ᠡᠨᠡ ᠵᠢᠯ᠎ᠠᠴᠠ ᠨᠠᠭ᠋ᠠᠰᠢ᠂ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠮᠵᠢᠨ ᠵᠢᠷᠤᠬᠤ ᠬᠠᠤᠯᠢ》 ᠶ᠋ᠢ ᠭᠦᠨᠵᠡᠭᠡᠶ ᠲᠤᠭᠤᠱᠢᠯᠠᠭᠤᠯᠬᠤ᠎ᠶ᠋ᠢᠨ ᠲᠥᠯᠥᠭᠡ᠂ ᠤᠯᠠᠭᠠᠨᠬᠠᠳᠠ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠬᠡᠮᠵᠢᠨ ᠵᠢᠷᠤᠬᠤ ᠦᠷ᠎ᠡ ᠪᠦᠲᠦᠭᠡᠯ᠎ᠤᠨ ᠪᠥᠬᠦ᠌ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠣᠯᠠᠨ ᠬᠡᠮᠵᠢᠯᠲᠡ᠎ᠶᠢ ᠨᠢᠭᠡᠳᠭᠡᠵᠦ ᠨᠢᠭᠡ ᠪᠣᠯᠭ᠋ᠠᠬᠤ》 ᠥᠭᠡᠷᠡᠴᠢᠯᠡᠯᠲᠡ᠎ᠶ᠋ᠢ ᠱᠢᠰᠲ᠋ᠧᠮ᠎ᠲᠠᠢ ᠠᠬᠢᠭᠤᠯᠵᠤ᠂ ᠠᠵᠢᠯ ᠲᠥᠷᠥᠯ᠎ᠤᠨ ᠬᠠᠮᠢᠶᠠᠷᠤᠯᠲᠠ ᠪᠠ ᠦᠢᠯᠡᠴᠢᠯᠡᠭᠡᠨ᠎ᠤ ᠬᠢᠷᠢ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠬᠡᠮᠵᠢᠨ ᠵᠢᠷᠤᠬᠤ ᠠᠵᠢᠯ ᠲᠥᠷᠥᠯ᠎ᠤᠨ ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠨ᠎ᠡ᠃
ᠦᠷ᠎ᠡ ᠪᠦᠲᠦᠮᠵᠢ᠎ᠶ᠋ᠢᠨ ᠪᠦᠬᠦ᠌ ᠶᠠᠪᠤᠴᠠ᠎ᠶ᠋ᠢᠨ ᠬᠠᠮᠢᠶᠠᠷᠤᠯᠲᠠ᠎ᠶ᠋ᠢ ᠲᠡᠭᠦᠯᠳᠡᠷᠵᠢᠭᠦᠯᠦᠨ᠎ᠡ᠃ ᠬᠡᠮᠵᠢᠨ ᠵᠢᠷᠤᠬᠤ ᠦᠷ᠎ᠡ ᠪᠦᠲᠦᠭᠡᠯ᠎ᠦᠨ ᠪᠦᠷᠢᠯᠳᠦᠬᠦ᠂ ᠬᠠᠳᠠᠭᠠᠯᠠᠨ ᠬᠠᠮᠢᠶᠠᠷᠬᠤ᠂ ᠬᠡᠷᠡᠭᠯᠡᠬᠦ᠂ ᠬᠤᠷᠢᠶᠠᠩᠭᠤᠢᠯᠠᠨ ᠲᠤᠰᠢᠶᠠᠬᠤ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠶᠢᠨ ᠲᠣᠭᠣᠷᠢᠨ᠎ᠳᠤ᠂ ᠪᠦᠬᠦ᠌ ᠶᠠᠪᠤᠴᠠ᠎ᠶ᠋ᠢ ᠬᠠᠮᠤᠷᠤᠭ᠍ᠰᠠᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠬᠤ ᠬᠡᠷᠡᠭ᠌ᠲᠡᠶ᠃ ᠦᠷ᠎ᠡ ᠪᠦᠲᠦᠭᠡᠯ᠎ᠤᠨ ᠪᠦᠷᠢᠯᠳᠦᠯ᠎ᠤᠨ ᠭᠤᠭ᠍ᠴᠤᠭ᠎ᠠ᠎ᠳᠤ 《ᠭᠤᠷᠪᠠ᠎ᠶ᠋ᠢ ᠪᠠᠢᠴᠠᠭᠠᠵᠤ ᠨᠢᠭᠡ᠎ᠶ᠋ᠢ ᠱᠢᠯᠭᠠᠬᠤ》 ᠶᠠᠰᠤ ᠴᠢᠨᠠᠷ᠎ᠤᠨ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠳ᠋ᠡᠢ᠌ᠲ᠋ᠠ᠎ᠶ᠋ᠢᠨ ᠬᠡᠪ ᠵᠠᠭ᠍ᠪᠤᠷ ᠬᠢᠭᠡᠳ ᠪᠠᠢᠷᠢᠱᠢᠯ᠎ᠤᠨ ᠪᠠᠷᠢᠮᠵᠢᠶ᠎ᠠ᠎ᠶ᠋ᠢ ᠨᠢᠭᠡᠳᠦᠯᠲᠡᠶ ᠪᠣᠯᠭᠠᠨ᠎ᠠ; ᠬᠠᠮᠢᠶᠠᠷᠴᠤ᠌ ᠬᠡᠷᠡᠭ᠌ᠯᠡᠬᠦ᠌ ᠭᠤᠭ᠍ᠴᠤᠭ᠎ᠠ᠎ᠳᠤ ᠨᠢᠭᠤᠴᠠ᠎ᠳᠤ ᠬᠤᠯᠪᠣᠭ᠍ᠳᠠᠬᠤ ᠬᠡᠮᠵᠢᠨ ᠵᠢᠷᠤᠬᠤ ᠦᠷ᠎ᠡ ᠪᠦᠲᠦᠭᠡᠯ᠎ᠢ ᠹᠢᠽᠢᠺ᠎ᠤᠨ ᠲᠤᠰᠠᠭᠠᠷᠯᠠᠨ ᠬᠠᠳᠠᠭᠠᠯᠠᠬᠤ ᠪᠠ ᠱᠠᠳᠤ ᠬᠤᠪᠢᠶᠠᠨ ᠡᠷᠬᠡ ᠣᠯᠭᠤᠬᠤ ᠬᠠᠮᠢᠶᠠᠷᠤᠯᠲᠠ᠎ᠶ᠋ᠢ ᠴᠢᠩᠭᠠᠳᠭᠠᠵᠤ᠂ ᠨᠢᠭᠤᠴᠠ᠎ᠶ᠋ᠢ ᠵᠠᠳᠠᠷᠠᠭᠤᠯᠬᠤ ᠲᠦᠭ᠌ᠰᠢᠭᠦᠷᠢ᠎ᠶ᠋ᠢ ᠴᠢᠩᠭ᠎ᠠ ᠰᠡᠷᠭᠡᠢᠯᠡᠨ᠎ᠡ; ᠬᠤᠷᠢᠶᠠᠩᠭᠤᠢᠯᠠᠨ ᠲᠤᠰᠢᠶᠠᠬᠤ ᠶᠠᠪᠤᠴᠠ᠎ᠳᠤ 《ᠣᠯᠠᠨ ᠬᠡᠮᠵᠢᠯᠲᠡ᠎ᠶᠢ ᠨᠢᠭᠡᠳᠭᠡᠵᠦ ᠨᠢᠭᠡ ᠪᠣᠯᠭ᠋ᠠᠬᠤ》 ᠳᠤ ᠲᠦᠱᠢᠭ᠌ᠯᠡᠨ ᠮᠡᠷᠭᠡᠵᠢᠯ᠎ᠤᠨ ᠪᠠᠷᠢᠮᠵᠢᠶ᠎ᠠ᠎ᠶ᠋ᠢ ᠨᠢᠭᠡᠳᠭᠡᠵᠦ᠍᠂ 《ᠨᠢᠭᠡ ᠤᠳᠠᠭ᠎ᠠ᠎ᠳᠤ ᠨᠠᠢᠳᠠᠬᠤ᠂ ᠬᠠᠮᠲᠤᠷᠠᠨ ᠬᠡᠮᠵᠢᠨ ᠵᠢᠷᠤᠬᠤ᠂ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠬᠦ》 ᠶ᠋ᠢ ᠪᠡᠶᠡᠯᠡᠭᠦᠯᠵᠦ᠍᠂ ᠳᠠᠪᠬᠤᠷᠳᠠᠭᠤᠯᠤᠨ ᠬᠡᠮᠵᠢᠨ ᠵᠢᠷᠤᠬᠤ᠎ᠶ᠋ᠢ ᠪᠠᠭᠠᠰᠭᠠᠨ᠎ᠠ᠃
ᠣᠷᠳᠣ ᠬᠤᠭᠤᠴᠠᠭᠠᠨ᠎ᠤ ᠪᠦᠲᠦᠮᠵᠢᠲᠡᠶ ᠬᠢᠨᠠᠨ ᠬᠠᠮᠢᠶᠠᠷᠬᠤ ᠲᠣᠭ᠍ᠲᠠᠴᠠ᠎ᠶ᠋ᠢ ᠪᠠᠢᠭᠤᠯᠤᠨ᠎ᠠ᠃ ᠪᠥᠬᠦ᠌ ᠬᠤᠲᠠ᠎ᠶ᠋ᠢᠨ ᠬᠡᠮᠵᠢᠨ ᠵᠢᠷᠤᠬᠤ ᠨᠢᠭᠡᠴᠢ᠎ᠶ᠋ᠢᠨ ᠳᠣᠲᠣᠭᠠᠳᠤ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠲᠡᠭᠦᠯᠳᠡᠷᠵᠢᠭᠦᠯᠬᠦ᠌᠎ᠶ᠋ᠢ ᠵᠢᠯᠣᠭᠤᠳᠴᠤ᠌᠂ ᠪᠠᠢ᠌ᠩᠭᠤᠵᠢᠭᠰᠠᠨ ᠴᠢᠨᠠᠷᠲᠠᠶ ᠬᠥᠳᠡᠯᠦᠩᠭᠦᠶ ᠬᠢᠨᠠᠯᠲᠠ ᠲᠠᠯᠪᠢᠵᠤ ᠪᠠᠢᠴᠠᠭᠠᠬᠤ ᠲᠣᠭ᠍ᠲᠠᠴᠠ᠎ᠶ᠋ᠢ ᠪᠠᠢᠭᠤᠯᠤᠨ᠎ᠠ᠃ 《ᠶᠠᠰᠤ ᠴᠢᠨᠠᠷ᠎ᠤᠨ ᠡᠬᠢ ᠢᠷᠡᠯᠲᠡ᠎ᠶᠢ ᠡᠷᠢᠬᠦ᠌ + ᠴᠤᠪᠤᠷᠠᠯ᠎ᠢ ᠬᠠᠮᠢᠶᠠᠷᠤᠨ ᠡᠵᠡᠮᠳᠡᠬᠦ᠌ + ᠠᠮᠤᠷ ᠲᠦᠪᠱᠢᠨ᠎ᠤ ᠬᠡᠷᠡᠭ᠌ᠯᠡᠯᠲᠡ》 ᠶ᠋ᠢ ᠨᠢᠭᠡ ᠴᠣᠭ᠍ᠴᠠᠵᠢᠭᠤᠯᠤᠨ ᠬᠠᠮᠢᠶᠠᠷᠬᠤ ᠵᠠᠭ᠍ᠪᠤᠷ᠎ᠢ ᠬᠡᠷᠡᠭ᠌ᠵᠢᠭᠦᠯᠬᠦ᠌᠎ᠪᠠᠷ ᠳᠠᠮᠵᠢᠭᠤᠯᠤᠨ᠂ ᠬᠡᠮᠵᠢᠨ ᠵᠢᠷᠤᠬᠤ ᠦᠷ᠎ᠡ ᠪᠦᠲᠦᠭᠡᠯ᠎ᠢ ᠬᠤᠷᠢᠶᠠᠩᠭᠤᠢᠯᠠᠨ ᠲᠤᠱᠢᠶᠠᠬᠤ ᠦᠷ᠎ᠡ ᠪᠦᠲᠦᠮᠵᠢ ᠬᠢᠭᠡᠳ ᠨᠢᠭᠤᠴᠠ᠎ᠳᠤ ᠬᠤᠯᠪᠣᠭ᠍ᠳᠠᠭ᠍ᠰᠠᠨ ᠦᠷ᠎ᠡ ᠪᠦᠲᠦᠭᠡᠯ᠎ᠤᠨ ᠬᠠᠮᠢᠶᠠᠷᠤᠯᠲᠠ᠎ᠶ᠋ᠢᠨ ᠵᠢᠷᠤᠮᠵᠢᠯᠳᠤ ᠴᠢᠨᠠᠷ᠎ᠢ ᠳᠡᠭᠡᠭ᠌ᠰᠢᠯᠡᠭᠦᠯᠵᠦ᠍᠂ ᠬᠤᠲᠠ᠎ᠶ᠋ᠢᠨ ᠲᠥᠯᠥᠪᠵᠢᠭᠦᠯᠭᠡ᠂ ᠠᠮᠢ ᠠᠬᠤᠶ᠎ᠶ᠋ᠢᠨ ᠬᠠᠮᠠᠭᠠᠯᠠᠯᠲᠠ᠂ ᠭᠤᠤᠯᠳᠠᠯᠭ᠎ᠠ᠎ᠲᠠᠢ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ ᠵᠡᠷᠭᠡ᠎ᠳᠤ ᠪᠠᠲᠤ ᠴᠢᠩᠭ᠎ᠠ ᠬᠡᠮᠵᠢᠨ ᠵᠢᠷᠤᠬᠤ ᠪᠠᠲᠤᠯᠠᠭ᠎ᠠ᠎ᠶᠢ ᠬᠠᠩᠭᠠᠨ᠎ᠠ᠃
ᠳ᠋ᠠᠢᠲ᠋ᠠ᠎ᠶ᠋ᠢ ᠬᠠᠮᠲᠤ᠎ᠪᠠᠷ ᠡᠳ᠋ᠯᠡᠵᠦ᠍ ᠬᠡᠷᠡᠭ᠌ᠯᠡᠬᠦ᠌᠎ᠶ᠋ᠢ ᠠᠬᠢᠭᠤᠯᠤᠨ᠎ᠠ᠃ ᠳ᠋ᠠᠢᠲ᠋ᠠ᠎ᠶ᠋ᠢ ᠬᠠᠮᠲᠤᠪᠡᠷ ᠡᠳ᠋ᠯᠡᠬᠦ᠎ᠶ᠋ᠢᠨ ᠬᠢᠨᠠᠨ ᠬᠠᠷᠭᠤᠭᠤᠯᠬᠤ ᠪᠠ ᠤᠷᠮᠠᠱᠢᠭᠤᠯᠬᠤ ᠲᠣᠭ᠍ᠲᠠᠴᠠ᠎ᠶ᠋ᠢ ᠪᠠᠢᠭᠤᠯᠵᠤ᠂ ᠬᠡᠮᠵᠢᠨ ᠵᠢᠷᠤᠬᠤ ᠳ᠋ᠠᠢᠲ᠋ᠠ᠎ᠶ᠋ᠢ ᠰᠠᠯᠠᠭ᠎ᠠ ᠮᠥᠴᠢᠷ ᠠᠯᠤᠰᠯᠠᠨ ᠡᠮᠬᠢᠯᠡᠨ ᠨᠡᠢᠯᠡᠭᠦᠯᠵᠦ᠍ ᠬᠠᠮᠲᠤ᠎ᠳᠤ᠎ᠪᠠᠨ ᠬᠦᠷᠲᠡᠬᠦ᠌᠎ᠶ᠋ᠢ ᠠᠬᠢᠭᠤᠯᠤᠨ᠎ᠠ᠃ ᠳ᠋ᠠᠢᠲ᠋ᠠ᠎ᠶ᠋ᠢᠨ ᠠᠮᠤᠷ ᠲᠦᠪᠱᠢᠨ ᠬᠢᠭᠡᠳ ᠦᠮᠴᠢᠯᠡᠯ᠎ᠦᠨ ᠡᠷᠬᠡ ᠲᠣᠳᠣᠷᠬᠠᠢ ᠪᠠᠢᠬᠤ᠎ᠶ᠋ᠢ ᠪᠠᠲᠤᠯᠠᠭ᠍ᠰᠠᠨ ᠰᠠᠭᠤᠷᠢᠨ ᠳᠡᠭᠡᠷ᠎ᠡ᠂ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠢ ᠬᠡᠮᠵᠢᠨ ᠵᠢᠷᠤᠬᠤ ᠦᠷ᠎ᠡ ᠪᠦᠲᠦᠭᠡᠯ᠎ᠤᠨ ᠨᠡᠢᠭᠡᠮᠴᠢᠯᠡᠭ᠌ᠰᠡᠨ ᠦᠢᠯᠡᠴᠢᠯᠡᠭᠡᠨ᠎ᠤ ᠬᠦᠷᠢᠶ᠎ᠡ ᠬᠡᠪᠴᠢᠶ᠎ᠡ᠎ᠶ᠋ᠢ ᠥᠷᠭᠡᠳᠭᠡᠵᠦ᠍᠂ 《ᠨᠢᠭᠡ ᠳ᠋ᠠᠢᠲ᠋ᠠ ᠨᠢᠭᠡ ᠡᠬᠢ ᠢᠷᠡᠯᠲᠡ᠂ ᠨᠢᠭᠡ ᠡᠬᠢ ᠢᠷᠡᠯᠲᠡ ᠤᠯᠠᠨ ᠬᠡᠷᠡᠭ᠌ᠯᠡᠯᠲᠡ᠂ ᠬᠥᠳᠡᠯᠦᠩᠭᠦᠢ᠎ᠪᠠᠷ ᠱᠢᠨᠡᠳᠭᠡᠬᠦ᠂ ᠬᠠᠮᠵᠢᠯᠴᠠᠨ ᠦᠢᠯᠡᠴᠢᠯᠡᠬᠦ᠌》 ᠬᠡᠮᠵᠢᠨ ᠵᠢᠷᠤᠬᠤ ᠳ᠋ᠠᠢᠲ᠋ᠠ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠢ ᠠᠯᠬᠤᠮ ᠠᠯᠬᠤᠮ᠎ᠢᠶᠠᠷ ᠪᠦᠷᠢᠯᠳᠦᠭᠦᠯᠵᠦ᠍᠂ ᠬᠤᠳᠠ᠎ᠶ᠋ᠢᠨ ᠨᠠᠷᠢᠯᠢᠬ᠍ᠵᠢᠭᠤᠯᠤᠭ᠍ᠰᠠᠨ ᠵᠠᠰᠠᠯᠲᠠ ᠪᠠ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠪᠦᠲᠦᠮᠵᠢᠲᠡᠢ ᠲᠤᠯᠭᠠᠭᠤᠷᠢᠯᠠᠨ᠎ᠠ᠃
ᠲᠠᠷᠠᠭᠠᠴᠢ᠎ᠶ᠋ᠢᠨ ᠠᠯᠬᠤᠮ᠎ᠳᠤ᠂ ᠤᠯᠠᠭᠠᠨᠬᠠᠳᠠ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠳ᠋ᠠᠢᠲ᠋ᠠ᠎ᠶ᠋ᠢᠨ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠍ ᠬᠠᠮᠲᠤ᠎ᠪᠠᠷ ᠡᠳ᠋ᠯᠡᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠬᠡᠮᠵᠢᠨ ᠵᠢᠷᠤᠬᠤ ᠦᠢᠯᠡᠴᠢᠯᠡᠭᠡᠨ᠎ᠤ ᠬᠠᠩᠭᠠᠯᠭ᠎ᠠ᠎ᠶ᠋ᠢ ᠱᠢᠯᠢᠳᠡᠭ᠌ᠵᠢᠭᠦᠯᠦᠨ᠂ ᠵᠢᠷᠤᠮᠵᠢᠯ᠎ᠲᠠᠢ ᠡᠮᠬᠢ ᠵᠢᠷᠤᠮ᠎ᠲᠠᠢ᠂ ᠠᠮᠤᠷ ᠲᠦᠪᠱᠢᠨ ᠥᠨᠳᠥᠷ ᠪᠦᠲᠦᠮᠵᠢᠲᠡᠶ᠂ ᠬᠠᠮᠵᠢᠯᠴᠠᠨ ᠬᠠᠮᠲᠤ᠎ᠪᠠᠷ ᠡᠳ᠋ᠯᠡᠬᠦ᠌ ᠣᠲᠣ ᠦᠶ᠎ᠡ᠎ᠶ᠋ᠢᠨ ᠬᠡᠮᠵᠢᠨ ᠵᠢᠷᠤᠬᠤ ᠦᠢᠯᠡᠴᠢᠯᠡᠭᠡᠨ᠎ᠤ ᠲᠣᠭᠲᠠᠯᠴᠠᠭ᠎ᠠ᠎ᠶᠢ ᠲᠦᠷᠭᠡᠪᠴᠢᠯᠡᠨ ᠪᠠᠢᠭᠤᠯᠤᠨ᠎ᠠ᠃