ᠡᠨᠡ ᠵᠢᠯ᠎ᠠᠴᠠ ᠨᠠᠭᠠᠰᠢ᠂ ᠱᠢᠨ᠎ᠡ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠤᠯᠢ᠎ᠶ᠋ᠢ ᠤᠷᠳᠤᠰ ᠬᠤᠳᠠ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠦᠨᠡᠨ ᠬᠦ᠌ ᠠᠬᠢᠭᠤᠯᠬᠤ᠎ᠶ᠋ᠢᠨ ᠲᠥᠯᠥᠭᠡ᠂ ᠪᠦᠬᠦ᠌ ᠬᠤᠳᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠪᠠᠲᠤᠯᠠᠬᠤ᠎ᠶ᠋ᠢᠨ ᠲᠥᠯᠥᠭᠡ᠂ ᠤᠷᠳᠤᠰ᠎ᠨᠢ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠭᠠᠵᠠᠷ ᠪᠣᠯᠤᠭ᠍ᠰᠠᠨ᠎ᠤ ᠬᠤᠪᠢ᠎ᠳᠤ᠂ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠬᠥᠭ᠌ᠵᠢᠭᠦᠯᠬᠦ᠌ ᠪᠠ ᠬᠠᠮᠠᠭᠠᠯᠠᠬᠤ᠎ᠶ᠋ᠢ ᠨᠢᠭᠡᠳᠦᠯᠲᠡᠢ ᠲᠥᠯᠥᠪᠵᠢᠭᠦᠯᠵᠦ᠍᠂ 《ᠲᠣᠭ᠍ᠲᠠᠭᠤᠨ᠎ᠢᠶᠠᠷ ᠱᠢᠯᠵᠢᠭᠦᠯᠬᠦ᠂ ᠥᠨᠳᠥᠷ ᠪᠦᠲᠦᠮᠵᠢᠲᠡᠢ ᠵᠣᠯᠭᠠᠭᠤᠯᠬᠤ》 ᠪᠠᠷ ᠭᠤᠣᠯ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠠᠭᠤᠷᠬᠠᠢ᠎ᠶ᠋ᠢᠨ ᠬᠠᠤᠯᠢ᠎ᠶ᠋ᠢᠨ ᠬᠡᠷᠡᠭ᠌ᠵᠢᠭᠦᠯᠦᠯᠲᠡ᠎ᠶ᠋ᠢ ᠲᠠᠰᠤᠷᠠᠯᠲᠠ ᠦᠭᠡᠢ ᠶᠠᠪᠤᠭ᠍ᠳᠠᠭᠤᠯᠬᠤ᠎ᠶ᠋ᠢ ᠪᠦᠬᠦ᠌ ᠬᠦᠴᠦᠨ᠎ᠢᠶᠠᠷ ᠪᠠᠲᠤᠯᠠᠵᠤ ᠪᠠᠢ᠌ᠨ᠎ᠠ᠃
ᠲᠤᠰᠭᠠᠢ ᠰᠡᠳᠦᠪᠲᠦ ᠲᠠᠢᠯᠤᠮᠵᠢ ᠬᠢᠬᠦ᠌ ᠪᠠ ᠡᠭᠡᠯᠵᠢᠯᠡᠨ ᠪᠣᠯᠪᠠᠰᠤᠷᠠᠭᠤᠯᠬᠤ ᠠᠵᠢᠯ᠎ᠢ ᠥᠷᠨᠢᠭᠦᠯᠵᠦ᠍᠂ ᠱᠢᠨ᠎ᠡ ᠬᠠᠤᠯᠢ᠎ᠶ᠋ᠢᠨ ᠭᠤᠣᠯ ᠠᠭᠤᠯᠭ᠎ᠠ᠎ᠶ᠋ᠢ ᠪᠦᠬᠦ᠌ ᠲᠠᠯ᠎ᠠ᠎ᠪᠠᠷ ᠣᠢ᠌ᠯᠠᠭ᠋ᠠᠨ᠎ᠠ᠃ ᠬᠤᠳᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠤᠪᠴᠢᠶ᠎ᠠ᠎ᠶ᠋ᠢᠨ ᠭᠤᠣᠯ ᠬᠠᠷᠢᠭᠤᠴᠠᠯᠭᠠᠲᠠᠨ ᠬᠤᠳᠠ᠎ᠶ᠋ᠢᠨ ᠱᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠲᠡᠭᠦᠨ᠎ᠠᠴᠠ ᠳᠣᠷᠣᠭ᠍ᠰᠢᠬᠢ ᠠᠯᠪᠠᠲᠠᠨ᠎ᠤ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠤᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠲᠤᠰᠭᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠬᠢ᠎ᠳᠤ᠂ ᠱᠢᠨ᠎ᠡ᠎ᠪᠠᠷ ᠵᠠᠰᠠᠪᠤᠷᠢ ᠣᠷᠣᠭᠤᠯᠤᠭ᠍ᠰᠠᠨ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠤᠯᠢ》 ᠳᠤ ᠲᠤᠰᠭᠠᠢ ᠰᠡᠳᠦᠪᠲᠦ ᠲᠠᠢᠯᠤᠮᠵᠢ ᠬᠢᠪᠡ᠃ ᠱᠢᠨ᠎ᠡ ᠬᠠᠭᠤᠴᠢᠨ ᠬᠠᠤᠯᠢ ᠴᠠᠭᠠᠵᠠ᠎ᠶ᠋ᠢᠨ ᠵᠦᠢᠯ ᠵᠤᠷᠪᠤᠰ᠎ᠢ ᠬᠠᠷᠢᠴᠠᠭᠤᠯᠬᠤ᠎ᠪᠠᠷ ᠳᠠᠮᠵᠢᠭᠤᠯᠤᠨ᠂ ᠱᠢᠨ᠎ᠡ ᠠᠭᠤᠷᠬᠠᠶ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ ᠯᠣᠭᠢᠭ᠂ ᠭᠤᠤᠯ ᠬᠤᠪᠢᠷᠠᠯᠲᠠ ᠬᠢᠭᠡᠳ ᠵᠠᠩᠭᠢᠯᠠᠭ᠎ᠠ᠎ᠶ᠋ᠢᠨ ᠠᠭᠤᠯᠭ᠎ᠠ᠎ᠶ᠋ᠢ ᠭᠦᠨᠵᠡᠭᠡᠶ ᠲᠠᠢᠯᠪᠤᠷᠢᠯᠠᠵᠤ᠂ ᠲᠠᠷᠠᠭᠠᠴᠢ᠎ᠶ᠋ᠢᠨ ᠠᠯᠬᠤᠮ᠎ᠳᠤ ᠬᠠᠤᠯᠢ ᠴᠠᠭᠠᠵᠠ᠎ᠶ᠋ᠢᠨ ᠴᠢᠬᠤᠯᠠ ᠠᠭᠤᠯᠭ᠎ᠠ᠎ᠶ᠋ᠢ ᠣᠨᠣᠪᠴᠢᠲᠠᠶ ᠡᠵᠡᠮᠳᠡᠬᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠤ ᠵᠢᠯᠣᠭᠤᠳᠣᠯᠭ᠎ᠠ ᠬᠠᠩᠭᠠᠨ᠎ᠠ᠃
