ᠠᠯᠠᠱᠠ ᠠᠢᠮᠠᠭ ᠨᠡᠭᠦᠷᠡᠰᠦᠨ᠎ᠤ ᠪᠤᠰᠤ ᠠᠭᠤᠷᠬᠠᠶ᠎ᠶ᠋ᠢ ᠨᠢᠭᠡᠳᠦᠭᠦᠯᠬᠦ ᠪᠠ ᠬᠠᠳᠠᠭ᠋ᠠᠯᠠᠭᠳᠠᠴᠠ ᠭᠠᠷᠤᠯᠲᠠ᠎ᠶᠢ ᠨᠡᠮᠡᠭᠳᠡᠭᠦᠯᠬᠦ᠎ᠶᠢᠨ ᠬᠠᠮᠲᠦ ᠭᠠᠷᠤᠯᠲᠠ᠎ᠶᠢ ᠳᠡᠭᠡᠭᠰᠢᠯᠡᠭᠦᠯᠬᠦ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ ᠪᠤᠢ
2025-12-22

  ᠤᠯᠤᠰ᠂ ᠥᠪᠡᠷᠲᠡᠭᠡᠨ ᠵᠠᠰᠠᠬᠤ ᠣᠷᠣᠨ᠎ᠤ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠡᠷᠴᠢᠮᠯᠢᠭ ᠠᠷᠪᠢᠯᠠᠨ ᠭᠠᠮᠨᠠᠵᠤ ᠥᠨᠳᠥᠷ ᠪᠦᠲᠦᠮᠵᠢᠲᠡᠶ ᠠᠱᠢᠭ᠍ᠯᠠᠬᠤ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠲᠤᠬᠠᠶ ᠲᠣᠬᠢᠷᠠᠭᠤᠯᠤᠯᠲᠠ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠡᠨᠡ ᠵᠢᠯ᠎ᠠᠴᠠ ᠨᠠᠭ᠋ᠠᠰᠢ᠂ ᠠᠯᠠᠱᠠ ᠠᠢᠮᠠᠭ ᠣᠷᠣᠨ ᠪᠦᠰᠡ᠎ᠶ᠋ᠢᠨ ᠡᠬᠢ ᠪᠠᠶᠠᠯᠢᠭ᠎ᠤᠨ ᠳᠠᠪᠠᠭᠤᠯᠢᠭ ᠬᠢᠭᠡᠳ ᠠᠵᠤ ᠦᠢᠯᠡᠰ᠎ᠤᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ᠂ ᠬᠥᠭ᠌ᠵᠢᠯᠲᠡ ᠬᠢᠭᠡᠳ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ ᠱᠢᠰᠲ᠋ᠧᠮ᠎ᠲᠠᠢ ᠠᠷᠭ᠎ᠠ ᠪᠣᠳᠣᠯᠭ᠎ᠠ ᠬᠡᠷᠡᠭ᠌ᠵᠢᠭᠦᠯᠦᠨ᠂ ᠨᠡᠭᠦᠷᠡᠰᠦᠨ᠎ᠤ ᠪᠤᠰᠤ ᠠᠭᠤᠷᠬᠠᠶ᠎ᠶ᠋ᠢ ᠡᠮᠬᠢᠯᠡᠨ ᠨᠢᠭᠡᠳᠦᠭᠦᠯᠵᠦ ᠳᠠᠬᠢᠨ ᠵᠣᠬᠢᠶᠠᠨ ᠪᠠᠢᠭᠤᠯᠬᠤ ᠪᠠ ᠦᠢᠯᠡᠳᠪᠦᠷᠢᠯᠡᠯ᠎ᠢᠶᠠᠨ ᠨᠡᠮᠡᠭ᠌ᠳᠡᠭᠦᠯᠬᠦ᠌ ᠠᠵᠢᠯ᠎ᠢ ᠪᠥᠬᠦ᠌ ᠬᠦᠴᠦᠨ᠎ᠢᠶᠠᠷ ᠠᠬᠢᠭᠤᠯᠵᠤ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠪᠠᠲᠤᠯᠠᠬᠤ ᠴᠢᠳᠠᠪᠤᠷᠢ ᠪᠠ ᠨᠡᠭᠡᠭᠡᠨ ᠠᠱᠢᠭ᠍ᠯᠠᠬᠤ ᠦᠷ᠎ᠡ ᠠᠱᠢᠭ᠎ᠢ ᠬᠦᠴᠦᠯᠡᠨ ᠳᠡᠭᠡᠭ᠌ᠰᠢᠯᠡᠭᠦᠯᠵᠦ᠍᠂ ᠣᠷᠣᠨ ᠨᠤᠲᠤᠭ᠎ᠤᠨ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ ᠡᠬᠢ ᠪᠠᠶᠠᠯᠢᠭ᠎ᠤᠨ ᠰᠠᠭᠤᠷᠢ᠎ᠶ᠋ᠢ ᠪᠠᠲᠤᠳᠭᠠᠪᠠ᠃

  ᠲᠥᠷᠥ᠎ᠶ᠋ᠢᠨ ᠪᠣᠳᠣᠯᠭ᠎ᠠ᠎ᠪᠠᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠡᠮᠬᠢᠯᠡᠨ ᠨᠢᠭᠡᠳᠦᠭᠦᠯᠬᠦ ᠠᠷᠭ᠎ᠠ ᠵᠠᠮ᠎ᠢ ᠱᠢᠰᠲ᠋ᠧᠮ᠎ᠲᠠᠢ ᠲᠥᠯᠥᠪᠵᠢᠭᠦᠯᠦᠨ᠎ᠡ᠃ 《ᠠᠯᠠᠱᠠ ᠠᠢᠮᠠᠭ᠎ᠤᠨ ᠨᠡᠭᠦᠷᠡᠰᠦᠨ᠎ᠤ ᠪᠤᠰᠤ ᠠᠭᠤᠷᠬᠠᠶ᠎ᠶ᠋ᠢ ᠡᠮᠬᠢᠯᠡᠨ ᠨᠢᠭᠡᠳᠦᠭᠦᠯᠬᠦ ᠠᠵᠢᠯ᠎ᠤᠨ ᠲᠥᠰᠦᠯ》 ᠎ᠢ ᠲᠣᠭ᠍ᠲᠠᠭᠠᠨ ᠨᠡᠢᠲᠡᠯᠡᠵᠦ᠍᠂ ᠠᠯᠠᠱᠠ ᠵᠡᠭᠦᠨ ᠬᠤᠱᠢᠭᠤ᠎ᠪᠠᠷ ᠲᠤᠷᠱᠢᠯᠲᠠ᠎ᠶ᠋ᠢᠨ ᠴᠡᠭ ᠪᠣᠯᠭᠠᠨ᠂ ᠡᠯ᠎ᠡ ᠬᠤᠱᠢᠭᠤ ᠲᠣᠭᠤᠷᠢᠭ᠎ᠨᠢ ᠢᠵᠢ ᠪᠥᠷᠢᠳᠦᠭᠦᠯᠦᠨ ᠬᠡᠷᠡᠭ᠌ᠵᠢᠭᠦᠯᠬᠦ᠌ ᠲᠥᠰᠦᠯ᠎ᠢ ᠨᠠᠷᠢᠯᠢᠬ᠍ᠵᠢᠭᠤᠯᠵᠤ᠂ ᠡᠮᠬᠢᠯᠡᠨ ᠨᠢᠭᠡᠳᠦᠭᠦᠯᠵᠦ ᠭᠠᠷᠭᠠᠬᠤ ᠪᠠ ᠨᠥᠭᠡᠴᠡᠯᠡᠵᠦ᠍ ᠭᠠᠷᠤᠯᠲᠠ ᠨᠡᠮᠡᠭ᠌ᠳᠡᠭᠦᠯᠬᠦ᠌᠎ᠪᠠᠷ ᠭᠠᠷᠳᠠᠴᠠ ᠪᠣᠯᠭᠠᠨ᠂ ᠪᠥᠬᠦ᠌ ᠠᠢᠮᠠᠭ᠎ᠤᠨ ᠨᠡᠭᠦᠷᠡᠰᠦᠨ᠎ᠤ ᠪᠤᠰᠤ ᠠᠭᠤᠷᠬᠠᠶ᠎ᠶ᠋ᠢᠨ ᠣᠷᠣᠨ ᠵᠠᠶ᠎ᠶ᠋ᠢᠨ ᠪᠠᠢᠷᠢᠱᠢᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠱᠢᠯᠢᠳᠡᠭ᠌ᠵᠢᠭᠦᠯᠵᠦ᠍᠂ ᠠᠭᠤᠷᠬᠠᠶ᠎ᠶ᠋ᠢᠨ ᠣᠷᠣᠨ᠎ᠤ ᠠᠮᠢ ᠠᠬᠤᠶ᠎ᠶ᠋ᠢᠨ ᠣᠷᠴᠢᠨ ᠲᠣᠭᠤᠷᠢᠨ᠎ᠢ ᠬᠦᠴᠦᠯᠡᠨ ᠰᠠᠢᠵᠢᠷᠠᠭᠤᠯᠵᠤ᠂ ᠠᠶᠤᠯ ᠥᠬᠡᠶ ᠦᠢᠯᠡᠳᠪᠦᠷᠢᠯᠡᠯ᠎ᠤᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠨᠡᠭᠦᠷᠡᠰᠦᠨ᠎ᠤ ᠪᠤᠰᠤ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠶᠡᠷᠦᠩᠬᠡᠢᠯᠡᠨ ᠨᠡᠭᠡᠭᠡᠨ ᠠᠱᠢᠭ᠍ᠯᠠᠬᠤ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃ ᠱᠠᠳᠤᠯᠢᠭ ᠠᠬᠢᠭᠤᠯᠬᠤ᠎ᠪᠠᠷ ᠳᠠᠮᠵᠢᠭᠤᠯᠤᠨ᠂ ᠬᠡᠪᠴᠢᠶᠡᠵᠢᠭ᠌ᠰᠡᠨ᠂ ᠠᠵᠤ ᠦᠢᠯᠡᠰᠵᠢᠭ᠌ᠰᠡᠨ᠂ ᠪᠣᠬᠢᠷᠲᠤᠯ ᠦᠭᠡᠶ᠂ ᠤᠶᠤᠨᠴᠢᠯᠠᠭ᠍ᠰᠠᠨ ᠲᠥᠪᠯᠡᠷᠡᠩᠭᠦᠶ ᠨᠡᠭᠡᠭᠡᠨ ᠮᠠᠯᠲᠠᠬᠤ ᠣᠷᠣᠨ᠎ᠢ ᠠᠯᠬᠤᠮ ᠠᠯᠬᠤᠮ᠎ᠢᠶᠠᠷ ᠪᠠᠢᠭᠤᠯᠵᠤ᠂ 《ᠲᠣᠮᠣ ᠪᠦᠯᠦᠭ᠌ᠯᠡᠯ᠎ᠢᠶᠡᠷ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠲᠣᠮᠣ ᠳᠤᠮᠳᠠ ᠬᠡᠯᠪᠡᠷᠢ᠎ᠶ᠋ᠢᠨ ᠠᠭᠤᠷᠬᠠᠶ᠎ᠪᠠᠷ ᠭᠣᠤᠯ ᠴᠣᠭ᠍ᠴᠠ ᠪᠣᠯᠭᠠᠬᠤ》 ᠠᠵᠢᠯ ᠲᠥᠷᠥᠯ᠎ᠦᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠲᠦᠷᠭᠡᠳᠭᠡᠨ ᠪᠣᠶ ᠪᠣᠯᠭ᠋ᠠᠨ᠎ᠠ᠃

  ᠨᠥᠭᠡᠴᠡ ᠭᠠᠷᠤᠯᠲᠠ᠎ᠶ᠋ᠢ ᠨᠡᠮᠡᠭ᠌ᠳᠡᠭᠦᠯᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠬᠢ ᠪᠠᠶᠠᠯᠢᠭ᠎ᠤᠨ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠨᠡᠮᠡᠭ᠌ᠳᠡᠭᠦᠯᠦᠨ᠎ᠡ᠃ ᠣᠳᠣ᠎ᠶ᠋ᠢᠨ ᠪᠠᠢᠭ᠎ᠠ ᠠᠭᠤᠷᠬᠠᠢ᠎ᠶ᠋ᠢᠨ ᠠᠵᠤ ᠠᠬᠤᠢᠯᠠᠯ᠎ᠢ ᠳᠡᠮᠵᠢᠵᠦ᠍ ᠪᠠᠢᠭᠠᠳ ᠠᠮᠤᠷ ᠲᠦᠪᠱᠢᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠪᠠᠷᠢᠮᠵᠢᠶ᠎ᠠ᠎ᠶ᠋ᠢ ᠴᠢᠩᠭ᠎ᠠ ᠠᠳᠭᠤᠭ᠍ᠰᠠᠨ ᠤᠷᠢᠲᠠᠯ ᠳᠣᠣᠷ᠎ᠠ᠂ ᠮᠡᠷᠭᠡᠵᠢᠯ᠎ᠤᠨ ᠥᠭᠡᠷᠡᠴᠢᠯᠡᠯᠲᠡ᠂ ᠦᠢᠯᠡᠳᠪᠦᠷᠢᠯᠡᠬᠦ᠌ ᠴᠢᠳᠠᠪᠤᠷᠢ᠎ᠶ᠋ᠢ ᠱᠢᠯᠢᠳᠡᠭ᠌ᠵᠢᠭᠦᠯᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠴᠢᠨᠠᠷ ᠰᠠᠢᠲᠠᠢ ᠦᠢᠯᠡᠳᠪᠦᠷᠢᠯᠡᠬᠦ᠌ ᠴᠢᠳᠠᠪᠤᠷᠢ᠎ᠶ᠋ᠢ ᠱᠢᠨᠵᠢᠯᠡᠬᠦ᠌ ᠤᠬᠠᠭᠠᠨᠴᠢ ᠪᠥᠭᠡᠳ ᠡᠮᠬᠢ ᠵᠢᠷᠤᠮ᠎ᠲᠠᠢ᠎ᠪᠠᠷ ᠪᠠᠳᠠᠷᠠᠭᠤᠯᠤᠨ᠎ᠠ; ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ ᠬᠠᠮᠢᠶᠠᠷᠤᠯᠲᠠ᠎ᠶ᠋ᠢᠨ ᠦᠢᠯᠡᠴᠢᠯᠡᠭᠡ᠎ᠶ᠋ᠢ ᠱᠢᠯᠢᠳᠡᠭ᠌ᠵᠢᠭᠦᠯᠵᠦ᠍᠂ ᠨᠢᠭᠡᠳᠦᠭᠦᠯᠦᠭᠰᠡᠨ᠎ᠤ ᠳᠠᠷᠠᠭᠠᠬᠢ ᠠᠭᠤᠷᠬᠠᠶ ᠵᠢᠴᠢ ᠨᠥᠬᠦᠴᠡᠯ ᠪᠦᠷᠢᠳᠦᠭ᠌ᠰᠡᠨ ᠱᠢᠨ᠎ᠡ᠎ᠪᠠᠷ ᠪᠠᠢᠭᠤᠯᠤᠭ᠍ᠰᠠᠨ ᠠᠭᠤᠷᠬᠠᠶ᠎ᠶ᠋ᠢᠨ ᠬᠢᠨᠠᠨ ᠵᠥᠪᠱᠢᠶᠡᠷᠡᠬᠦ᠌ ᠴᠤᠪᠤᠷᠠᠯ᠎ᠢ ᠲᠦᠷᠭᠡᠳᠭᠡᠨ᠂ ᠬᠠᠤᠯᠢ ᠲᠣᠭ᠍ᠲᠠᠭᠠᠯ᠎ᠳᠤ ᠨᠡᠢᠴᠡᠬᠦ᠌ ᠠᠭᠤᠷᠬᠠᠶ᠎ᠶ᠋ᠢᠨ ᠡᠷᠲᠡᠬᠡᠨ ᠠᠱᠢᠭ᠍ᠯᠠᠯᠲᠠ᠎ᠳᠤ ᠣᠷᠣᠭᠤᠯᠬᠤ᠎ᠶ᠋ᠢ ᠪᠠᠲᠤᠯᠠᠨ᠎ᠠ; ᠨᠢᠭᠡᠨᠲᠡ ᠪᠠᠢᠭᠤᠯᠤᠭ᠍ᠰᠠᠨ ᠠᠭᠤᠷᠬᠠᠶ ᠮᠠᠯᠲᠠᠬᠤ ᠡᠷᠬᠡ᠎ᠶ᠋ᠢᠨ ᠭᠦᠨ ᠬᠡᠰᠡᠭ᠂ ᠳᠡᠭᠡᠳᠦ ᠬᠡᠰᠡᠭ᠎ᠤᠨ ᠡᠬᠢ ᠪᠠᠶᠠᠯᠢᠭ᠎ᠤᠨ ᠬᠠᠢᠨ ᠪᠠᠢᠴᠠᠭᠠᠯᠲᠠ᠎ᠶ᠋ᠢ ᠥᠷᠨᠢᠭᠦᠯᠬᠦ᠌᠎ᠶ᠋ᠢ ᠵᠣᠷᠢᠭ᠍ᠵᠢᠭᠤᠯᠵᠤ᠂ ᠡᠬᠢ ᠪᠠᠶᠠᠯᠢᠭ᠎ᠤᠨ ᠬᠠᠳᠠᠭᠠᠯᠠᠭ᠍ᠳᠠᠴᠠ᠎ᠶ᠋ᠢ ᠥᠷᠭᠡᠳᠭᠡᠬᠦ᠌᠎ᠪᠠᠷ ᠳᠠᠮᠵᠢᠭᠤᠯᠤᠨ᠂ ᠠᠭᠤᠷᠬᠠᠶ᠎ᠶ᠋ᠢᠨ ᠦᠢᠯᠡᠴᠢᠯᠡᠭᠡᠨ᠎ᠤ ᠣᠨ᠎ᠤ ᠬᠢᠵᠠᠭᠠᠷ᠎ᠢ ᠤᠷᠲᠤᠳᠭᠠᠵᠤ᠂ ᠦᠢᠯᠡᠳᠪᠦᠷᠢᠯᠡᠯ᠎ᠤᠨ ᠬᠡᠪᠴᠢᠶ᠎ᠡ᠎ᠶ᠋ᠢ ᠥᠷᠭᠡᠳᠭᠡᠨ᠎ᠡ; ᠠᠵᠤ ᠠᠬᠤᠢᠯᠠᠯ ᠵᠠᠬ᠎ᠠ ᠳᠡᠯᠭᠡᠭᠦᠷᠴᠢᠯᠡᠬᠦ᠌ ᠠᠷᠭ᠎ᠠ ᠮᠠᠶᠢᠭ᠎ᠢᠶᠠᠷ ᠳᠠᠮᠵᠢᠭᠤᠯᠤᠨ ᠨᠢᠭᠡᠨᠲᠡ ᠪᠠᠢᠭᠤᠯᠤᠭ᠍ᠰᠠᠨ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ ᠡᠷᠬᠢᠨ ᠲᠣᠭᠤᠷᠢᠨ᠎ᠤ ᠠᠭᠤᠷᠬᠠᠶ ᠡᠷᠢᠬᠦ᠌ ᠳᠠᠯᠳᠠ ᠬᠦᠴᠦᠨ᠎ᠲᠠᠢ ᠣᠷᠣᠨ ᠪᠦᠰᠡ᠎ᠶ᠋ᠢ ᠬᠠᠢᠨ ᠪᠠᠢᠴᠠᠭᠠᠬᠤ᠎ᠪᠠᠷ ᠳᠡᠮᠵᠢᠨ᠂ ᠱᠢᠰᠲ᠋ᠧᠮ᠎ᠢᠶᠠᠷ ᠬᠠᠢᠨ ᠪᠠᠢᠴᠠᠭᠠᠬᠤ᠎ᠪᠠᠷ ᠳᠠᠮᠵᠢᠭᠤᠯᠤᠨ ᠡᠬᠢ ᠪᠠᠶᠠᠯᠢᠭ᠎ᠤᠨ ᠬᠠᠳᠠᠭᠠᠯᠠᠭ᠍ᠳᠠᠴᠠ᠎ᠶ᠋ᠢ ᠪᠠᠢᠴᠠᠭᠠᠨ ᠲᠣᠳᠣᠯᠠᠭ᠍ᠰᠠᠨ᠎ᠤ ᠳᠠᠷᠠᠭ᠎ᠠ᠂ ᠤᠤᠯ᠎ᠤᠨ ᠠᠭᠤᠷᠬᠠᠶ᠎ᠶ᠋ᠢᠨ ᠦᠢᠯᠡᠰ᠎ᠤᠨ ᠡᠷᠬᠡ᠎ᠯᠦᠭᠡ ᠨᠢᠭᠡ ᠴᠣᠭ᠍ᠴᠠᠵᠢᠭᠤᠯᠤᠨ ᠨᠡᠭᠡᠭᠡᠵᠦ᠍ ᠠᠱᠢᠭ᠍ᠯᠠᠬᠤ᠎ᠶ᠋ᠢ ᠪᠡᠶᠡᠯᠡᠭᠦᠯᠦᠨ᠎ᠡ᠃

  ᠪᠣᠬᠢᠷᠲᠤᠯ ᠥᠬᠡᠶ ᠠᠮᠤᠷ ᠲᠦᠪᠱᠢᠨ᠎ᠢ ᠪᠠᠷᠢᠮᠲᠠᠯᠠᠵᠤ᠂ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠤᠨ᠎ᠠ᠃ ᠪᠣᠬᠢᠷᠲᠤᠯ ᠦᠭᠡᠶ ᠬᠥᠭ᠌ᠵᠢᠯᠲᠡ᠎ᠶ᠋ᠢᠨ ᠣᠨᠣᠯᠵᠢᠬᠤᠨ ᠬᠢᠭᠡᠳ ᠠᠮᠤᠷ ᠲᠦᠪᠱᠢᠨ ᠬᠥᠭ᠌ᠵᠢᠯᠲᠡ᠎ᠶ᠋ᠢᠨ ᠱᠠᠭᠠᠷᠳᠠᠯᠭ᠎ᠠ᠎ᠶ᠋ᠢ ᠨᠡᠭᠦᠷᠡᠰᠦᠨ᠎ᠤ ᠪᠤᠰᠤ ᠠᠭᠤᠷᠬᠠᠶ᠎ᠶ᠋ᠢ ᠨᠢᠭᠡᠳᠦᠭᠦᠯᠬᠦ ᠪᠠ ᠨᠥᠭᠡᠴᠡ᠎ᠶ᠋ᠢ ᠨᠡᠮᠡᠭ᠌ᠳᠡᠭᠦᠯᠬᠦ᠌ ᠪᠦᠬᠦ᠌ ᠶᠠᠪᠤᠴᠠ᠎ᠳᠤ ᠲᠤᠭᠤᠰᠢᠯᠠᠭᠤᠯᠤᠨ᠎ᠠ᠃ ᠠᠮᠢ ᠠᠬᠤᠶ᠎ᠶ᠋ᠢᠨ ᠣᠷᠴᠢᠨ ᠲᠣᠭᠤᠷᠢᠨ᠎ᠤ ᠵᠥᠪᠱᠢᠶᠡᠷᠡᠨ ᠣᠷᠣᠭᠤᠯᠬᠤ ᠪᠠᠷᠢᠮᠵᠢᠶ᠎ᠠ᠎ᠶ᠋ᠢ ᠴᠢᠩᠳᠠᠯᠠᠵᠤ᠂ ᠨᠢᠭᠡᠳᠦᠭᠦᠯᠦᠭᠰᠡᠨ᠎ᠤ ᠳᠠᠷᠠᠭᠠᠬᠢ ᠠᠭᠤᠷᠬᠠᠶ᠎ᠶ᠋ᠢᠨ ᠠᠵᠤ ᠠᠬᠤᠢᠯᠠᠯ᠎ᠤᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠪᠡᠯᠡᠳᠭᠡᠮᠵᠢ᠎ᠶ᠋ᠢ ᠥᠨᠳᠥᠷ ᠪᠠᠷᠢᠮᠵᠢᠶ᠎ᠠ᠎ᠪᠠᠷ ᠢᠵᠢ ᠪᠥᠷᠢᠳᠦᠭᠦᠯᠦᠨ ᠪᠥᠲᠥᠭᠡᠨ ᠪᠠᠢᠭᠤᠯᠬᠤ᠎ᠶ᠋ᠢ ᠱᠢᠮᠳᠠᠭᠤᠯᠵᠤ᠂ 《ᠨᠡᠭᠡᠭᠡᠨ ᠮᠠᠯᠲᠠᠬᠤ᠎ᠶ᠋ᠢᠨ ᠳᠠᠭᠠᠤ ᠵᠠᠰᠠᠬᠤ》 ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠪᠣᠬᠢᠷᠲᠤᠯ ᠥᠬᠡᠶ ᠠᠭᠤᠷᠬᠠᠶ᠎ᠶ᠋ᠢ ᠡᠭᠦᠳᠦᠨ ᠪᠠᠢᠭᠤᠯᠬᠤ᠎ᠶ᠋ᠢ ᠯᠠᠪᠳᠠᠭᠤᠨ᠎ᠢᠶᠠᠷ ᠠᠬᠢᠭᠤᠯᠤᠨ᠎ᠠ᠃ ᠨᠢᠭᠡᠳᠦᠭᠦᠯᠬᠦ ᠠᠵᠢᠯ᠎ᠢᠶᠠᠷ ᠠᠵᠠ ᠲᠣᠬᠢᠶᠠᠯ ᠪᠣᠯᠭᠠᠵᠤ᠂ ᠠᠭᠤᠷᠬᠠᠶ᠎ᠶ᠋ᠢᠨ ᠮᠥᠨ ᠴᠢᠨᠠᠷ᠎ᠤᠨ ᠠᠮᠤᠷ ᠲᠦᠪᠱᠢᠨ᠎ᠤ ᠬᠢᠷᠢ ᠬᠡᠮᠵᠢᠶ᠎ᠡ ᠬᠢᠭᠡᠳ ᠡᠬᠢ ᠪᠠᠶᠠᠯᠢᠭ᠎ᠢ ᠶᠡᠷᠦᠩᠬᠡᠢᠯᠡᠨ ᠠᠱᠢᠭ᠍ᠯᠠᠬᠤ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠬᠡᠪᠴᠢᠶᠡᠵᠢᠭ᠌ᠰᠡᠨ᠂ ᠵᠢᠷᠤᠮᠵᠢᠭ᠍ᠰᠠᠨ᠂ ᠪᠣᠬᠢᠷᠲᠤᠯ ᠥᠬᠡᠶ᠂ ᠤᠶᠤᠨᠴᠢᠯᠠᠭ᠍ᠰᠠᠨ ᠣᠲᠣ ᠦᠶ᠎ᠡ᠎ᠶ᠋ᠢᠨ ᠨᠡᠭᠦᠷᠡᠰᠦᠨ᠎ᠤ ᠪᠤᠰᠤ ᠠᠭᠤᠷᠬᠠᠶ᠎ᠶ᠋ᠢᠨ ᠦᠢᠯᠡᠰ᠎ᠤᠨ ᠬᠥᠭ᠌ᠵᠢᠯᠲᠡ᠎ᠶ᠋ᠢᠨ ᠲᠣᠭᠲᠠᠯᠴᠠᠭ᠎ᠠ᠎ᠶ᠋ᠢ ᠪᠥᠬᠦ᠌ ᠬᠦᠴᠦᠨ᠎ᠢᠶᠠᠷ᠎ᠢᠶᠠᠨ ᠪᠠᠢᠭᠤᠯᠤᠨ᠎ᠠ᠃

  ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠠᠵᠢᠯ᠎ᠤᠨ ᠡᠮᠬᠢ ᠵᠢᠷᠤᠮ᠎ᠲᠠᠢ ᠠᠬᠢᠬᠤ᠎ᠶ᠋ᠢ ᠪᠠᠲᠤᠯᠠᠨ᠎ᠠ᠃ ᠪᠥᠬᠦ᠌ ᠠᠢᠮᠠᠭ᠎ᠤᠨ ᠨᠡᠭᠦᠷᠡᠰᠦᠨ᠎ᠤ ᠪᠤᠰᠤ ᠠᠭᠤᠷᠬᠠᠶ᠎ᠶ᠋ᠢᠨ ᠠᠵᠢᠯ ᠲᠥᠷᠥᠯ᠎ᠤᠨ ᠬᠠᠮᠢᠶᠠᠷᠤᠯᠲᠠ ᠪᠠ ᠵᠣᠬᠢᠴᠠᠭᠤᠯᠬᠤ ᠲᠣᠭ᠍ᠲᠠᠴᠠ᠎ᠳᠤ ᠲᠦᠱᠢᠭ᠌ᠯᠡᠨ᠂ ᠪᠠᠢᠭᠠᠯᠢ᠎ᠶ᠋ᠢᠨ ᠡᠬᠢ ᠪᠠᠶᠠᠯᠢᠭ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠠᠮᠢ ᠠᠬᠤᠶ ᠣᠷᠴᠢᠨ ᠲᠣᠭᠤᠷᠢᠨ ᠵᠡᠷᠭᠡ ᠣᠯᠠᠨ ᠰᠠᠯᠠᠭ᠎ᠠ ᠮᠥᠴᠢᠷ᠎ᠤᠨ ᠬᠠᠮᠲᠤᠷᠠᠨ ᠬᠥᠳᠡᠯᠦᠯᠴᠡᠬᠦ᠌ ᠠᠵᠢᠯ᠎ᠤᠨ ᠲᠣᠭᠲᠠᠯᠴᠠᠭ᠎ᠠ᠎ᠶ᠋ᠢ ᠪᠠᠢᠭᠤᠯᠵᠤ᠂ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢᠯᠠᠨ᠂ ᠨᠢᠭ᠍ᠲᠠ ᠬᠠᠮᠵᠢᠯᠴᠠᠬᠤ᠎ᠶ᠋ᠢ ᠴᠢᠩᠭᠠᠳᠭᠠᠵᠤ᠂ ᠠᠵᠢᠯ᠎ᠤᠨ ᠨᠡᠢᠯᠡᠮᠡᠯ ᠬᠦᠴᠦᠨ᠎ᠢ ᠨᠢᠭ᠍ᠲᠠᠷᠠᠭᠤᠯᠤᠨ᠎ᠠ᠃ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠎ᠶ᠋ᠢ ᠴᠢᠩᠭᠠᠳᠭᠠᠵᠤ᠂ ᠨᠢᠭᠡᠳᠦᠭᠦᠯᠬᠦ ᠶᠠᠪᠤᠴᠠ᠎ᠳᠠᠬᠢ ᠡᠯ᠎ᠡ ᠲᠥᠷᠥᠯ᠎ᠤᠨ ᠵᠥᠷᠢᠴᠡᠯ ᠠᠰᠠᠭᠤᠳᠠᠯ᠎ᠢ ᠲᠣᠬᠢᠲᠠᠶ ᠱᠢᠢᠳᠪᠦᠷᠢᠯᠡᠵᠦ᠍᠂ ᠨᠡᠢᠭᠡᠮ᠎ᠤᠨ ᠲᠣᠭ᠍ᠲᠠᠭᠤᠨ ᠪᠠᠢᠳᠠᠯ᠎ᠢ ᠦᠨᠡᠨ ᠬᠦ᠌ ᠬᠠᠮᠠᠭᠠᠯᠠᠨ᠎ᠠ᠃ ᠬᠢᠨᠠᠨ ᠵᠢᠯᠣᠭᠤᠳᠴᠤ᠌ ᠲᠣᠬᠢᠷᠠᠭᠤᠯᠬᠤ ᠡᠷᠴᠢᠮ᠎ᠢᠶᠠᠨ ᠴᠢᠩᠭᠠᠷᠠᠭᠤᠯᠵᠤ᠂ ᠨᠢᠭᠡᠳᠦᠭᠦᠯᠵᠦ ᠳᠠᠬᠢᠨ ᠵᠣᠬᠢᠶᠠᠨ ᠪᠠᠢᠭᠤᠯᠬᠤ ᠠᠬᠢᠴᠠ᠂ ᠭᠠᠷᠤᠯᠲᠠ᠎ᠪᠠᠨ ᠨᠡᠮᠡᠭ᠌ᠳᠡᠭᠦᠯᠬᠦ᠌ ᠬᠠᠷᠠᠯᠲᠠ᠎ᠶ᠋ᠢ ᠨᠠᠢᠳᠠᠪᠤᠷᠢᠵᠢᠭᠤᠯᠬᠤ᠂ ᠠᠮᠤᠷ ᠲᠦᠪᠱᠢᠨ ᠣᠷᠴᠢᠨ ᠲᠣᠭᠤᠷᠢᠨ᠎ᠤ ᠬᠠᠮᠠᠭᠠᠯᠠᠯᠲᠠ᠎ᠶ᠋ᠢᠨ ᠪᠠᠷᠢᠮᠵᠢᠶ᠎ᠠ᠎ᠶ᠋ᠢ ᠬᠡᠷᠡᠭ᠌ᠵᠢᠭᠦᠯᠦᠭ᠌ᠰᠡᠨ ᠵᠡᠷᠭᠡ ᠪᠠᠢᠳᠠᠯ᠎ᠳᠤ ᠲᠣᠭ᠍ᠲᠠᠮᠠᠯ ᠬᠤᠭᠤᠴᠠᠭ᠎ᠠ᠎ᠲᠠᠢ᠎ᠪᠠᠷ ᠦᠷ᠎ᠡ ᠪᠦᠲᠦᠮᠵᠢ᠎ᠶ᠋ᠢ ᠮᠥᠷᠳᠡᠨ ᠠᠰᠠᠭᠤᠵᠤ᠂ ᠡᠯ᠎ᠡ ᠵᠦᠢᠯ᠎ᠤᠨ ᠠᠵᠢᠯ᠎ᠤᠨ ᠡᠭᠦᠷᠭᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨᠬᠦ᠌ ᠪᠠᠲᠤᠯᠠᠨ᠎ᠠ᠃

  ᠲᠠᠷᠠᠭᠠᠴᠢ᠎ᠶ᠋ᠢᠨ ᠠᠯᠬᠤᠮ᠎ᠳᠤ᠂ ᠠᠯᠠᠱᠠ ᠠᠢᠮᠠᠭ ᠨᠡᠭᠦᠷᠡᠰᠦᠨ᠎ᠤ ᠪᠤᠰᠤ ᠠᠭᠤᠷᠬᠠᠶ᠎ᠶ᠋ᠢ ᠨᠢᠭᠡᠳᠦᠭᠦᠯᠬᠦ ᠪᠠ ᠨᠥᠭᠡᠴᠡ᠎ᠶ᠋ᠢ ᠨᠡᠮᠡᠭ᠌ᠳᠡᠭᠦᠯᠬᠦ᠌ ᠠᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠲᠣᠭ᠍ᠲᠠᠭᠤᠨ ᠪᠠᠢᠯᠭᠠᠬᠤ᠎ᠶ᠋ᠢ ᠪᠥᠬᠦ᠌ ᠬᠦᠴᠦᠨ᠎ᠢᠶᠠᠷ᠎ᠢᠶᠠᠨ ᠪᠠᠲᠤᠯᠠᠵᠤ᠂ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠠᠬᠤᠶ᠎ᠶ᠋ᠢᠨ ᠳᠠᠪᠠᠭᠤᠯᠢᠭ᠂ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠶ᠋ᠢ ᠯᠠᠪᠳᠠᠭᠤᠨ᠎ᠢᠶᠠᠷ ᠠᠬᠢᠭᠤᠯᠵᠤ᠂ ᠣᠷᠣᠨ ᠪᠦᠰᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠤ ᠥᠨᠢᠳᠡ᠎ᠶ᠋ᠢᠨ ᠬᠥᠳᠡᠯᠭᠡᠬᠦ᠌ ᠬᠦᠴᠦᠨ ᠨᠡᠮᠡᠷᠢᠯᠡᠨ᠎ᠡ᠃

ᠢᠷᠡᠯᠲᠡ᠄ ᠠᠯᠠᠱᠠ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