ᠤᠯᠠᠭᠠᠨᠬᠠᠳᠠ ᠬᠤᠲᠠ᠎ᠶ᠋ᠢᠨ ᠣᠩᠨᠢᠭᠤᠳ ᠬᠤᠱᠢᠭᠤᠨ᠎ᠤ ᠥᠯᠥ᠍ ᠬᠥᠳᠡᠯᠬᠦ᠌ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠬᠦ᠌ ᠲᠥᠪ ᠦᠶ᠋ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠰᠢᠯᠢᠳᠡᠭᠵᠢᠭᠦᠯᠵᠦ ᠪᠣᠢ
2025-12-18

  ᠡᠵᠡᠩᠨᠡᠨ ᠬᠤᠳᠠᠯᠳᠤᠭ᠋ᠠᠯᠠᠬᠤ ᠣᠷᠴᠢᠨ ᠲᠣᠭᠤᠷᠢᠨ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠴᠣᠩᠬᠤᠨ᠎ᠤ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠡᠨᠡ ᠵᠢᠯ᠎ᠠᠴᠠ ᠨᠠᠭ᠋ᠠᠰᠢ᠂ ᠤᠯᠠᠭᠠᠨᠬᠠᠳᠠ ᠬᠤᠲᠠ᠎ᠶ᠋ᠢᠨ ᠣᠩᠨᠢᠭᠤᠳ ᠬᠤᠱᠢᠭᠤᠨ᠎ᠤ ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ᠎ᠶ᠋ᠢᠨ ᠲᠥᠪ᠎ᠨᠢ ᠠᠵᠤ ᠠᠬᠤᠢᠯᠠᠯ ᠪᠠ ᠣᠯᠠᠨ ᠲᠦᠮᠡᠨ᠎ᠤ ᠠᠵᠢᠯ ᠶᠠᠪᠤᠳᠠᠯ ᠭᠦᠢᠴᠡᠳᠭᠡᠬᠦ᠌ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠬᠠᠢᠯᠠᠭ᠍ᠰᠠᠨ ᠠᠵᠢᠯ᠎ᠢ ᠭᠦᠢᠴᠡᠳᠭᠡᠬᠦ᠌᠎ᠳᠤ 《ᠬᠠᠮᠤᠭ ᠣᠯᠠᠨ᠎ᠳᠠᠭᠠᠨ ᠨᠢᠭᠡ ᠤᠳᠠᠭ᠎ᠠ ᠭᠦᠶᠦᠯᠭᠡᠬᠦ》 ᠥᠭᠡᠷᠡᠴᠢᠯᠡᠯᠲᠡ᠎ᠶ᠋ᠢ ᠬᠡᠷᠡᠭ᠌ᠵᠢᠭᠦᠯᠵᠦ᠍᠂ 《ᠨᠢᠭᠡ ᠤᠳᠠᠭ᠎ᠠ᠎ᠳᠤ ᠭᠥᠯᠢᠶᠡᠨ ᠠᠪᠬᠤ》 ᠂ 《ᠨᠢᠭᠡ ᠥᠷᠲᠡᠭᠡᠨ᠎ᠤ ᠮᠠᠶᠢᠭ᠎ᠢᠶᠠᠷ ᠭᠦᠢᠴᠡᠳᠭᠡᠬᠦ᠌》 ᠎ᠶ᠋ᠢ ᠴᠢᠷᠮᠠᠢᠨ ᠭᠦᠢ᠍ᠴᠡᠳᠭᠡᠨ ᠳᠠᠭᠤᠰᠬᠠᠨ᠎ᠠ᠃

