ᠡᠨᠡ ᠵᠢᠯ᠎ᠠᠴᠠ ᠨᠠᠭ᠋ᠠᠰᠢ᠂ ᠤᠯᠠᠭᠠᠨᠬᠠᠳᠠ ᠬᠤᠲᠠ᠎ᠶ᠋ᠢᠨ ᠪᠠᠭᠠᠷᠢᠨ ᠪᠠᠷᠠᠭᠤᠨ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠨ᠂ 《ᠬᠤᠳᠠᠯᠳᠤᠭᠠᠴᠢᠨ ᠤᠷᠢᠵᠤ ᠬᠠᠮᠲᠤᠷᠠᠯᠴᠠᠬᠤ᠂ ᠬᠠᠢᠨ ᠪᠠᠢᠴᠠᠭᠠᠵᠤ ᠨᠡᠭᠡᠭᠡᠨ ᠬᠥᠭ᠌ᠵᠢᠭᠦᠯᠬᠦ᠂ ᠬᠦᠴᠦᠨ ᠵᠦᠢᠯ᠎ᠤᠨ ᠪᠠᠲᠤᠯᠠᠭ᠎ᠠ》 ᠶ᠋ᠢᠨ ᠲᠣᠭᠤᠷᠢᠨ᠎ᠳᠤ ᠨᠠᠷᠢᠯᠢᠭ ᠣᠨᠣᠴᠠᠲᠠᠶ᠎ᠪᠠᠷ ᠬᠦᠴᠦᠯᠡᠵᠦ᠍᠂ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠠᠬᠤᠶ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠠᠭᠤᠷᠬᠠᠶ᠎ᠶ᠋ᠢᠨ ᠦᠢᠯᠡᠰ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃
ᠬᠤᠳᠠᠯᠳᠤᠭ᠋ᠠᠴᠢᠨ ᠤᠷᠢᠬᠤ ᠬᠠᠮᠲᠤᠷᠠᠯᠴᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠥᠭ᠌ᠵᠢᠯᠲᠡ᠎ᠶ᠋ᠢᠨ ᠠᠷᠭ᠎ᠠ ᠵᠠᠮ᠎ᠢᠶᠠᠨ ᠥᠷᠭᠡᠳᠭᠡᠨ᠎ᠡ᠃ ᠠᠭᠤᠷᠬᠠᠶ᠎ᠶ᠋ᠢᠨ ᠦᠢᠯᠡᠰ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠶᠠᠷᠢᠯᠴᠠᠬᠤ ᠬᠤᠷᠠᠯ᠎ᠢ ᠠᠮᠵᠢᠯᠲᠠ᠎ᠲᠠᠢ ᠡᠷᠭᠢᠯᠡᠵᠦ᠍᠂ ᠡᠾᠸᠪᠸᠢ ᠶ᠋ᠢᠨ ᠠᠭᠤᠷᠬᠠᠶ᠎ᠶ᠋ᠢᠨ ᠦᠢᠯᠡᠰ᠂ ᠱᠠᠨᠳᠦ᠋ᠩ᠎ᠤᠨ ᠰᠢᠵᠢᠷ ᠠᠯᠲᠠ᠂ ᠳᠤᠮᠳᠠᠳᠤ ᠤᠯᠤᠰ᠎ᠤᠨ ᠴᠥᠮ᠎ᠡ᠎ᠶ᠋ᠢᠨ ᠪᠦᠯᠦᠭ᠌ᠯᠡᠯ᠎ᠤᠨ ᠵᠡᠭᠦᠨ ᠬᠤᠢᠲᠤ᠎ᠶ᠋ᠢᠨ ᠭᠠᠵᠠᠷ ᠱᠢᠨᠵᠢᠯᠡᠭᠡᠨ᠎ᠤ ᠬᠠᠢᠨ ᠱᠢᠨᠵᠢᠬᠦ᠌ ᠲᠥᠪ ᠵᠡᠷᠭᠡ ᠣᠯᠠᠨ ᠠᠵᠤ ᠠᠬᠤᠢᠯᠠᠯ᠎ᠲᠠᠢ ᠭᠦᠨᠵᠡᠭᠡᠶ ᠵᠣᠯᠭᠠᠭᠤᠯᠵᠤ᠂ 《ᠪᠠᠢᠯᠳᠤᠬᠤ ᠪᠣᠳᠣᠯᠭ᠎ᠠ᠎ᠶ᠋ᠢᠨ ᠬᠠᠮᠲᠤᠷᠠᠯᠴᠠᠭᠠᠨ᠎ᠤ ᠪᠦᠳᠦᠭᠦᠪᠴᠢ ᠬᠡᠯᠡᠯᠴᠡᠭᠡᠷ》 ᠲᠣᠭ᠍ᠲᠠᠵᠤ᠂ ᠠᠭᠤᠷᠬᠠᠶ᠎ᠶ᠋ᠢᠨ ᠭᠠᠷᠤᠯᠲᠠ᠎ᠶ᠋ᠢ ᠬᠠᠢᠨ ᠪᠠᠢᠴᠠᠭᠠᠬᠤ᠂ ᠭᠠᠵᠠᠷ ᠱᠢᠨᠵᠢᠯᠡᠭᠡᠨ᠎ᠤ ᠣᠷᠴᠢᠨ ᠲᠣᠭᠤᠷᠢᠨ᠎ᠢ ᠵᠠᠰᠠᠬᠤ ᠵᠡᠷᠭᠡ ᠬᠦᠷᠢᠶᠡᠨ᠎ᠳᠤ ᠣᠯᠠᠨ ᠵᠦᠢᠯ᠎ᠤᠨ ᠬᠠᠮᠲᠤᠷᠠᠯᠴᠠᠭᠠᠨ᠎ᠤ ᠰᠠᠨᠠᠮᠵᠢ ᠲᠣᠭ᠍ᠲᠠᠵᠤ᠂ ᠠᠭᠤᠷᠬᠠᠶ᠎ᠶ᠋ᠢᠨ ᠦᠢᠯᠡᠰ᠎ᠤᠨ ᠬᠥᠭ᠌ᠵᠢᠯᠲᠡ᠎ᠳᠤ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃
ᠬᠠᠢᠨ ᠪᠠᠢᠴᠠᠭᠠᠵᠤ ᠨᠡᠭᠡᠭᠡᠨ ᠬᠥᠭ᠌ᠵᠢᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠬᠢ ᠪᠠᠶᠠᠯᠢᠭ᠎ᠤᠨ ᠳᠠᠯᠳᠠ ᠬᠦᠴᠦᠨ᠎ᠢ ᠪᠠᠳᠠᠷᠠᠭᠤᠯᠤᠨ᠎ᠠ᠃ ᠬᠠᠢᠨ ᠪᠠᠢᠴᠠᠭᠠᠬᠤ ᠲᠥᠯᠥᠪᠵᠢᠭᠦᠯᠭᠡ᠎ᠶ᠋ᠢᠨ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠱᠢᠨ᠎ᠡ᠎ᠪᠠᠷ 20 ᠳᠠᠪᠠᠭᠤᠯᠢᠭ ᠠᠭᠤᠷᠬᠠᠢ᠎ᠶ᠋ᠢᠨ ᠲᠦᠷᠦᠯ᠎ᠤᠨ ᠬᠠᠢᠨ ᠪᠠᠢᠴᠠᠭᠠᠬᠤ ᠲᠥᠯᠥᠪᠵᠢᠭᠦᠯᠭᠡ᠎ᠶ᠋ᠢᠨ ᠣᠷᠣᠨ ᠬᠡᠰᠡᠭ᠎ᠢ ᠨᠡᠮᠡᠵᠦ᠍᠂ ᠲᠤᠭᠤᠯᠭ᠎ᠠ᠂ ᠴᠠᠢᠷ᠂ ᠵᠡᠰ᠂ ᠬᠠᠢᠯᠤᠭᠤᠷ ᠵᠣᠩᠰᠢ ᠵᠡᠷᠭᠡ ᠭᠤᠣᠯᠳᠠᠯᠭ᠎ᠠ᠎ᠲᠠᠢ ᠠᠭᠤᠷᠬᠠᠢ᠎ᠶ᠋ᠢᠨ ᠲᠥᠷᠥᠯ᠎ᠢ ᠬᠠᠮᠤᠷᠤᠨ᠎ᠠ᠃ 7 ᠠᠭᠤᠷᠬᠠᠶ᠎ᠶ᠋ᠢ ᠬᠠᠪᠰᠤᠷᠤᠨ ᠭᠦᠨ ᠬᠡᠰᠡᠭ ᠵᠢᠴᠢ ᠡᠷᠭᠢᠨ ᠲᠣᠭᠤᠷᠢᠨ᠎ᠤ ᠬᠠᠢᠨ ᠪᠠᠢᠴᠠᠭᠠᠯᠲᠠ᠎ᠶ᠋ᠢ ᠥᠷᠨᠢᠭᠦᠯᠵᠦ᠍᠂ 6 ᠠᠭᠤᠷᠬᠠᠶ ᠡᠷᠢᠬᠦ ᠡᠷᠬᠡ᠎ᠶ᠋ᠢ ᠱᠢᠯᠵᠢᠭᠦᠯᠦᠨ ᠬᠤᠳᠠᠯᠳᠤᠬᠤ ᠭᠤᠶᠤᠴᠢᠯᠠᠯ᠎ᠢ ᠳᠡᠭᠡᠭ᠌ᠰᠢ ᠮᠡᠳᠡᠭᠦᠯᠬᠦ᠌᠎ᠶ᠋ᠢ ᠲᠦᠯᠬᠢᠨ ᠠᠬᠢᠭᠤᠯᠵᠤ᠂ ᠡᠭᠦᠨ᠎ᠳᠤ 5 ᠠᠭᠤᠷᠬᠠᠶ ᠡᠷᠢᠬᠦ ᠡᠷᠬᠡ᠎ᠶ᠋ᠢ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠠᠭᠤᠷᠬᠠᠢ᠎ᠶ᠋ᠢᠨ ᠤᠯᠤᠰ ᠲᠥᠷᠥ᠎ᠶ᠋ᠢᠨ ᠬᠤᠷᠠᠯ᠎ᠢᠶᠠᠷ ᠬᠢᠨᠠᠨ ᠵᠥᠪᠯᠡᠭᠦᠯᠵᠦ᠍ ᠪᠠᠲᠤᠯᠠᠭᠤᠯᠵᠤ᠂ 1 ᠠᠭᠤᠷᠬᠠᠶ ᠡᠷᠢᠬᠦ ᠡᠷᠬᠡ᠎ᠶ᠋ᠢᠨ ᠬᠠᠢᠨ ᠱᠢᠨᠵᠢᠯᠡᠵᠦ᠍ ᠮᠠᠯᠲᠠᠬᠤ ᠭᠠᠷᠳᠠᠮ᠎ᠢ ᠭᠦᠢᠴᠡᠳᠭᠡᠬᠦ᠌᠎ᠶ᠋ᠢ ᠪᠡᠶᠡᠯᠡᠭᠦᠯᠵᠦ᠍᠂ ᠰᠤᠯᠠ ᠪᠠᠢᠭ᠎ᠠ ᠡᠬᠢ ᠪᠠᠶᠠᠯᠢᠭ᠎ᠢ ᠪᠦᠲᠦᠮᠵᠢᠲᠡᠶ᠎ᠪᠠᠷ ᠠᠮᠢᠳᠤᠯᠢᠭ ᠪᠣᠯᠭ᠋ᠠᠪᠠ᠃
ᠡᠯᠧᠮᠧᠨ᠋ᠲ᠎ᠤᠨ ᠪᠠᠲᠤᠯᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠢᠯᠡᠴᠢᠯᠡᠭᠡᠨ᠎ᠤ ᠶᠠᠪᠤᠴᠠ᠎ᠶ᠋ᠢ ᠰᠢᠯᠢᠳᠡᠭᠵᠢᠭᠦᠯᠦᠨ᠎ᠡ᠃ ᠬᠠᠢᠨ ᠱᠢᠨᠵᠢᠯᠡᠵᠦ᠍ ᠱᠢᠯᠵᠢᠭᠦᠯᠦᠨ ᠮᠠᠯᠲᠠᠬᠤ᠎ᠶ᠋ᠢ ᠵᠣᠬᠢᠴᠠᠭᠤᠯᠬᠤ ᠲᠣᠭ᠍ᠲᠠᠴᠠ᠎ᠶ᠋ᠢ ᠪᠠᠢᠭᠤᠯᠤᠨ᠂ ᠬᠢᠨᠠᠨ ᠵᠥᠪᠱᠢᠶᠡᠷᠡᠬᠦ᠌ ᠭᠣᠭ᠍ᠴᠣᠭ᠎ᠠ᠎ᠶ᠋ᠢ ᠳᠥᠭᠥᠮᠴᠢᠯᠡᠵᠦ᠍᠂ ᠠᠭᠤᠷᠬᠠᠶ᠎ᠶ᠋ᠢᠨ ᠦᠢᠯᠡᠰ᠎ᠦᠨ ᠡᠷᠬᠡ᠎ᠶ᠋ᠢ ᠬᠢᠮᠳᠠ᠎ᠪᠠᠷ ᠬᠤᠳᠠᠯᠳᠤᠬᠤ ᠠᠢᠵᠠᠮ᠎ᠢ ᠲᠦᠷᠭᠡᠳᠭᠡᠨ᠂ 3 ᠠᠭᠤᠷᠬᠠᠶ ᠡᠷᠢᠬᠦ ᠡᠷᠬᠡ᠎ᠶ᠋ᠢ ᠬᠢᠮᠳᠠ᠎ᠪᠠᠷ ᠬᠤᠳᠠᠯᠳᠤᠬᠤ ᠨᠥᠭᠡᠴᠡᠯᠡᠬᠦ᠌ ᠬᠥᠮᠥᠷᠭᠡ᠎ᠳᠦ ᠣᠷᠣᠭᠤᠯᠬᠤ᠎ᠶ᠋ᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ ᠪᠡᠯᠡ ᠭᠠᠷᠭᠠᠭ᠍ᠰᠠᠨ ᠭᠠᠵᠠᠷ ᠱᠢᠨᠵᠢᠯᠡᠭᠡᠨ᠎ᠤ ᠬᠠᠢᠨ ᠪᠠᠢᠴᠠᠭᠠᠬᠤ 6 ᠲᠥᠷᠥᠯ ᠵᠦᠢᠯ᠎ᠢ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌ᠯᠦᠭᠡ ᠢᠳᠡᠪᠬᠢᠲᠡᠢ ᠬᠠᠮᠵᠢᠯᠴᠠᠨ᠂ ᠦᠢᠯᠡᠴᠢᠯᠡᠭᠡᠨ᠎ᠤ ᠪᠠᠲᠤᠯᠠᠭ᠎ᠠ᠎ᠶ᠋ᠢ ᠪᠥᠬᠦ᠌ ᠶᠠᠪᠤᠴᠠ᠎ᠳᠤ ᠰᠠᠢᠲᠤᠷ ᠬᠢᠵᠦ᠍᠂ ᠲᠥᠷᠥᠯ ᠵᠦᠢᠯ᠎ᠤᠨ ᠭᠠᠵᠠᠷ ᠱᠢᠨᠵᠢᠯᠡᠭᠡᠨ᠎ᠤ ᠬᠠᠢᠨ ᠪᠠᠢᠴᠠᠭᠠᠬᠤ ᠠᠵᠢᠯ᠎ᠢ ᠤᠷᠤᠭ᠍ᠰᠢᠲᠠᠶ ᠥᠷᠨᠢᠭᠦᠯᠬᠦ᠌᠎ᠶ᠋ᠢ ᠦᠨᠡᠨᠬᠦ᠌ ᠪᠠᠲᠤᠯᠠᠨ᠎ᠠ᠃
ᠲᠠᠷᠠᠭᠠᠴᠢ᠎ᠶ᠋ᠢᠨ ᠠᠯᠬᠤᠮ᠎ᠳᠤ᠂ ᠪᠠᠭᠠᠷᠢᠨ ᠪᠠᠷᠠᠭᠤᠨ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠡᠬᠢ ᠪᠠᠶᠠᠯᠢᠭ᠎ᠢ ᠨᠢᠭᠡᠳᠦᠭᠦᠯᠬᠦ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠭᠤᠷᠬᠠᠶ᠎ᠶ᠋ᠢᠨ ᠠᠶᠤᠯ ᠦᠭᠡᠢ ᠦᠢᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠂ ᠡᠬᠢ ᠪᠠᠶᠠᠯᠢᠭ᠎ᠤᠨ ᠠᠱᠢᠭ᠍ᠯᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠠᠭᠤᠷᠬᠠᠶ᠎ᠶ᠋ᠢᠨ ᠦᠢᠯᠡᠰ᠎ᠤᠨ ᠠᠵᠤ ᠠᠬᠤᠶ᠎ᠶ᠋ᠢᠨ ᠬᠡᠪᠴᠢᠶᠡᠵᠢᠭ᠌ᠰᠡᠨ᠂ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠤᠨ᠎ᠠ᠃