ᠭᠦᠨᠵᠡᠭᠡᠢ ᠰᠤᠷᠤᠯᠴᠠᠵᠤ ᠨᠠᠷᠢᠨ ᠣᠢᠯᠠᠭᠠᠬᠤ ᠵᠠᠷᠴᠢᠮ᠎ᠢ ᠪᠠᠷᠢᠮᠲᠠᠯᠠᠵᠤ᠂ ᠱᠢᠨ᠎ᠡ ᠬᠠᠤᠯᠢ᠎ᠶ᠋ᠢ ᠬᠡᠷᠡᠭ᠌ᠵᠢᠭᠦᠯᠬᠦ᠌ ᠰᠠᠭᠤᠷᠢ᠎ᠶ᠋ᠢ ᠤᠷᠢᠳᠴᠢᠯᠠᠨ ᠪᠡᠬᠢᠵᠢᠭᠦᠯᠦᠨ᠎ᠡ᠃ ᠱᠢᠨ᠎ᠡ ᠠᠭᠤᠷᠬᠠᠢ᠎ᠶ᠋ᠢᠨ ᠬᠠᠤᠯᠢ᠎ᠶ᠋ᠢ ᠬᠡᠷᠡᠭ᠌ᠵᠢᠭᠦᠯᠬᠦ᠌᠎ᠠᠴᠠ ᠡᠮᠦᠨ᠎ᠡ᠂ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠬᠤ ᠲᠦᠷᠦ᠍᠎ᠶ᠋ᠢᠨ ᠪᠤᠳᠤᠯᠭ᠎ᠠ᠎ᠶ᠋ᠢᠨ ᠡᠮᠦᠨ᠎ᠡ ᠹᠷᠣᠨᠲ᠎ᠲᠤ ᠬᠦᠷᠴᠦ᠍᠂ ᠲᠦᠷᠦ᠍᠎ᠶ᠋ᠢᠨ ᠪᠤᠳᠤᠯᠭ᠎ᠠ᠎ᠶ᠋ᠢ ᠰᠤᠳᠤᠯᠤᠨ ᠶᠠᠷᠢᠯᠴᠠᠬᠤ ᠠᠵᠢᠯ᠎ᠢ ᠢᠳᠡᠪᠬᠢᠲᠡᠢ ᠵᠣᠬᠢᠶᠠᠨ ᠪᠠᠢᠭᠤᠯᠤᠨ ᠥᠷᠨᠢᠭᠦᠯᠵᠦ᠍᠂ ᠣᠷᠣᠨ ᠨᠤᠲᠤᠭ᠎ᠤᠨ ᠴᠢᠨᠠᠷᠲᠠᠢ ᠰᠠᠨᠠᠭᠤᠯᠭ᠎ᠠ ᠳᠤᠷᠠᠳᠪᠠ᠃ ᠡᠭᠦᠨ᠎ᠤ ᠬᠠᠮᠲᠤ᠌᠂ ᠱᠢᠯᠵᠢᠯᠲᠡ᠎ᠶ᠋ᠢᠨ ᠬᠤᠭᠤᠴᠠᠭᠠᠨ᠎ᠳᠤ 《ᠠᠵᠢᠯ ᠶᠠᠪᠤᠳᠠᠯ ᠭᠦᠢᠴᠡᠳᠭᠡᠬᠦ᠌᠎ᠳᠤ ᠵᠢᠯᠣᠭᠤᠳᠤᠮᠵᠢ ᠦᠭᠡᠢ》 ᠪᠠᠢᠬᠤ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ᠂ 5 ᠶᠡᠭᠡ ᠲᠥᠷᠥᠯ᠎ᠤᠨ 38 ᠵᠦᠢᠯ᠎ᠤᠨ ᠲᠦᠷ ᠴᠠᠭ᠎ᠤᠨ ᠦᠢᠯᠡᠴᠢᠯᠡᠭᠡᠨ᠎ᠤ ᠵᠦᠭ᠌ᠯᠡᠭᠦᠷ᠎ᠢ ᠲᠡᠷᠡ ᠳᠠᠷᠤᠶᠳᠤᠨᠢ ᠨᠠᠢᠷᠠᠭᠤᠯᠤᠨ ᠨᠡᠢᠲᠡᠯᠡᠵᠦ᠍᠂ ᠠᠵᠤ ᠠᠬᠤᠢᠯᠠᠯ᠎ᠢ ᠬᠡᠵᠢᠶ᠎ᠡ ᠬᠠᠮᠢᠭ᠎ᠠ ᠴᠤ᠌ ᠭᠡᠰᠡᠨ ᠪᠠᠢᠴᠠᠭᠠᠵᠤ ᠳᠡᠢᠯᠬᠦ᠂ ᠠᠰᠠᠭᠤᠵᠤ ᠳᠡᠢᠯᠬᠦ᠂ ᠱᠢᠢᠳᠪᠦᠷᠢᠯᠡᠵᠦ᠍ ᠳᠡᠢᠯᠬᠦ᠌᠎ᠶ᠋ᠢ ᠪᠠᠲᠤᠯᠠᠵᠤ᠂ ᠱᠢᠯᠵᠢᠯᠲᠡ᠎ᠶ᠋ᠢᠨ ᠬᠤᠭᠤᠴᠠᠭᠠᠨ᠎ᠳᠠᠬᠢ ᠲᠥᠷᠥ᠎ᠶ᠋ᠢᠨ ᠪᠣᠳᠣᠯᠭ᠎ᠠ᠎ᠶ᠋ᠢ ᠵᠠᠪᠰᠠᠷ ᠥᠬᠡᠶ ᠵᠣᠯᠭᠠᠭᠤᠯᠬᠤ᠎ᠶ᠋ᠢ ᠦᠨᠡᠨ ᠬᠦ᠌ ᠪᠠᠲᠤᠯᠠᠨ᠎ᠠ᠃