  ᠴᠣᠩᠬᠤᠪᠴᠢ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠠᠵᠢᠯ ᠶᠠᠪᠤᠳᠠᠯ ᠭᠦᠢᠴᠡᠳᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ 《ᠶᠡᠷᠦᠩᠬᠡᠢᠯᠡᠨ ᠬᠦᠯᠢᠶᠡᠨ ᠠᠪᠴᠤ ᠰᠢᠢᠳᠪᠦᠷᠢᠯᠡᠬᠦ᠂ ᠲᠣᠬᠢᠶᠠᠯᠳᠤᠯ᠎ᠢᠶᠠᠷ ᠮᠠᠲᠧᠷᠢᠶᠠᠯ ᠲᠣᠮᠢᠯᠠᠬᠤ᠂ ᠪᠦᠬᠦ ᠠᠵᠢᠯᠲᠠᠨ᠎ᠢ ᠬᠢᠨᠠᠨ ᠬᠠᠷᠭᠤᠭᠤᠯᠬᠤ》 ᠦᠢᠯᠡᠴᠢᠯᠡᠭᠡᠨ᠎ᠤ ᠵᠠᠭ᠍ᠪᠤᠷ᠎ᠢ ᠬᠡᠷᠡᠭ᠌ᠵᠢᠭᠦᠯᠵᠦ᠍᠂ ᠬᠦᠴᠦᠨ᠎ᠲᠠᠢ ᠬᠤᠭᠤᠴᠠᠭ᠎ᠠ᠎ᠶ᠋ᠢᠨ ᠬᠠᠮᠢᠶᠠᠷᠤᠯᠲᠠ᠎ᠶ᠋ᠢ ᠴᠢᠩᠭᠠᠷᠠᠭᠤᠯᠤᠨ᠂ ᠠᠩᠬ᠎ᠠ ᠤᠳᠠᠭ᠎ᠠ ᠳᠡᠩᠰᠡᠯᠡᠨ ᠭᠦᠢᠴᠡᠳᠭᠡᠬᠦ᠌ ᠴᠠᠭ᠎ᠤᠨ ᠬᠢᠵᠠᠭᠠᠷ᠎ᠢ 5 ᠠᠵᠢᠯᠯᠠᠬᠤ ᠡᠳᠦᠷ ᠪᠠᠢᠭ᠍ᠰᠠᠨ᠎ᠠᠴᠠ  ᠪᠤᠭᠤᠨᠢᠰᠬᠠᠭ᠋ᠠᠳ 3 ᠠᠵᠢᠯᠯᠠᠬᠤ ᠡᠳᠦᠷ ᠪᠣᠯᠭ᠋ᠠᠪᠠ᠃ ᠨᠢᠭᠡ ᠯᠡ ᠤᠳᠠᠭ᠎ᠠ᠎ᠳᠤ ᠮᠡᠳᠡᠭ᠌ᠳᠡᠬᠦ᠂ ᠴᠠᠭ ᠬᠢᠵᠠᠭᠠᠷᠯᠠᠨ ᠱᠢᠢᠳᠪᠦᠷᠢᠯᠡᠵᠦ᠍ ᠳᠠᠭᠤᠰᠭᠠᠬᠤ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠠᠰᠠᠭᠤᠨ ᠯᠠᠪᠯᠠᠬᠤ ᠦᠢᠯᠡᠴᠢᠯᠡᠭᠡᠨ᠎ᠤ ᠪᠠᠷᠢᠮᠵᠢᠶᠠᠵᠢᠭᠤᠯᠤᠯᠲᠠ᠎ᠶ᠋ᠢ ᠠᠬᠢᠭᠤᠯᠬᠤ᠎ᠶ᠋ᠢᠨ ᠬᠠᠮᠲᠤ ᠣᠨᠴᠠᠭᠠᠶ ᠬᠥᠮᠦᠰ᠎ᠲᠤ ᠰᠠᠨᠠᠭᠠᠴᠢᠯᠠᠭ᠎ᠠ᠎ᠠᠴᠠ᠎ᠪᠠᠨ ᠬᠡᠷ᠎ᠲᠤᠨᠢ ᠬᠦᠷᠴᠦ᠍ ᠬᠠᠪᠰᠤᠷᠤᠨ ᠭᠦᠢᠴᠡᠳᠭᠡᠬᠦ᠌ ᠦᠢᠯᠡᠴᠢᠯᠡᠭᠡ ᠬᠠᠩᠭ᠋ᠠᠨ᠎ᠠ᠃

  ᠳ᠋ᠢᠬᠢᠲ ᠬᠦᠴᠦᠨ ᠨᠡᠮᠡᠷᠢᠯᠡᠬᠦ᠎ᠶ᠋ᠢ ᠴᠢᠩᠭᠠᠳᠭᠠᠵᠤ᠂ ᠰᠦᠯᠵᠢᠶᠡᠨ ᠳᠡᠭᠡᠷᠡᠬᠢ ᠲᠤᠬᠠᠢᠯᠠᠭ᠍ᠰᠠᠨ ᠠᠵᠢᠯ᠎ᠢ ᠥᠷᠭᠡᠳᠭᠡᠨ᠎ᠡ᠃ 《 ᠢᠨᠲ᠋ᠧᠷ ᠰᠦᠯᠵᠢᠶ᠎ᠡ + ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ》 ᠎ᠶ᠋ᠢᠨ ᠰᠦᠯᠵᠢᠶᠡᠨ ᠳᠡᠭᠡᠷᠡᠬᠢ ᠦᠢᠯᠡᠴᠢᠯᠡᠭᠡᠨ᠎ᠤ ᠲᠠᠪᠴᠠᠩ᠎ᠳᠤ ᠲᠦᠱᠢᠭ᠌ᠯᠡᠨ᠂ ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ᠎ᠶ᠋ᠢᠨ ᠱᠢᠰᠲ᠋ᠧᠮ᠎ᠢ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠰᠠᠯᠠᠭ᠎ᠠ ᠮᠥᠴᠢᠷ᠎ᠤᠨ ᠲᠠᠸᠠᠷ᠎ᠤᠨ ᠬᠡᠷ ᠪᠠᠢᠱᠢᠩ᠎ᠢ ᠤᠷᠢᠳᠴᠢᠯᠠᠨ ᠮᠡᠳᠡᠭ᠌ᠳᠡᠵᠦ᠍ ᠳᠠᠩᠰᠠᠯᠠᠬᠤ 《ᠨᠢᠭᠡ ᠥᠷᠲᠡᠭᠡ᠎ᠳᠤ ᠨᠡᠢᠳᠡᠮ ᠭᠦᠢᠴᠡᠳᠭᠡᠬᠦ᠌》 ᠪᠠ ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ᠎ᠶ᠋ᠢᠨ 《ᠨᠢᠭᠡ ᠦᠨᠡᠮᠯᠡᠯ ᠨᠢᠭᠡ ᠵᠢᠷᠤᠭ ᠨᠢᠭᠡ ᠨᠣᠮᠧᠷ》 ᠎ᠤᠨ ᠬᠠᠮᠢᠶᠠᠷᠤᠯᠲᠠ᠎ᠶ᠋ᠢ ᠪᠡᠶᠡᠯᠡᠭᠦᠯᠦᠨ᠎ᠡ᠃ ᠸᠢᠴᠠᠲ᠎ᠤᠨ ᠤᠯᠠᠨ ᠨᠡᠢᠲᠡ᠎ᠶ᠋ᠢᠨ  ᠲᠠᠪᠴᠠᠩ᠎ᠳᠤ 《ᠵᠢᠷᠤᠭ᠎ᠢᠶᠠᠷ ᠭᠡᠷ ᠪᠠᠢᠴᠠᠭᠠᠬᠤ》 ᠴᠢᠳᠠᠮᠵᠢ᠎ᠶ᠋ᠢ ᠨᠡᠪᠲᠡᠷᠡᠭᠦᠯᠵᠦ᠍᠂ ᠮᠡᠳᠡᠭᠡ ᠵᠠᠩᠭᠢ᠎ᠶ᠋ᠢ ᠪᠠᠢᠴᠠᠭᠠᠨ ᠯᠠᠪᠯᠠᠬᠤ ᠠᠷᠭ᠎ᠠ ᠮᠠᠶᠢᠭ᠎ᠲᠤ ᠤᠯᠠᠮ ᠨᠢᠭᠡ ᠠᠯᠬᠤᠮ ᠱᠢᠨ᠎ᠡ᠎ᠶ᠋ᠢ ᠡᠭᠦᠳᠴᠦ᠍᠂ ᠪᠠᠢᠴᠠᠭᠠᠨ ᠯᠠᠪᠯᠠᠬᠤ ᠠᠷᠭ᠎ᠠ ᠵᠠᠮ᠎ᠢ ᠥᠷᠭᠡᠳᠭᠡᠨ᠂ ᠪᠠᠢᠴᠠᠭᠠᠨ ᠯᠠᠪᠯᠠᠬᠤ ᠥᠪᠡᠷ᠎ᠤᠨ ᠥᠷᠲᠡᠭ᠎ᠢ ᠠᠷᠪᠢᠯᠠᠨ᠎ᠠ᠃

  ᠰᠠᠯᠠᠭ᠎ᠠ ᠮᠥᠴᠢᠷ᠎ᠤᠨ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠨᠢᠭᠡ ᠴᠣᠩᠬᠤᠪᠴᠢ᠎ᠪᠠᠷ ᠨᠡᠢᠳᠡᠮ ᠭᠦᠢᠴᠡᠳᠭᠡᠬᠦ᠌᠎ᠶ᠋ᠢ ᠠᠬᠢᠭᠤᠯᠤᠨ᠎ᠠ᠃ ᠥᠯᠥ᠍ ᠬᠥᠳᠡᠯᠬᠦ᠌ ᠬᠥᠷᠥᠩᠭᠡ᠎ᠶ᠋ᠢᠨ ᠲᠤᠬᠠᠢᠯᠠᠭ᠍ᠰᠠᠨ ᠠᠵᠢᠯ᠎ᠤᠨ ᠱᠢᠰᠲ᠋ᠧᠮ᠎ᠢ 