ᠦᠬᠠᠢ ᠬᠤᠳᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠤᠪᠴᠢᠶ᠎ᠠ ᠪᠦᠬᠦ᠌ ᠬᠤᠳᠠ᠎ᠶ᠋ᠢᠨ ᠠᠭᠤᠷᠬᠠᠢ᠎ᠶ᠋ᠢᠨ ᠡᠷᠬᠡ᠎ᠶ᠋ᠢ ᠨᠢᠭᠡᠳᠦᠭᠦᠯᠬᠦ ᠠᠵᠢᠯ᠎ᠢ ᠯᠠᠪᠳᠠᠭᠤᠨ ᠪᠠᠳᠤᠳᠠᠢ ᠠᠬᠢᠭᠤᠯᠪᠠ
2025-12-19

  ᠡᠨᠡ ᠵᠢᠯ᠎ᠠᠴᠠ ᠨᠠᠭ᠋ᠠᠰᠢ᠂ ᠬᠤᠲᠠ᠎ᠶ᠋ᠢᠨ ᠨᠠᠮ᠎ᠤᠨ ᠬᠤᠷᠢᠶ᠎ᠠ᠂ ᠬᠤᠲᠠ᠎ᠶ᠋ᠢᠨ ᠵᠠᠰᠠᠭ᠎ᠤᠨ ᠣᠷᠳᠣᠨ᠎ᠤ ᠨᠢᠭᠡᠳᠦᠯᠲᠡᠶ ᠪᠠᠢᠷᠢᠯᠠᠭᠤᠯᠤᠯᠲᠠ ᠳᠣᠤᠷ᠎ᠠ᠂ ᠦᠬᠠᠶ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠪᠥᠬᠦ᠌ ᠬᠤᠲᠠ᠎ᠶ᠋ᠢᠨ ᠠᠭᠤᠷᠬᠠᠶ᠎ᠶ᠋ᠢᠨ ᠡᠷᠬᠡ᠎ᠶ᠋ᠢ ᠨᠢᠭᠡᠳᠦᠭᠦᠯᠬᠦ ᠠᠵᠢᠯ᠎ᠤᠨ ᠬᠠᠷᠠᠯᠲᠠ᠎ᠶ᠋ᠢᠨ ᠲᠣᠭᠤᠷᠢᠨ᠎ᠳᠤ᠂ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠷᠢᠭᠤᠴᠠᠯᠭ᠎ᠠ᠎ᠪᠠᠨ ᠪᠣᠳᠠᠲᠠᠢᠵᠢᠭᠤᠯᠵᠤ᠂ ᠬᠠᠮᠵᠢᠯᠴᠠᠭ᠎ᠠ᠎ᠪᠠᠨ ᠴᠢᠩᠭᠠᠳᠭᠠᠵᠤ᠂ ᠡᠯ᠎ᠡ ᠵᠦᠢᠯ᠎ᠤᠨ ᠠᠵᠢᠯ᠎ᠤᠨ ᠡᠮᠬᠢ ᠵᠢᠷᠤᠮ᠎ᠲᠠᠢ ᠥᠷᠨᠢᠬᠦ᠌᠎ᠶ᠋ᠢ ᠯᠠᠪᠳᠠᠭᠤᠨ ᠪᠠᠲᠤᠲᠠᠶ ᠠᠬᠢᠭᠤᠯᠪᠠ᠃

  ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠪᠠᠨ ᠴᠢᠩᠭᠠᠳᠭᠠᠵᠤ᠂ ᠠᠯᠬᠤᠮ ᠳᠠᠷᠠᠭ᠎ᠠ᠎ᠲᠠᠢ᠎ᠪᠠᠷ ᠠᠬᠢᠭᠤᠯᠤᠨ ᠨᠠᠢ᠌ᠳᠠᠪᠤᠷᠢᠵᠢᠭᠤᠯᠪᠠ᠃ ᠬᠤᠲᠠ ᠲᠣᠭᠤᠷᠢᠭ᠎ᠤᠨ ᠬᠤᠶᠠᠷ ᠱᠠᠲᠤᠨ᠎ᠤ ᠨᠡᠭᠦᠷᠡᠰᠦᠨ ᠠᠭᠤᠷᠬᠠᠢ᠎ᠶ᠋ᠢ ᠨᠢᠭᠡᠳᠦᠭᠦᠯᠬᠦ ᠠᠵᠢᠯ᠎ᠤᠨ ᠲᠤᠰᠭᠠᠢ ᠠᠩᠭᠢ᠎ᠶ᠋ᠢ ᠪᠠᠢᠭᠤᠯᠵᠤ᠂ ᠨᠢᠭᠡᠳᠦᠭᠦᠯᠬᠦ ᠶᠠᠪᠤᠴᠠ᠎ᠳᠠᠬᠢ ᠴᠢᠬᠤᠯᠠ ᠶᠡᠭᠡ ᠵᠦᠢᠯᠡᠰ᠎ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠬᠡᠷᠡᠭ᠌ᠲᠡᠢ᠃ ᠭᠤᠤᠯᠳᠠᠯᠭ᠎ᠠ᠎ᠲᠠᠢ ᠠᠭᠤᠷᠬᠠᠶ᠎ᠶ᠋ᠢᠨ ᠣᠷᠣᠨ᠂ ᠵᠠᠩᠭᠢᠯᠠᠭ᠎ᠠ᠎ᠶ᠋ᠢᠨ ᠭᠤᠭ᠍ᠴᠤᠭ᠎ᠠ᠎ᠳᠤ ᠲᠤᠰᠭᠠᠶ ᠬᠥᠮᠦᠨ ᠮᠥᠷᠳᠡᠨ ᠳᠠᠭᠠᠵᠤ᠂ ᠲᠤᠰᠭᠠᠶ ᠵᠦᠢᠯ᠎ᠢᠶᠠᠷ ᠬᠢᠨᠠᠨ ᠭᠦᠢᠴᠡᠳᠭᠡᠵᠦ᠍᠂ ᠡᠯ᠎ᠡ ᠵᠦᠢᠯ᠎ᠤᠨ ᠠᠵᠢᠯ᠎ᠤᠨ ᠡᠭᠦᠷᠭᠡ᠎ᠶ᠋ᠢᠨ ᠪᠠᠢᠷᠢᠯᠠᠭᠤᠯᠤᠯᠲᠠ᠎ᠶ᠋ᠢ ᠪᠣᠳᠠᠲᠠᠢᠵᠢᠭᠤᠯᠬᠤ᠂ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ 《ᠭᠠᠷᠠᠭ᠎ᠢᠶᠠᠷ ᠲᠣᠬᠢᠷᠠᠭᠤᠯᠵᠤ᠂ ᠭᠠᠷᠠᠭ᠎ᠢᠶᠠᠷ ᠬᠤᠷᠢᠶᠠᠩᠭᠤᠢᠯᠠᠬᠤ》 ᠠᠵᠢᠯ᠎ᠤᠨ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠵᠦ᠍᠂ ᠠᠵᠢᠯ᠎ᠤᠨ ᠴᠤᠪᠤᠷᠠᠯ᠎ᠤᠨ ᠶᠣᠰᠣᠭᠠᠷ ᠨᠢᠭ᠍ᠲᠠ ᠴᠢᠩᠭ᠎ᠠ ᠠᠳᠭᠤᠵᠤ᠂ ᠠᠯᠬᠤᠮ ᠳᠠᠷᠠᠭ᠎ᠠ᠎ᠪᠠᠷ᠎ᠢᠶᠠᠨ ᠠᠬᠢᠭᠤᠯᠬᠤ ᠬᠡᠷᠡᠭ᠌ᠲᠡᠶ᠃ ᠱᠠᠲᠤ ᠳᠠᠷᠠᠭᠠᠯᠠᠨ ᠬᠢᠨᠠᠨ ᠬᠠᠷᠭᠤᠭᠤᠯᠬᠤ ᠪᠣᠭᠤᠮᠲᠠ᠎ᠶ᠋ᠢ ᠡᠵᠡᠮᠳᠡᠬᠦ᠌ ᠲᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠨᠢᠭᠡᠳᠦᠭᠦᠯᠬᠦ ᠠᠵᠢᠯ᠎ᠢ ᠲᠣᠭ᠍ᠲᠠᠭ᠍ᠰᠠᠨ ᠴᠠᠭ ᠬᠤᠭᠤᠴᠠᠭᠠᠨ᠎ᠤ ᠵᠠᠩᠭᠢᠯᠠᠭ᠎ᠠ᠎ᠶ᠋ᠢᠨ ᠴᠡᠭ᠎ᠢᠶᠠᠷ ᠤᠷᠤᠭ᠍ᠰᠢᠲᠠᠶ ᠪᠡᠶᠡᠯᠡᠭᠦᠯᠬᠦ᠌᠎ᠶ᠋ᠢ ᠦᠨᠡᠨᠬᠦ᠌ ᠪᠠᠲᠤᠯᠠᠪᠠ᠃

  ᠰᠠᠯᠠᠭ᠎ᠠ ᠮᠥᠴᠢᠷ᠎ᠤᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠶᠠᠰᠤ ᠴᠢᠨᠠᠷ᠎ᠤᠨ ᠪᠣᠭᠤᠮᠲᠠ᠎ᠶ᠋ᠢ ᠴᠢᠩᠭ᠎ᠠ ᠠᠳᠬᠤᠪᠠ᠃ ᠰᠠᠯᠠᠭ᠎ᠠ ᠮᠥᠴᠢᠷ ᠠᠯᠤᠰᠯᠠᠭ᠍ᠰᠠᠨ ᠬᠠᠮᠲᠤᠷᠠᠭ᠍ᠰᠠᠨ ᠵᠣᠬᠢᠴᠠᠭᠤᠯᠬᠤ ᠬᠤᠷᠠᠯ᠎ᠢ ᠣᠯᠠᠨ ᠤᠳᠠᠭ᠎ᠠ ᠵᠣᠬᠢᠶᠠᠨ ᠪᠠᠢᠭᠤᠯᠤᠨ ᠬᠤᠷᠠᠯᠳᠤᠭᠤᠯᠵᠤ᠂ ᠡᠯ᠎ᠡ ᠲᠣᠭᠤᠷᠢᠭ᠎ᠤᠨ ᠨᠢᠭᠡᠳᠦᠭᠦᠯᠬᠦ ᠠᠵᠢᠯ᠎ᠢ ᠵᠢᠯᠣᠭᠤᠳᠤᠨ ᠱᠢᠮᠳᠠᠭᠤᠯᠬᠤ᠎ᠪᠠᠨ ᠴᠢᠩᠭᠠᠳᠭᠠᠪᠠ᠃ ᠨᠢᠭᠡᠳᠦᠭᠦᠯᠬᠦ ᠲᠣᠭᠤᠷᠢᠭ᠎ᠤᠨ ᠨᠢᠭᠡᠳᠦᠭᠦᠯᠬᠦ ᠲᠥᠰᠦᠯ ᠵᠢᠴᠢ ᠬᠠᠮᠢᠶ᠎ᠠ ᠪᠥᠬᠦᠶ ᠮᠡᠳᠡᠭᠦᠯᠦᠯᠲᠡ᠎ᠶ᠋ᠢ ᠨᠠᠢᠷᠠᠭᠤᠯᠤᠨ ᠵᠣᠬᠢᠶᠠᠬᠤ᠂ ᠮᠡᠳᠡᠭᠦᠯᠦᠨ ᠬᠢᠨᠠᠬᠤ ᠠᠵᠢᠯ᠎ᠢ ᠲᠦᠷᠭᠡᠳᠭᠡᠨ ᠠᠬᠢᠭᠤᠯᠵᠤ᠂ ᠠᠵᠤ ᠠᠬᠤᠢᠯᠠᠯ᠎ᠢ ᠱᠢᠮᠳᠠᠭᠤᠯᠵᠤ ᠪᠠᠢᠭᠠᠳ ᠱᠢᠯᠵᠢᠭᠦᠯᠦᠨ ᠥᠭ᠌ᠴᠦ ᠢᠯᠡ ᠨᠡᠢᠲᠡᠯᠡᠬᠦ᠌᠎ᠶ᠋ᠢ ᠲᠤᠱᠢᠶᠠᠯᠭᠠᠨ᠂ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ᠎ᠤ ᠵᠢᠯ᠎ᠤᠨ ᠡᠴᠦᠰ᠎ᠲᠤ ᠠᠭᠤᠷᠬᠠᠶ᠎ᠠᠴᠠ ᠤᠬᠤᠷᠢᠨ ᠭᠠᠷᠬᠤ ᠠᠵᠢᠯ᠎ᠢ ᠪᠡᠶᠡᠯᠡᠭᠦᠯᠬᠦ᠌᠎ᠶ᠋ᠢ ᠵᠣᠯᠭᠠᠭᠤᠯᠵᠤ᠂ ᠨᠢᠭᠡᠳᠦᠭᠦᠯᠬᠦ ᠠᠵᠢᠯ᠎ᠤᠨ ᠬᠡᠯᠪᠡᠷᠢ᠎ᠲᠠᠢ᠂ ᠰᠡᠷᠡᠭᠳᠡᠯ᠎ᠲᠠᠢ᠂ ᠪᠦᠲᠦᠮᠵᠢᠲᠡᠶ ᠥᠷᠨᠢᠬᠦ᠌᠎ᠶ᠋ᠢ ᠠᠬᠢᠭᠤᠯᠤᠨ᠎ᠠ᠃ ᠡᠯ᠎ᠡ ᠨᠢᠭᠡᠳᠦᠭᠦᠯᠬᠦ ᠲᠣᠭᠤᠷᠢᠭ᠎ᠢ ᠨᠢᠭᠡᠳᠦᠭᠦᠯᠬᠦ ᠴᠢᠬᠤᠯᠠ ᠨᠥᠬᠦᠴᠡᠯ᠂ ᠲᠥᠰᠦᠯ ᠵᠢᠴᠢ ᠮᠡᠳᠡᠭᠦᠯᠦᠯᠲᠡ᠎ᠶ᠋ᠢ ᠨᠠᠢᠷᠠᠭᠤᠯᠤᠨ ᠵᠣᠬᠢᠶᠠᠬᠤ ᠶᠠᠰᠤ ᠴᠢᠨᠠᠷ᠎ᠢ ᠱᠢᠮᠳᠠᠭᠤᠯᠤᠨ ᠪᠠᠢᠴᠠᠭᠠᠬᠤ ᠪᠠ ᠤᠷᠢᠳᠴᠢᠯᠠᠨ ᠬᠢᠨᠠᠬᠤ ᠠᠵᠢᠯ᠎ᠢ ᠴᠢᠩᠭᠠᠳᠭᠠᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠎ᠶ᠋ᠢ ᠪᠠᠷᠢᠮᠲᠠᠯᠠᠨ᠂ ᠪᠢᠴᠢᠭ ᠮᠠᠲ᠋ᠧᠷᠢᠶᠠᠯ᠎ᠨᠢ ᠵᠢᠷᠤᠮᠵᠢᠭᠤᠨ᠂ ᠠᠭᠤᠯᠭ᠎ᠠ᠎ᠨᠢ ᠯᠠᠪᠳᠠᠭᠤᠨ ᠪᠠᠲᠤᠲᠠᠶ ᠪᠠᠢᠬᠤ᠎ᠶ᠋ᠢ ᠦᠨᠡᠨᠬᠦ᠌ ᠪᠠᠲᠤᠯᠠᠵᠤ᠂ ᠨᠢᠭᠡᠳᠦᠭᠦᠯᠬᠦ ᠠᠵᠢᠯ᠎ᠤᠨ ᠤᠷᠤᠭ᠍ᠰᠢᠲᠠᠶ ᠶᠠᠪᠤᠭ᠍ᠳᠠᠬᠤ᠎ᠳᠤ ᠰᠠᠭᠤᠷᠢ ᠲᠠᠯᠪᠢᠪᠠ᠃

  ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠵᠢᠯᠣᠭᠣᠳᠭᠤ᠎ᠶ᠋ᠢ ᠴᠢᠬᠤᠯᠠᠴᠢᠯᠠᠵᠤ᠂ ᠬᠢᠨᠠᠨ ᠵᠢᠯᠣᠭᠣᠳᠴᠤ᠌ ᠪᠠᠢᠴᠠᠭᠠᠬᠤ᠎ᠶ᠋ᠢ ᠴᠢᠩᠭ᠋ᠠᠷᠠᠭᠤᠯᠪᠠ᠃ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠦᠬᠠᠶ ᠬᠤᠲᠠ᠎ᠶ᠋ᠢᠨ ᠠᠭᠤᠷᠬᠠᠶ᠎ᠶ᠋ᠢᠨ ᠡᠷᠬᠡ᠎ᠶ᠋ᠢ ᠨᠢᠭᠡᠳᠦᠭᠦᠯᠬᠦ ᠲᠤᠬᠠᠶ ᠡᠯ᠎ᠡ ᠵᠦᠢᠯ᠎ᠤᠨ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ᠎ᠢ ᠭᠦᠨᠵᠡᠭᠡᠶ ᠲᠠᠢᠯᠪᠤᠷᠢᠯᠠᠬᠤ᠎ᠶ᠋ᠢᠨ ᠬᠠᠮᠲᠤ ᠴᠢᠩᠭ᠎ᠠ ᠬᠡᠷᠡᠭ᠌ᠵᠢᠭᠦᠯᠵᠦ᠍᠂ ᠨᠢᠭᠡᠳᠦᠭᠦᠯᠬᠦ ᠲᠠᠰ ᠳᠠᠷᠠᠭᠠᠯᠠᠯ᠎ᠤᠨ ᠬᠠᠤᠯᠢ ᠲᠣᠭ᠍ᠲᠠᠭᠠᠯ᠎ᠳᠤ ᠨᠡᠢᠴᠡᠬᠦ᠌᠎ᠶ᠋ᠢ ᠦᠨᠡᠨᠬᠦ᠌ ᠪᠠᠲᠤᠯᠠᠨ᠎ᠠ᠃ ᠦᠬᠠᠶ᠎ᠶ᠋ᠢᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠠᠵᠢᠯᠯᠠᠭᠠᠨ᠎ᠤ ᠵᠢᠯᠣᠭᠤᠳᠣᠯᠭ᠎ᠠ᠎ᠶ᠋ᠢ ᠨᠠᠷᠢᠯᠢᠬ᠍ᠵᠢᠭᠤᠯᠵᠤ᠂ ᠨᠢᠭᠡᠳᠦᠭᠦᠯᠬᠦ ᠠᠵᠢᠯ᠎ᠢ ᠲᠣᠭ᠍ᠲᠠᠭᠤᠨ᠎ᠢᠶᠠᠷ ᠵᠢᠷᠤᠮᠵᠢᠭᠤᠯᠤᠨ ᠠᠬᠢᠭᠤᠯᠬᠤ᠎ᠶ᠋ᠢ ᠪᠠᠲᠤᠯᠠᠨ᠎ᠠ᠃ ᠪᠠᠢᠩᠭᠤᠵᠢᠭᠤᠯᠤᠭ᠍ᠰᠠᠨ ᠬᠢᠨᠠᠨ ᠵᠢᠯᠣᠭᠤᠳᠴᠤ᠌ ᠪᠠᠢᠴᠠᠭᠠᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠦ᠍᠂ ᠡᠯ᠎ᠡ ᠲᠣᠭᠤᠷᠢᠭ᠎ᠤᠨ ᠨᠢᠭᠡᠳᠦᠭᠦᠯᠬᠦ ᠠᠵᠢᠯ᠎ᠤᠨ ᠠᠬᠢᠴᠠ᠎ᠶ᠋ᠢᠨ ᠪᠠᠢᠳᠠᠯ᠎ᠳᠤ ᠲᠣᠭ᠍ᠲᠠᠮᠠᠯ ᠬᠤᠭᠤᠴᠠᠭ᠎ᠠ᠎ᠲᠠᠢ᠎ᠪᠠᠷ ᠲᠤᠬᠠᠶ᠎ᠶ᠋ᠢᠨ ᠭᠠᠵᠠᠷ᠎ᠲᠤᠨᠢ ᠪᠠᠢᠴᠠᠭᠠᠨ ᠰᠤᠳᠤᠯᠤᠯᠲᠠ ᠬᠢᠵᠦ᠍᠂ ᠠᠰᠠᠭᠤᠳᠠᠯ᠎ᠢ ᠴᠠᠭ ᠲᠤᠬᠠᠶ᠎ᠳᠤᠨᠢ ᠢᠯᠡᠷᠡᠭᠦᠯᠵᠦ᠍᠂ ᠵᠣᠬᠢᠴᠠᠭᠤᠯᠤᠨ ᠱᠢᠢᠳᠪᠦᠷᠢᠯᠡᠵᠦ᠍᠂ ᠨᠢᠭᠡᠳᠦᠭᠦᠯᠬᠦ ᠠᠵᠢᠯ᠎ᠤᠨ ᠲᠠᠰᠤᠷᠠᠯᠲᠠ ᠥᠬᠡᠶ ᠪᠣᠳᠠᠲᠠᠶ ᠠᠬᠢᠴᠠ᠎ᠲᠠᠢ ᠪᠣᠯᠬᠤ᠎ᠶ᠋ᠢ ᠠᠬᠢᠭᠤᠯᠪᠠ᠃

  ᠳᠠᠷᠠᠭᠠᠴᠢ᠎ᠶ᠋ᠢᠨ ᠠᠯᠬᠤᠮ᠎ᠳᠤ᠂ ᠦᠬᠠᠢ ᠬᠤᠳᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠤᠪᠴᠢᠶ᠎ᠠ ᠦᠷᠭᠦᠯᠵᠢᠯᠡᠨ ᠬᠤᠳᠠ᠎ᠶ᠋ᠢᠨ ᠨᠠᠮ᠎ᠤᠨ ᠬᠤᠷᠢᠶ᠎ᠠ᠂ ᠬᠤᠳᠠ᠎ᠶ᠋ᠢᠨ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠣᠷ᠎ᠠ᠂ ᠠᠵᠢᠯ᠎ᠤᠨ ᠲᠤᠰᠭᠠᠢ ᠠᠩᠬᠢ᠎ᠶ᠋ᠢᠨ ᠦᠢᠯᠡᠳᠦᠯ᠎ᠢᠶᠠᠨ ᠭᠦᠢᠴᠡᠳ ᠪᠠᠳᠠᠷᠠᠭᠤᠯᠵᠤ᠂ ᠠᠷᠭ᠎ᠠ ᠬᠡᠮᠵᠢᠶ᠎ᠡ᠎ᠪᠠᠨ ᠦᠷᠭᠦᠯᠵᠢᠯᠡᠨ ᠴᠢᠩᠭᠠᠳᠭᠠᠵᠤ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠪᠦᠬᠦ᠌ ᠬᠤᠳᠠ᠎ᠶ᠋ᠢᠨ ᠠᠭᠤᠷᠬᠠᠢ᠎ᠶ᠋ᠢᠨ ᠡᠷᠬᠡ᠎ᠶ᠋ᠢ ᠨᠢᠭᠡᠳᠦᠭᠦᠯᠬᠦ ᠠᠵᠢᠯ᠎ᠤᠨ ᠲᠡᠭᠦᠰ ᠠᠮᠵᠢᠯᠲᠠ᠎ᠲᠠᠢ ᠪᠡᠶᠡᠯᠡᠭ᠌ᠳᠡᠬᠦ᠌᠎ᠶ᠋ᠢ ᠪᠦᠬᠦ᠌ ᠬᠦᠴᠦᠨ᠎ᠢᠶᠠᠷ᠎ᠢᠶᠠᠨ ᠪᠠᠲᠤᠯᠠᠨ᠎ᠠ᠃

ᠢᠷᠡᠯᠲᠡ᠄ ᠦᠬᠠᠶ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