ᠤᠷᠢᠳᠴᠢᠯᠠᠨ ᠣᠷᠣᠯᠴᠠᠵᠤ ᠬᠠᠪᠰᠤᠷᠤᠨ ᠵᠢᠯᠤᠭᠣᠳᠬᠤ᠎ᠶᠢ ᠬᠡᠷᠡᠭᠵᠢᠭᠦᠯᠵᠦ ᠂ 《ᠰᠠᠨᠠᠭᠠᠴᠢᠯᠠᠭ᠎ᠠ ᠦᠭᠡᠢ᠎ᠪᠡᠷ ᠭᠥᠯᠢᠶᠡᠨ ᠠᠪᠴᠤ ᠰᠢᠢᠳᠪᠦᠷᠢᠯᠡᠬᠦ》᠎ᠶᠢ 《ᠰᠠᠨᠠᠭᠠᠴᠢᠯᠠᠭ᠎ᠠ ᠠ᠋ᠴᠠ᠎ᠪᠠᠨ ᠦᠢᠯᠡᠴᠢᠯᠡᠬᠦ》 ᠪᠣᠯᠭᠠᠨ ᠬᠤᠪᠢᠷᠠᠭᠤᠯᠤᠨ᠎ᠠ᠃ ᠠᠵᠤ ᠠᠬᠤᠢᠯᠠᠯ᠎ᠤᠨ ᠠᠵᠢᠯ ᠶᠠᠪᠤᠳᠠᠯ ᠬᠢᠬᠦ᠎ᠳᠦ 《 ᠮᠠᠲᠧᠷᠢᠶᠠᠯ ᠠᠷᠪᠢᠨ ᠂ ᠶᠠᠪᠤᠴᠠ ᠠᠷᠪᠢᠨ᠂ ᠪᠤᠷᠤᠭᠤ ᠭᠠᠷᠬᠤ᠎ᠠᠴᠠ ᠠᠶᠤᠬᠤ 》 ᠡᠷᠡᠭᠡᠯᠵᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ ᠂ ᠠᠵᠤ ᠠᠬᠤᠢᠯᠠᠯ᠎ᠢ ᠢᠳᠡᠪᠬᠢᠲᠡᠶ᠎ᠪᠠᠷ ᠵᠢᠯᠣᠭᠤᠳᠤᠨ ᠬᠠᠮᠵᠢᠯᠴᠠᠵᠤ ᠪᠠᠢᠭᠠᠳ ᠱᠢᠨ᠎ᠡ ᠠᠭᠤᠷᠬᠠᠶ᠎ᠶ᠋ᠢᠨ ᠬᠠᠤᠯᠢ᠎ᠶ᠋ᠢᠨ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠮᠠᠲ᠋ᠧᠷᠢᠶᠠᠯ᠎ᠢ ᠪᠡᠯᠡᠳᠭᠡᠨ᠂ 《ᠮᠠᠲ᠋ᠧᠷᠢᠶᠠᠯ᠎ᠤᠨ ᠨᠠᠷᠢᠨ ᠲᠠᠩᠰᠠ》 ᠶ᠋ᠢ ᠡᠮᠬᠢᠯᠡᠵᠦ᠍᠂ ᠠᠵᠤ ᠠᠬᠤᠢᠯᠠᠯ᠎ᠤᠨ ᠳᠠᠬᠢᠨ ᠳᠠᠪᠲᠠᠨ ᠬᠦᠶᠦᠬᠦ᠎ᠠᠴᠠ ᠵᠠᠢᠯᠠᠰᠭᠢᠬᠦ᠌ ᠬᠡᠷᠡᠭ᠌ᠲᠡᠶ᠃ ᠱᠢᠨ᠎ᠡ ᠠᠭᠤᠷᠬᠠᠢ᠎ᠶ᠋ᠢᠨ ᠠᠷᠭ᠎ᠠ᠎ᠶ᠋ᠢ ᠬᠡᠷᠡᠭ᠌ᠵᠢᠭᠦᠯᠦᠭ᠌ᠰᠡᠨ᠎ᠠᠴᠠ ᠨᠠᠭ᠋ᠠᠰᠢ᠂ ᠨᠢᠭᠡᠨᠲᠡ 50 ᠭᠠᠷᠤᠢ ᠠᠵᠤ ᠠᠬᠤᠢᠯᠠᠯ᠎ᠤᠨ 110 ᠵᠦᠢᠯ᠎ᠤᠨ ᠠᠭᠤᠷᠬᠠᠢ᠎ᠶ᠋ᠢᠨ ᠦᠢᠯᠡᠰ᠎ᠤᠨ ᠡᠷᠬᠡ᠎ᠶ᠋ᠢ ᠬᠢᠨᠠᠨ ᠵᠥᠪᠱᠢᠶᠡᠷᠡᠵᠦ᠍ ᠲᠡᠮᠳᠡᠭ᠌ᠯᠡᠬᠦ᠂ ᠵᠥᠪᠱᠢᠶᠡᠷᠡᠬᠦ᠌ ᠵᠡᠷᠭᠡ ᠠᠵᠢᠯ᠎ᠢ ᠪᠡᠶᠡᠯᠡᠭᠦᠯᠵᠦ᠍᠂ ᠬᠢᠨᠠᠨ ᠵᠥᠪᠱᠢᠶᠡᠷᠡᠬᠦ᠌ ᠮᠠᠲ᠋ᠧᠷᠢᠶᠠᠯ᠎ᠢ ᠨᠢᠭᠡ ᠯᠡ ᠤᠳᠠᠭ᠎ᠠ᠎ᠶ᠋ᠢᠨ ᠴᠢᠨᠠᠷᠲᠠᠢ᠎ᠪᠠᠷ 75% ᠠᠴᠠ ᠳᠡᠭᠡᠭᠰᠢᠯᠡᠭᠦᠯᠦᠭᠡᠳ 97% ᠪᠣᠯᠭ᠋ᠠᠵᠦ᠂ ᠳᠤᠮᠳᠠᠴᠢ ᠴᠠᠭ᠎ᠢ ᠪᠤᠭᠤᠨᠢᠰᠬᠠᠭ᠋ᠠᠳ 2.66 ᠠᠵᠢᠯᠯᠠᠬᠤ ᠡᠳᠦᠷ ᠪᠣᠯᠭ᠋ᠠᠨ᠎ᠠ᠃
ᠲᠠᠷᠠᠭᠠᠴᠢ᠎ᠶ᠋ᠢᠨ ᠠᠯᠬᠤᠮ᠎ᠳᠤ᠂ ᠣᠷᠳᠣᠰ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠱᠢᠨ᠎ᠡ ᠠᠭᠤᠷᠬᠠᠶ᠎ᠶ᠋ᠢᠨ ᠠᠷᠭ᠎ᠠ᠎ᠶ᠋ᠢ ᠰᠤᠷᠤᠯᠴᠠᠬᠤ ᠪᠠ ᠲᠤᠭᠤᠰᠢᠯᠠᠭᠤᠯᠬᠤ ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ 《ᠡᠬᠢ ᠪᠠᠶᠠᠯᠢᠭ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ》 ᠡᠨᠡ ᠬᠦ᠌ ᠭᠤᠤᠯ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠴᠢᠩᠭ᠎ᠠ ᠠᠳᠭᠤᠵᠤ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠢᠨ ᠪᠠᠢᠴᠠᠭᠠᠬᠤ᠎ᠶ᠋ᠢ ᠶᠡᠬᠡᠪᠡᠷ ᠠᠬᠢᠭᠤᠯᠬᠤ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠵᠠᠬ᠎ᠠ ᠳᠡᠯᠭᠡᠭᠦᠷᠴᠢᠯᠡᠨ ᠱᠢᠯᠵᠢᠭᠦᠯᠦᠨ ᠬᠤᠳᠠᠯᠳᠤᠬᠤ᠎ᠶ᠋ᠢ ᠪᠥᠬᠦ᠌ ᠲᠠᠯ᠎ᠠ᠎ᠪᠠᠷ ᠴᠢᠩᠭᠠᠳᠭᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠰᠢᠨ᠎ᠡ ᠠᠭᠤᠷᠬᠠᠢ᠎ᠶᠢᠨ ᠠᠷᠭ᠎ᠠ᠎ᠶᠢᠨ 《ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠳ᠋ᠦᠩ ᠭᠠᠷᠭᠠᠬᠤ》᠎ᠶᠢ ᠦᠨᠡᠨ ᠬᠦ᠌ ᠪᠠᠲᠤᠯᠠᠨ᠎ᠠ᠃