《ᠨᠢᠭᠡ ᠴᠣᠩᠬᠤᠪᠴᠢ᠎ᠪᠠᠷ ᠭᠥᠯᠢᠶᠡᠨ ᠠᠪᠴᠤ᠌ ᠱᠢᠶ᠋ᠳᠪᠦᠷᠢᠯᠡᠬᠦ᠌》 ᠲᠠᠪᠴᠠᠩ᠎ᠯᠤᠭ᠎ᠠ ᠵᠣᠯᠭᠠᠭᠤᠯᠬᠤ᠎ᠪᠠᠷ ᠳᠠᠮᠵᠢᠭᠤᠯᠤᠨ᠂ ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ᠂ ᠭᠠᠢᠯᠢ᠎ᠶ᠋ᠢᠨ ᠶᠠᠪᠤᠳᠠᠯ᠎ᠤᠨ ᠰᠦᠯᠵᠢᠶᠡᠨ ᠳᠡᠭᠡᠷᠡᠬᠢ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌ ᠬᠢᠭᠡᠳ ᠭᠠᠢᠯᠢ ᠰᠦᠢᠳᠭᠡᠯ᠎ᠢ ᠱᠢᠭᠤᠳ ᠲᠤᠱᠢᠶᠠᠬᠤ᠎ᠶ᠋ᠢ ᠪᠡᠶᠡᠯᠡᠭᠦᠯᠵᠦ᠍᠂ 《ᠨᠢᠭᠡ ᠴᠣᠩᠬᠤᠪᠴᠢ ᠨᠢᠭᠡ ᠤᠳᠠᠭ᠎ᠠ ᠨᠢᠭᠡ ᠥᠷᠲᠡᠭᠡ ᠮᠠᠶᠢᠭ》 ᠎ᠤᠨ ᠦᠶ᠋ᠯᠡᠴᠢᠯᠡᠭᠡᠨ᠎ᠤ ᠵᠠᠭ᠍ᠪᠤᠷ᠎ᠢ ᠪᠣᠶ ᠪᠣᠯᠭᠠᠨ᠎ᠠ᠃ 《ᠭᠠᠵᠠᠷ ᠱᠢᠷᠣᠢ ᠲᠤᠰᠢᠶᠠᠮᠠᠭᠴᠠ ᠳᠠᠷᠤᠢ ᠦᠨᠡᠮᠯᠡᠯ ᠲᠤᠱᠢᠶᠠᠬᠤ》᠂ 《ᠭᠡᠷ ᠪᠠᠢᠱᠢᠩ ᠲᠤᠰᠢᠶᠠᠮᠠᠭᠴᠠ ᠳᠠᠷᠤᠢ ᠦᠨᠡᠮᠯᠡᠯ ᠲᠤᠱᠢᠶᠠᠬᠤ》 ᠎ᠶ᠋ᠢ ᠢᠳᠡᠪᠬᠢᠲᠡᠢ ᠠᠬᠢᠭᠤᠯᠵᠤ᠂ 《ᠣᠯᠠᠨ ᠬᠡᠮᠵᠢᠯᠲᠡ᠎ᠶ᠋ᠢ ᠨᠢᠭᠡᠳᠭᠡᠵᠦ ᠨᠢᠭᠡ ᠪᠣᠯᠭ᠋ᠠᠬᠤ》 ᠵᠡᠷᠭᠡ ᠮᠡᠳᠡᠭᠡ ᠵᠠᠩᠭᠢ᠎ᠶ᠋ᠢ ᠬᠠᠮᠲᠤ᠎ᠪᠠᠷ ᠬᠦᠷᠲᠡᠬᠦ᠌ ᠲᠣᠭ᠍ᠲᠠᠴᠠ᠎ᠳᠤ ᠲᠦᠱᠢᠭ᠌ᠯᠡᠨ᠂ ᠦᠨ᠎ᠡ᠎ᠶ᠋ᠢᠨ ᠵᠣᠭᠤᠰ᠎ᠢ ᠲᠤᠱᠢᠶᠠᠵᠤ ᠳᠠᠭᠤᠰᠭᠠᠭ᠍ᠰᠠᠨ᠎ᠤ ᠳᠠᠷᠠᠭ᠎ᠠ ᠵᠡᠷᠭᠡ᠎ᠪᠠᠷ ᠭᠠᠵᠠᠷ ᠱᠢᠷᠣᠢ ᠲᠤᠱᠢᠶᠠᠵᠤ᠂ ᠭᠡᠷ ᠪᠠᠢᠱᠢᠩ ᠲᠤᠱᠢᠶᠠᠵᠤ᠂ ᠦᠨᠡᠮᠯᠡᠯ ᠲᠠᠷᠬᠠᠭ᠋ᠠᠬᠤ᠎ᠶ᠋ᠢ ᠪᠡᠶᠡᠯᠡᠭᠦᠯᠦᠨ᠎ᠡ᠃

