ᠥᠪᠡᠷᠲᠡᠭᠡᠨ ᠵᠠᠰᠠᠬᠤ ᠣᠷᠣᠨ᠎ᠤ᠋ ᠨᠡᠭᠦᠷᠡᠰᠦᠨᠦ᠌ ᠪᠤᠰᠤ ᠠᠭᠤᠷᠬᠠᠢ᠎ᠶᠢᠨ ᠠᠵᠢᠯ ᠲᠥᠷᠥᠯ᠎ᠦ᠋ᠨ ᠬᠠᠮᠢᠶᠠᠷᠤᠯᠲᠠ᠎ᠶᠢᠨ ᠠᠵᠢᠯ᠎ᠤ᠋ᠨ ᠬᠣᠯᠪᠣᠭ᠍ᠳᠠᠯ ᠪᠦᠬᠦᠢ ᠱᠠᠭᠠᠷᠳᠠᠯᠭ᠎ᠠ᠎ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠣᠲᠠ᠎ᠶᠢᠨ ᠨᠡᠭᠦᠷᠡᠰᠦᠨᠦ᠌ ᠪᠤᠰᠤ ᠠᠭᠤᠷᠬᠠᠢ᠎ᠶᠢᠨ ᠠᠵᠢᠯ ᠲᠥᠷᠥᠯ᠎ᠦ᠋ᠨ ᠬᠠᠮᠢᠶᠠᠷᠴᠤ᠌ ᠵᠣᠬᠢᠴᠠᠭᠤᠯᠬᠤ ᠠᠵᠢᠯ᠎ᠤ᠋ᠨ ᠲᠣᠭ᠍ᠲᠠᠴᠠ᠎ᠶᠢᠨ ᠦᠢᠯᠡᠳᠦᠯ᠎ᠢ᠋ ᠦᠨᠡᠨ ᠬᠦ᠌ ᠪᠠᠳᠠᠷᠠᠭᠤᠯᠬᠤ᠎ᠶᠢᠨ ᠲᠤᠰᠠᠳᠠ᠂ 12 ᠳ᠋ᠤᠭᠠᠷ ᠰᠠᠷ᠎ᠠ᠎ᠶᠢᠨ 2 ᠤ ᠡᠳᠦᠷᠠ᠋ᠴᠠ 10 ᠤ᠋ ᠡᠳᠦᠷ ᠪᠣᠯᠲᠠᠯ᠎ᠠ᠂ ᠲᠦᠩᠯᠢᠶᠣᠣ ᠬᠣᠲᠠ᠎ᠶᠢᠨ ᠪᠠᠢᠭᠠᠯᠢ᠎ᠶᠢᠨ ᠡᠬᠢ ᠪᠠᠶᠠᠯᠢᠭ᠎ᠤ᠋ᠨ ᠲᠣᠪᠴᠢᠶ᠎ᠠ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠂ ᠠᠵᠦ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠭᠢᠮ᠂ ᠤᠰᠤᠨ᠎ᠤ᠋ ᠶᠠᠪᠤᠳᠠᠯ᠎ᠤ᠋ᠨ ᠲᠣᠪᠴᠢᠶ᠎ᠠ᠂ ᠣᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ᠂ ᠠᠮᠢ ᠠᠬᠤᠢ᠎ᠶᠢᠨ ᠣᠷᠴᠢᠨ ᠲᠣᠭᠣᠷᠢᠨᠤ᠋ ᠲᠣᠪᠴᠢᠶ᠎ᠠ᠂ ᠠᠭᠤᠷᠬᠠᠢ᠎ᠶᠢᠨ ᠠᠮᠤᠷ ᠲᠦᠪᠰᠢᠨᠦ᠌ ᠬᠢᠨᠠᠨ ᠪᠠᠢᠴᠠᠭᠠᠬᠤ ᠲᠣᠪᠴᠢᠶ᠎ᠠ᠎ᠲᠠᠢ ᠬᠠᠮᠲᠤᠷᠠᠨ ᠨᠡᠭᠦᠷᠡᠰᠦᠨᠦ᠌ ᠪᠤᠰᠤ ᠠᠭᠤᠷᠬᠠᠢ᠎ᠶᠢᠨ ᠠᠶᠤᠯ ᠥᠬᠡᠢ ᠦᠢᠯᠡᠳᠪᠦᠷᠢᠯᠡᠯ᠎ᠦ᠋ᠨ ᠪᠠᠢᠴᠠᠭᠠᠯᠲᠠ᠎ᠶᠢ ᠥᠷᠨᠢᠭᠦᠯᠪᠡ᠃
ᠲᠣᠰ ᠤᠳᠠᠭᠠᠨ᠎ᠤ ᠬᠠᠮᠲᠤᠷᠠᠭ᠍ᠰᠠᠨ ᠪᠠᠢᠴᠠᠭᠠᠯᠲᠠ᠎ᠶ᠋ᠢᠨ ᠵᠣᠷᠢᠯᠭ᠎ᠠ᠎ᠨᠢ ᠣᠯᠠᠨ ᠰᠠᠯᠠᠭ᠎ᠠ ᠮᠥᠴᠢᠷ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ᠌᠎ᠪᠠᠷ ᠳᠠᠮᠵᠢᠭᠤᠯᠤᠨ᠂ ᠬᠢᠨᠠᠯᠲᠠ ᠬᠠᠮᠢᠶᠠᠷᠤᠯᠲᠠ᠎ᠶ᠋ᠢᠨ ᠨᠡᠢᠯᠡᠮᠡᠯ ᠬᠦᠴᠦᠨ᠎ᠢ ᠪᠦᠷᠢᠯᠳᠦᠭᠦᠯᠵᠦ᠍᠂ ᠨᠡᠭᠦᠷᠡᠰᠦᠨ᠎ᠤ ᠪᠤᠰᠤ ᠠᠭᠤᠷᠬᠠᠶ᠎ᠶ᠋ᠢᠨ ᠠᠵᠤ ᠠᠬᠤᠢᠯᠠᠯ᠎ᠳᠤ ᠪᠥᠬᠦ᠌ ᠲᠠᠯ᠎ᠠ᠎ᠶ᠋ᠢᠨ 《ᠰᠤᠳᠠᠯ ᠪᠠᠷᠢᠵᠤ ᠣᠨᠣᠱᠢᠯᠠᠬᠤ》 ᠪᠣᠯᠤᠨ᠎ᠠ᠃ ᠪᠠᠢᠴᠠᠭᠠᠬᠤ ᠳᠤᠭᠤᠢᠯᠠᠩ᠎ᠤᠨ᠎ᠬᠢᠨ ᠠᠭᠤᠷᠬᠠᠢ᠎ᠶ᠋ᠢᠨ ᠦᠢᠯᠡᠳᠪᠦᠷᠢᠯᠡᠯ᠎ᠤᠨ ᠨᠢᠭᠡᠳᠦᠭᠡᠷ ᠹᠷᠣᠨᠲ᠎ᠲᠤ ᠭᠦᠨᠵᠡᠭᠡᠢᠷᠡᠵᠦ᠍᠂ ᠲᠤᠬᠠᠢ᠎ᠶ᠋ᠢᠨ ᠭᠠᠵᠠᠷ᠎ᠲᠤᠨᠢ ᠬᠢᠨᠠᠨ ᠪᠠᠢᠴᠠᠭᠠᠬᠤ᠂ ᠮᠠᠲ᠋ᠧᠷᠢᠶᠠᠯ᠎ᠢ ᠪᠠᠢᠴᠠᠭᠠᠨ ᠦᠵᠡᠬᠦ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠬᠡᠯᠪᠡᠷᠢ᠎ᠪᠠᠷ ᠠᠭᠤᠷᠬᠠᠢ᠎ᠶ᠋ᠢᠨ ᠠᠵᠤ ᠠᠬᠤᠢᠯᠠᠯ ᠠᠭᠤᠷᠬᠠᠢ᠎ᠶ᠋ᠢᠨ ᠣᠷᠣᠨ᠎ᠤ ᠬᠡᠪᠴᠢᠶ᠎ᠡ ᠳᠠᠪᠬᠤᠴᠠᠭ᠍ᠰᠠᠨ᠂ ᠬᠢᠯᠢ ᠳᠠᠪᠠᠵᠤ ᠬᠠᠢᠨ ᠪᠠᠢᠴᠠᠭᠠᠵᠤ ᠨᠡᠭᠡᠭᠡᠨ ᠮᠠᠯᠲᠠᠭ᠍ᠰᠠᠨ᠂ ᠵᠥᠪᠱᠢᠶᠡᠷᠡᠭ᠌ᠰᠡᠨ ᠠᠷᠭ᠎ᠠ ᠬᠡᠯᠪᠡᠷᠢ᠎ᠪᠠᠷ ᠨᠡᠭᠡᠭᠡᠨ ᠮᠠᠯᠲᠠᠭ᠍ᠰᠠᠨ ᠦᠭᠡᠢ ᠵᠡᠷᠭᠡ ᠪᠠᠢᠳᠠᠯ᠎ᠤᠨ ᠲᠣᠭᠤᠷᠢᠨ᠎ᠳᠤ ᠭᠤᠣᠯᠳᠠᠯᠭ᠎ᠠ᠎ᠲᠠᠢ ᠨᠠᠷᠢᠨ ᠨᠢᠭ᠍ᠲᠠ ᠪᠠᠢᠴᠠᠭᠠᠪᠠ᠃ ᠡᠯ᠎ᠡ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠵᠦᠶ ᠵᠣᠬᠢᠰᠲᠠᠶ ᠨᠡᠭᠡᠭᠡᠨ ᠠᠱᠢᠭ᠍ᠯᠠᠬᠤ᠂ ᠠᠵᠢᠯ ᠲᠥᠷᠥᠯ᠎ᠤᠨ ᠵᠢᠷᠤᠮᠵᠢᠯ᠂ ᠤᠰᠤ ᠠᠪᠴᠤ᠌ ᠬᠡᠷᠡᠭ᠌ᠯᠡᠬᠦ᠌ ᠤᠰᠤ᠂ ᠣᠶ ᠱᠢᠭᠤᠶ ᠪᠠ ᠨᠤᠲᠤᠭ ᠪᠡᠯᠴᠢᠭᠡᠷ᠎ᠲᠤ ᠬᠤᠯᠪᠣᠭ᠍ᠳᠠᠭ᠍ᠰᠠᠨ ᠬᠢᠨᠠᠨ ᠬᠠᠷᠭᠤᠭᠤᠯᠵᠤ ᠬᠢᠨᠠᠨ ᠬᠠᠮᠢᠶᠠᠷᠬᠤ᠂ ᠪᠣᠬᠢᠷᠲᠤᠯ᠎ᠢ ᠰᠡᠷᠭᠡᠢᠯᠡᠨ ᠵᠠᠰᠠᠬᠤ᠂ ᠠᠵᠤ ᠦᠢᠯᠡᠰ᠎ᠤᠨ ᠲᠥᠷᠥ᠎ᠶ᠋ᠢᠨ ᠪᠣᠳᠣᠯᠭ᠎ᠠ᠎ᠳᠤ ᠨᠡᠢᠴᠡᠬᠦ᠌ ᠴᠢᠨᠠᠷ ᠵᠢᠴᠢ ᠠᠬᠤᠢ ᠲᠠᠯᠠᠪᠠᠶ᠎ᠶ᠋ᠢᠨ ᠠᠮᠤᠷ ᠲᠦᠪᠱᠢᠨ᠎ᠤ ᠨᠥᠬᠦᠴᠡᠯ ᠵᠡᠷᠭᠡ ᠲᠠᠯ᠎ᠠ᠎ᠠᠴᠠ ᠲᠣᠰ ᠲᠣᠰ ᠲᠤᠰᠭᠠᠶ ᠰᠠᠨᠠᠯ ᠪᠠ ᠴᠡᠭ᠌ᠴᠡᠯᠡᠨ ᠰᠠᠢᠵᠢᠷᠠᠭᠤᠯᠬᠤ ᠱᠠᠭᠠᠷᠳᠠᠯᠭ᠎ᠠ ᠳᠤᠷᠠᠳᠪᠠ᠃
ᠲᠠᠷᠠᠭᠠᠴᠢ᠎ᠶ᠋ᠢᠨ ᠠᠯᠬᠤᠮ᠎ᠳᠤ᠂ ᠬᠤᠲᠠ᠎ᠶ᠋ᠢᠨ ᠨᠡᠭᠦᠷᠡᠰᠦᠨ᠎ᠤ ᠪᠤᠰᠤ ᠠᠭᠤᠷᠬᠠᠶ᠎ᠶ᠋ᠢᠨ ᠬᠠᠮᠢᠶᠠᠷᠤᠯᠲᠠ᠎ᠶ᠋ᠢᠨ ᠵᠣᠬᠢᠴᠠᠭᠤᠯᠬᠤ ᠲᠣᠭ᠍ᠲᠠᠴᠠ᠎ᠶ᠋ᠢᠨ᠎ᠬᠢᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ᠎ᠢᠶᠠᠨ ᠦᠷᠭᠦᠯᠵᠢᠯᠡᠨ ᠪᠠᠳᠠᠷᠠᠭᠤᠯᠵᠤ᠂ ᠬᠠᠮᠲᠤᠷᠠᠨ ᠪᠠᠢᠴᠠᠭᠠᠬᠤ ᠪᠠ 《ᠡᠷᠬᠢᠨ ᠬᠠᠷᠠᠬᠤ》 ᠠᠵᠢᠯ᠎ᠢ ᠪᠠᠢᠩᠭᠤᠵᠢᠭᠤᠯᠤᠨ ᠥᠷᠨᠢᠭᠦᠯᠵᠦ᠍᠂ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠵᠤ᠂ ᠪᠥᠬᠦ᠌ ᠬᠤᠲᠠ᠎ᠶ᠋ᠢᠨ ᠨᠡᠭᠦᠷᠡᠰᠦᠨ᠎ᠤ ᠪᠤᠰᠤ ᠠᠭᠤᠷᠬᠠᠶ᠎ᠶ᠋ᠢᠨ ᠠᠵᠢᠯ ᠲᠥᠷᠥᠯ᠎ᠤᠨ ᠡᠷᠡᠭᠦᠯ ᠮᠡᠨᠳᠦ᠂ ᠠᠮᠤᠷ ᠲᠦᠪᠱᠢᠨ᠂ ᠦᠷᠭᠦᠯᠵᠢᠯᠡᠨ ᠬᠦᠭᠵᠢᠬᠦ᠎ᠶ᠋ᠢ ᠠᠬᠢᠭᠤᠯᠤᠨ᠎ᠠ᠃