠯᠬᠤ》 ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠬᠠᠮᠢᠶ᠎ᠠ ᠪᠥᠬᠦᠶ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠣᠷᠣᠨ ᠪᠦᠰᠡ᠎ᠶ᠋ᠢᠨ ᠠᠵᠤ ᠦᠢᠯᠡᠳᠪᠦᠷᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃

  ᠲᠥᠯᠥᠪᠵᠢᠭᠦᠯᠭᠡ᠎ᠪᠠᠷ ᠬᠥᠲᠥᠯᠥᠨ ᠳᠠᠭᠠᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠨ᠎ᠠ᠃ ᠠᠵᠤ ᠦᠢᠯᠡᠳᠪᠦᠷᠢ᠎ᠶ᠋ᠢᠨ ᠲᠣᠭᠤᠷᠢᠭ ᠵᠢᠴᠢ ᠭᠤᠣᠯᠳᠠᠯᠭ᠎ᠠ᠎ᠲᠠᠢ ᠲᠥᠷᠥᠯ ᠵᠦᠢᠯ᠎ᠤᠨ ᠡᠵᠡᠮᠳᠡᠯ᠎ᠤᠨ ᠴᠢᠨᠠᠷᠲᠠᠶ ᠨᠠᠷᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠪᠠ ᠬᠢᠨᠠᠨ ᠵᠥᠪᠱᠢᠶᠡᠷᠡᠬᠦ᠌ ᠠᠵᠢᠯ᠎ᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ 《ᠤᠯᠠᠭᠠᠨᠬᠠᠳᠠ᠎ᠶ᠋ᠢᠨ ᠶᠤᠸᠠᠨ ᠪᠦᠦ ᠱᠠᠨ᠎ᠤ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠤᠷᠢᠭ (ᠶᠤᠸᠠᠨ ᠪᠦᠦ ᠱᠠᠨ᠎ᠤ ᠬᠡᠰᠡᠭ ᠣᠷᠣᠨ) ᠎ᠤᠨ ᠡᠵᠡᠮᠳᠡᠯ᠎ᠤᠨ ᠴᠢᠨᠠᠷᠲᠠᠶ ᠨᠠᠷᠢᠨ ᠲᠥᠯᠥᠪᠵᠢᠭᠦᠯᠭᠡ》 ᠂ 《ᠥᠪᠥᠷ ᠮᠣᠩᠭᠤᠯ᠎ᠤᠨ ᠳ᠋ᠦᠩ ᠷᠠᠨ ᠴᠠᠬᠢᠯᠭᠠᠨ ᠬᠦᠴᠦᠨ᠎ᠤ ᠰᠠᠯᠬᠢᠨ ᠬᠦᠴᠦᠨ᠎ᠤ ᠴᠠᠬᠢᠯᠭᠠᠨ᠎ᠤ ᠠᠵᠤ ᠦᠢᠯᠡᠰ᠎ᠤᠨ ᠦᠢᠯᠡᠴᠢᠯᠡᠭᠡᠨ᠎ᠤ ᠲᠥᠪ᠎ᠤᠨ ᠲᠥᠷᠥᠯ ᠵᠦᠢᠯ 1001 - 01 ᠬᠡᠰᠡᠭ ᠭᠠᠵᠠᠷ᠎ᠤᠨ ᠡᠵᠡᠮᠳᠡᠯ᠎ᠤᠨ ᠴᠢᠨᠠᠷᠲᠠᠶ ᠨᠠᠷᠢᠨ ᠲᠥᠯᠥᠪᠵᠢᠭᠦᠯᠭᠡ》 ᠎ᠶ᠋ᠢ ᠤᠷᠤᠭ᠍ᠰᠢᠲᠠᠶ ᠪᠡᠶᠡᠯᠡᠭᠦᠯᠵᠦ᠍᠂ ᠬᠡᠷᠡᠭ᠌ᠯᠡᠬᠦ᠌ ᠭᠠᠵᠠᠷ᠎ᠢ ᠲᠥᠷᠥᠯ ᠬᠤᠪᠢᠶᠠᠨ ᠬᠠᠮᠢᠶᠠᠷᠤᠨ ᠡᠵᠡᠮᠳᠡᠬᠦ᠌᠎ᠶ᠋ᠢ ᠪᠡᠶᠡᠯᠡᠭᠦᠯᠦᠨ᠂ ᠠᠵᠤ ᠦᠢᠯᠡᠰ᠎ᠤᠨ ᠲᠥᠪᠯᠡᠷᠡᠨ ᠬᠥᠭ᠌ᠵᠢᠬᠦ᠂ ᠭᠠᠵᠠᠷ ᠱᠢᠷᠣᠶ᠎ᠶ᠋ᠢ ᠥᠨᠳᠥᠷ ᠪᠦᠲᠦᠮᠵᠢᠲᠡᠶ᠎ᠪᠠᠷ ᠠᠱᠢᠭ᠍ᠯᠠᠬᠤ ᠪᠠ ᠠᠵᠤ ᠠᠬᠤᠶ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠬᠥᠲᠥᠯᠦᠨ ᠵᠢᠯᠣᠭᠤᠳᠴᠤ᠌᠂ ᠢᠮᠠᠬᠤ᠎ᠶ᠋ᠢᠨ ᠲᠡᠳᠦᠢ ᠭᠠᠵᠠᠷ ᠱᠢᠷᠣᠶ᠎ᠳᠤ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠪᠠᠳᠠᠷᠠᠭᠤᠯᠤᠨ᠎ᠠ᠃

  ᠪᠣᠳᠠᠲᠠᠢ᠎ᠳᠤ ᠰᠠᠭᠤᠷᠢᠯᠠᠵᠤ᠂ ᠤᠨᠢᠨ ᠳᠡᠭᠡᠷ᠎ᠡ᠎ᠨᠢ ᠪᠠᠲᠤᠯᠠᠨ᠎ᠠ᠃ ᠠᠵᠤ ᠦᠢᠯᠡᠳᠪᠦᠷᠢ᠎ᠶ᠋ᠢᠨ ᠲᠣᠭᠤᠷᠢᠭ᠎ᠤᠨ ᠠᠵᠤ ᠦᠢᠯᠡᠰ᠎ᠤᠨ ᠰᠠᠭᠤᠷᠢ᠂ ᠵᠠᠮ ᠬᠠᠷᠢᠯᠴᠠᠭᠠᠨ᠎ᠤ ᠨᠥᠬᠦᠴᠡᠯ ᠬᠢᠭᠡᠳ ᠬᠥᠭ᠌ᠵᠢᠯᠲᠡ᠎ᠶ᠋ᠢᠨ ᠳᠠᠯᠳᠠ ᠬᠦᠴᠦᠨ᠎ᠲᠠᠢ ᠤᠶᠠᠯᠳᠤᠭᠤᠯᠤᠨ᠂ ᠭᠠᠵᠠᠷ ᠬᠡᠷᠡᠭ᠌ᠯᠡᠬᠦ᠌ ᠨᠢᠭᠡᠴᠢ᠎ᠶ᠋ᠢ ᠵᠦᠢ ᠵᠣᠬᠢᠰᠲᠠᠢ ᠬᠤᠪᠢᠶᠠᠷᠢᠯᠠᠨ᠂ ᠳ᠋ᠤᠭᠠᠷᠯᠠᠨ ᠬᠠᠮᠢᠶᠠᠷᠬᠤ᠎ᠶ᠋ᠢ ᠬᠡᠷᠡᠭ᠌ᠵᠢᠭᠦᠯᠵᠦ᠍᠂ ᠡᠯ᠎ᠡ ᠭᠠᠵᠠᠷ᠎ᠤᠨ ᠭᠠᠵᠠᠷ ᠬᠡᠷᠡᠭ᠌ᠯᠡᠬᠦ᠌ ᠱᠢᠨᠵᠢ ᠴᠢᠨᠠᠷ᠂ ᠵᠠᠭᠠᠭ ᠱᠤᠭᠤᠮ᠎ᠤᠨ ᠬᠡᠪᠴᠢᠶ᠎ᠡ᠂ ᠬᠡᠷᠡᠭ᠌ᠯᠡᠬᠦ᠌ ᠭᠠᠵᠠᠷ᠎ᠤᠨ ᠲᠠᠯᠠᠪᠠᠢ᠎ᠶ᠋ᠢ ᠲᠣᠳᠣᠷᠬᠠᠢᠯᠠᠨ᠂ ᠭᠠᠵᠠᠷ ᠬᠡᠷᠡᠭ᠌ᠯᠡᠬᠦ᠌ 《ᠪᠡᠶ᠎ᠡ᠎ᠶ᠋ᠢᠨ ᠭᠠᠷᠤᠯ᠎ᠲᠠᠢ᠂ ᠪᠠᠢᠷᠢᠱᠢᠯ᠎ᠲᠠᠢ᠂ ᠬᠢᠵᠠᠭᠠᠷᠯᠠᠯ᠎ᠲᠠᠢ》 ᠪᠠᠢᠬᠤ᠎ᠶ᠋ᠢ ᠪᠠᠲᠤᠯᠠᠵᠤ᠂ ᠭᠤᠣᠯᠳᠠᠯᠭ᠎ᠠ᠎ᠲᠠᠢ ᠲᠥᠷᠥᠯ ᠵᠦᠢᠯ᠎ᠢ ᠨᠠᠢᠳᠠᠪᠤᠷᠢᠵᠢᠭᠤᠯᠬᠤ᠂ ᠣᠷᠣᠨ ᠵᠠᠢ᠎ᠶ᠋ᠢᠨ ᠪᠠᠢᠷᠢᠱᠢᠭᠤᠯᠤᠯ᠎ᠨᠢ ᠵᠦᠢ ᠵᠣᠬᠢᠰᠲᠠᠢ᠂ ᠭᠠᠵᠠᠷ ᠱᠢᠷᠣᠢ᠎ᠶ᠋ᠢᠨ ᠬᠠᠩᠭᠠᠯᠭ᠎ᠠ᠎ᠨᠢ ᠡᠮᠬᠢ ᠵᠢᠷᠤᠮ᠎ᠲᠠᠢ ᠪᠠᠢᠬᠤ᠎ᠶ᠋ᠢ ᠪᠠᠲᠤᠯᠠᠨ᠎ᠠ᠃

  ᠬᠦᠢᠴᠡᠳᠭᠡᠯ ᠲᠤᠭ᠎ᠠ᠎ᠶ᠋ᠢ ᠬᠠᠮᠢᠶᠠᠷᠤᠨ ᠡᠵᠡᠮᠳᠡᠵᠦ᠍᠂ ᠨᠡᠭᠡᠭᠡᠯᠲᠡ ᠬᠢᠬᠦ᠌᠎ᠶ᠋ᠢ ᠵᠢᠷᠤᠮᠵᠢᠭᠤᠯᠤᠨ᠎ᠠ᠃ ᠡᠯ᠎ᠡ ᠭᠠᠵᠠᠷ᠎ᠤᠨ ᠨᠡᠭᠡᠭᠡᠨ ᠬᠥᠭ᠌ᠵᠢᠭᠦᠯᠬᠦ᠌ ᠡᠷᠴᠢᠮ᠂ ᠪᠠᠷᠢᠯᠭ᠎ᠠ᠎ᠶ᠋ᠢᠨ ᠥᠨᠳᠥᠷ᠂ ᠪᠠᠷᠢᠯᠭ᠎ᠠ᠎ᠶ᠋ᠢᠨ ᠨᠢᠭ᠍ᠲᠠᠴᠠ ᠵᠡᠷᠭᠡ ᠭᠦᠢᠴᠡᠳᠭᠡᠯ ᠲᠤᠭ᠎ᠠ᠎ᠶ᠋ᠢ ᠲᠣᠳᠣᠷᠬᠠᠢᠯᠠᠵᠤ᠂ 《ᠳᠡᠭᠡᠳᠦ ᠬᠢᠵᠠᠭᠠᠷ + ᠳᠣᠣᠷᠠᠳᠤ ᠬᠢᠵᠠᠭᠠᠷ》 ᠎ᠤᠨ ᠬᠤᠣᠰ ᠡᠵᠡᠮᠳᠡᠯ᠎ᠤᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠳᠡᠭᠡᠳᠦ ᠬᠢᠵᠠᠭᠠᠷ᠎ᠨᠢ ᠬᠡᠲᠦᠷᠬᠡᠢ ᠲᠡᠯᠡᠵᠦ᠍ ᠣᠷᠴᠢᠨ ᠲᠣᠭᠤᠷᠢᠨ᠎ᠢ ᠨᠥᠯᠥᠭᠡᠯᠡᠬᠦ᠌᠎ᠠᠴᠠ ᠵᠠᠢᠯᠠᠰᠭᠢᠵᠦ᠍᠂ ᠳᠣᠣᠷᠠᠳᠤ ᠬᠢᠵᠠᠭᠠᠷ᠎ᠨᠢ ᠪᠡᠯᠡ ᠣᠷᠣᠭᠤᠯᠤᠯᠲᠠ᠎ᠶ᠋ᠢᠨ ᠬᠦᠴᠦᠯᠡᠴᠡ ᠪᠠ ᠭᠠᠷᠭᠠᠯᠲᠠ᠎ᠶ᠋ᠢᠨ ᠦᠷ᠎ᠡ ᠠᠱᠢᠭ᠎ᠢ ᠵᠢᠷᠤᠮᠵᠢᠭᠤᠯᠵᠤ᠂ ᠭᠠᠵᠠᠷ ᠱᠢᠷᠣᠢ᠎ᠶ᠋ᠢ ᠪᠦᠳᠦᠭᠦᠯᠢᠭ᠎ᠢᠶᠠᠷ ᠬᠡᠷᠡᠭ᠌ᠯᠡᠬᠦ᠌᠎ᠶ᠋ᠢ ᠲᠠᠰᠤ ᠵᠣᠭ᠍ᠰᠣᠭᠠᠬᠤ ᠬᠡᠷᠡᠭ᠌ᠲᠡᠢ᠃ ᠬᠤᠣᠰ ᠡᠵᠡᠮᠳᠡᠯ᠎ᠤᠨ ᠲᠣᠭ᠍ᠲᠠᠴᠠ᠎ᠪᠠᠷ ᠳᠠᠮᠵᠢᠭᠤᠯᠤᠨ ᠠᠮᠢ ᠠᠬᠤᠢ᠎ᠶ᠋ᠢ ᠬᠠᠮᠠᠭᠠᠯᠠᠬᠤ ᠪᠠ ᠨᠡᠭᠡᠭᠡᠨ ᠬᠥᠭ᠌ᠵᠢᠭᠦᠯᠬᠦ᠌ ᠦᠷ᠎ᠡ ᠠᠱᠢᠭ᠎ᠢ ᠨᠢᠭᠡᠳᠦᠯᠲᠡᠢ ᠲᠥᠯᠥᠪᠵᠢᠭᠦᠯᠬᠦ᠌᠎ᠪᠠᠷ ᠳᠠᠮᠵᠢᠭᠤᠯᠵᠤ᠂ ᠭᠠᠵᠠᠷ ᠱᠢᠷᠣᠢ᠎ᠶ᠋ᠢ ᠡᠷᠴᠢᠮᠵᠢᠭᠦᠯᠦᠨ ᠠᠱᠢᠭ᠍ᠯᠠᠬᠤ ᠪᠠ ᠪᠣᠬᠢᠷᠲᠤᠯ ᠦᠭᠡᠢ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠤᠨ᠎ᠠ᠃

  ᠳᠠᠷᠠᠭᠠᠴᠢ᠎ᠶ᠋ᠢᠨ ᠠᠯᠬᠤᠮ᠎ᠳᠤ᠂ ᠶᠤᠸᠠᠨ ᠪᠦᠦ ᠱᠠᠨ ᠲᠣᠭᠤᠷᠢᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠲᠥᠯᠥᠪᠵᠢᠭᠦᠯᠭᠡ᠎ᠪᠠᠷ ᠲᠣᠯᠣᠭᠠᠢᠯᠠᠭ᠍ᠴᠢ ᠪᠣᠯᠭᠠᠬᠤ᠂ ᠲᠦᠷᠦᠯ ᠵᠦᠢᠯ᠎ᠢᠶᠠᠷ ᠲᠦᠱᠢᠭ ᠪᠣᠯᠭᠠᠬᠤ᠂ ᠭᠠᠵᠠᠷ ᠱᠢᠷᠣᠢ᠎ᠪᠠᠷ ᠠᠴᠢᠶᠠᠯᠠᠪᠤᠷᠢ ᠪᠣᠯᠭᠠᠬᠤ᠎ᠶ᠋ᠢ ᠦᠷᠭᠦᠯᠵᠢᠯᠡᠨ ᠪᠠᠷᠢᠮᠲᠠᠯᠠᠵᠤ᠂ ᠠᠵᠤ ᠦᠢᠯᠡᠳᠪᠦᠷᠢ᠎ᠶ᠋ᠢᠨ ᠣᠷᠣᠨ ᠵᠠᠢ᠎ᠶ᠋ᠢᠨ ᠪᠠᠢᠷᠢᠱᠢᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠭᠠᠵᠠᠷ ᠱᠢᠷᠣᠢ᠎ᠶ᠋ᠢᠨ ᠠᠱᠢᠭ᠍ᠯᠠᠯᠲᠠ᠎ᠶ᠋ᠢᠨ ᠶᠡᠷᠦᠩᠬᠡᠢᠯᠡᠭ᠌ᠰᠡᠨ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠶᠤᠸᠠᠨ ᠪᠦᠦ ᠱᠠᠨ ᠲᠣᠭᠤᠷᠢᠭ᠎ᠤᠨ ᠠᠵᠤ ᠦᠢᠯᠡᠳᠪᠦᠷᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠤ ᠨᠡᠩ ᠪᠠᠲᠤ ᠪᠠᠬᠢ ᠨᠠᠢᠳᠠᠪᠤᠷᠢᠲᠠᠢ ᠡᠬᠢ ᠪᠠᠶᠠᠯᠢᠭ᠎ᠤᠨ ᠪᠠᠲᠤᠯᠠᠭ᠎ᠠ ᠬᠠᠩᠭᠠᠨ᠎ᠠ᠃

ᠢᠷᠡᠯᠲᠡ᠄ ᠤᠯᠠᠭᠠᠨᠬᠠᠳᠠ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