  ᠲᠤᠬᠠᠢᠯᠠᠭ᠍ᠰᠠᠨ ᠠᠵᠢᠯ᠎ᠤᠨ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠠᠷᠠᠯᠵᠢᠶᠠᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ 《ᠪᠠᠷᠢᠴᠠᠭ᠎ᠠ ᠠᠪᠴᠦ ᠡᠷᠦᠬᠡ ᠰᠢᠯᠵᠢᠭᠦᠯᠬᠦ》 ᠱᠢᠨ᠎ᠡ ᠵᠠᠭ᠍ᠪᠤᠷ᠎ᠢ ᠬᠡᠷᠡᠭ᠌ᠵᠢᠭᠦᠯᠵᠦ᠍᠂ ᠤᠷᠢᠳᠠᠪᠠᠷ ᠵᠢᠭᠡᠯᠡᠯᠭᠡ ᠪᠤᠴᠠᠭᠠᠬᠤ ᠪᠠ ᠪᠠᠯᠠ ᠮᠥᠩᠭᠦ᠌ ᠴᠤᠭ᠍ᠯᠠᠭᠤᠯᠬᠤ ᠳᠠᠷᠤᠯᠲᠠ᠎ᠶ᠋ᠢ ᠪᠦᠲᠦᠮᠵᠢᠲᠡᠶ ᠨᠠᠮᠳᠠᠭᠤᠯᠵᠤ᠂ 《ᠬᠤᠷᠢᠭ᠍ᠳᠠᠵᠤ ᠪᠠᠢᠭ᠎ᠠ》 ᠬᠡᠷ ᠬᠥᠷᠥᠩᠭᠡ᠎ᠶ᠋ᠢᠨ ᠠᠷᠠᠯᠵᠢᠶᠠᠨ᠎ᠤ ᠳᠡᠩᠰᠡᠯᠡᠯᠲᠡ᠎ᠶ᠋ᠢᠨ ᠲᠦᠭ᠌ᠰᠢᠭᠦᠷᠢ᠎ᠶ᠋ᠢ ᠪᠠᠭᠤᠷᠠᠭᠤᠯᠵᠤ᠂ ᠭᠠᠷ ᠳᠠᠮᠵᠢᠭ᠍ᠰᠠᠨ ᠣᠷᠣᠨ ᠰᠠᠭᠤᠴᠠ᠎ᠶ᠋ᠢᠨ ᠠᠷᠠᠯᠵᠢᠶᠠᠨ᠎ᠤ ᠦᠶᠡᠯᠡᠯ᠎ᠤᠨ ᠬᠤᠭᠤᠴᠠᠭ᠎ᠠ᠎ᠶ᠋ᠢ ᠪᠣᠭᠤᠨᠢᠰᠭᠠᠵᠤ᠂ ᠬᠤᠳᠠᠯᠳᠤᠭᠠᠯᠠᠬᠤ ᠬᠤᠶᠠᠷ ᠲᠠᠯ᠎ᠠ᠎ᠶ᠋ᠢᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠨ᠎ᠠ᠃

  ᠲᠠᠷᠠᠭᠠᠴᠢ᠎ᠶ᠋ᠢᠨ ᠠᠯᠬᠤᠮ᠎ᠳᠤ᠂ ᠣᠩᠨᠢᠭᠤᠳ ᠬᠤᠱᠢᠭᠤᠨ᠎ᠤ ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ᠎ᠶ᠋ᠢᠨ ᠲᠥᠪ᠎ᠠᠴᠠ ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ᠎ᠶ᠋ᠢᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠨᠠᠩ ᠱᠢᠯᠢᠳᠡᠭ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠪᠣᠶ ᠪᠣᠯᠭᠠᠬᠤ᠎ᠳᠤ ᠬᠦᠴᠦᠨ ᠴᠢᠳᠠᠯ᠎ᠢᠶᠠᠨ ᠡᠷᠭᠦᠬᠦ᠌ ᠪᠣᠯᠤᠨ᠎ᠠ᠃

ᠢᠷᠡᠯᠲᠡ᠄ ᠤᠯᠠᠭᠠᠨᠬᠠᠳᠠ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