ᠤᠯᠠᠭᠠᠨᠬᠠᠳᠠ ᠬᠤᠲᠠ᠎ᠶ᠋ᠢᠨ ᠶᠤᠸᠠᠨ ᠪᠦᠦ ᠱᠠᠨ ᠲᠣᠭᠤᠷᠢᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠳᠥᠷᠪᠡᠨ ᠠᠷᠭ᠎ᠠ ᠬᠡᠮᠵᠢᠶ᠎ᠡ᠎ᠪᠠᠷ ᠭᠠᠵᠠᠷ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌ ᠦᠢᠯᠡᠴᠢᠯᠡᠭᠡ᠎ᠶ᠋ᠢ ᠰᠢᠯᠢᠳᠡᠭᠵᠢᠭᠦᠯᠪᠡ
2025-12-01

  ᠣᠷᠣᠨ ᠪᠦᠰᠡ᠎ᠶᠢᠨ ᠬᠥᠭᠵᠢᠯᠲᠡ᠎ᠶᠢᠨ ᠭᠠᠵᠠᠷ ᠰᠢᠷᠣᠢ ᠬᠡᠷᠡᠭᠯᠡᠬᠦ ᠬᠡᠷᠡᠭᠴᠡᠭᠡ᠎ᠶᠢ ᠣᠨᠣᠴᠠᠲᠠᠢ ᠪᠠᠲᠤᠯᠠᠵᠤ᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠤ ᠬᠦᠴᠦᠨ ᠨᠡᠮᠡᠷᠢᠯᠡᠬᠦ᠌᠎ᠶ᠋ᠢᠨ ᠲᠥᠯᠥᠭᠡ᠂ ᠡᠨᠡ ᠵᠢᠯ᠎ᠠᠴᠠ ᠨᠠᠭ᠋ᠠᠰᠢ᠂ ᠤᠯᠠᠭᠠᠨᠬᠠᠳᠠ ᠬᠤᠳᠠ᠎ᠶ᠋ᠢᠨ ᠶᠤᠸᠠᠨ ᠪᠦᠦ ᠱᠠᠨ ᠲᠣᠭᠤᠷᠢᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠣᠷᠣᠬᠤ ᠵᠥᠪᠱᠢᠶᠡᠷᠡᠯ᠎ᠤᠨ ᠬᠠᠮᠢᠶᠠᠷᠤᠯᠲᠠ᠂ ᠬᠠᠳᠠᠭᠠᠯᠠᠯᠲᠠ᠎ᠶ᠋ᠢᠨ ᠬᠡᠮᠵᠢᠶ᠎ᠡ᠎ᠶ᠋ᠢ ᠠᠮᠢᠳᠤᠯᠢᠭ᠍ᠵᠢᠭᠤᠯᠬᠤ᠂ ᠬᠢᠨᠠᠨ ᠵᠥᠪᠱᠢᠶᠡᠷᠡᠵᠦ᠍ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠪᠠ ᠪᠦᠬᠦ᠌ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ ᠵᠡᠷᠭᠡ ᠳᠦᠷᠪᠡᠨ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠠᠵᠠᠷ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌ ᠲᠣᠭ᠍ᠲᠠᠴᠠ᠎ᠶ᠋ᠢ ᠱᠢᠰᠲ᠋ᠧᠮ᠎ᠲᠠᠢ ᠱᠢᠯᠢᠳᠡᠭ᠌ᠵᠢᠭᠦᠯᠵᠦ᠍᠂ ᠡᠯᠧᠮᠧᠨ᠋ᠲ᠎ᠤᠨ ᠲᠤᠯᠭᠠᠭᠤᠷᠢᠯᠠᠯ᠎ᠢ ᠪᠦᠬᠦ᠌ ᠬᠦᠴᠦᠨ᠎ᠢᠶᠠᠷ᠎ᠢᠶᠠᠨ ᠰᠠᠢᠲᠤᠷ ᠬᠢᠪᠡ᠃

  ᠵᠥᠪᠱᠢᠶᠡᠷᠡᠨ ᠣᠷᠣᠭᠤᠯᠬᠤ ᠪᠣᠭᠤᠮᠲᠠ᠎ᠶ᠋ᠢ ᠴᠢᠩᠭ᠎ᠠ ᠠᠳᠭᠤᠵᠤ᠂ ᠲᠥᠯᠥᠪᠵᠢᠭᠦᠯᠭᠡ ᠬᠢᠵᠠᠭᠠᠷᠯᠠᠯ᠎ᠢ ᠴᠢᠩᠭ᠋ᠠᠳᠬᠠᠪᠠ᠃ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ ᠬᠢᠭᠡᠳ 《ᠭᠤᠷᠪᠠᠨ ᠣᠷᠣᠨ ᠭᠤᠷᠪᠠᠨ ᠱᠤᠭᠤᠮ》 ᠎ᠤᠨ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠲᠥᠷᠥᠯ ᠵᠦᠢᠯ᠎ᠤᠨ ᠭᠠᠵᠠᠷ ᠰᠣᠩᠭᠤᠬᠤ ᠪᠠ ᠭᠠᠵᠠᠷ ᠬᠡᠷᠡᠭ᠌ᠯᠡᠬᠦ᠌ ᠬᠡᠪᠴᠢᠶ᠎ᠡ᠎ᠶ᠋ᠢ ᠴᠢᠩᠭ᠎ᠠ ᠬᠢᠨᠠᠨ ᠪᠠᠢᠴᠠᠭᠠᠵᠤ᠂ ᠲᠥᠷᠥᠯ ᠵᠦᠢᠯ᠎ᠤᠨ ᠠᠵᠤ ᠦᠢᠯᠡᠰ᠎ᠤᠨ ᠲᠥᠷᠥ᠎ᠶ᠋ᠢᠨ ᠪᠣᠳᠣᠯᠭ᠎ᠠ᠂ ᠭᠠᠵᠠᠷ ᠬᠡᠷᠡᠭ᠌ᠯᠡᠬᠦ᠌ ᠪᠠᠷᠢᠮᠵᠢᠶ᠎ᠠ ᠬᠢᠭᠡᠳ ᠡᠷᠴᠢᠮᠵᠢᠭᠦᠯᠦᠨ ᠠᠷᠪᠢᠯᠠᠬᠤ ᠱᠠᠭᠠᠷᠳᠠᠯᠭ᠎ᠠ᠎ᠳᠤ ᠨᠡᠢᠴᠡᠬᠦ᠌᠎ᠶ᠋ᠢ ᠦᠨᠡᠨ ᠬᠦ᠌ ᠪᠠᠲᠤᠯᠠᠵᠤ᠂ ᠲᠠᠷᠢᠶᠠᠨ ᠭᠠᠵᠠᠷ᠎ᠤᠨ ᠤᠯᠠᠭᠠᠨ ᠱᠤᠭᠤᠮ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ ᠬᠢᠭᠡᠳ ᠬᠤᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ ᠬᠢᠵᠠᠭᠠᠷ ᠵᠡᠷᠭᠡ ᠬᠠᠲᠠᠭᠤ ᠬᠢᠵᠠᠭᠠᠷᠯᠠᠯ᠎ᠢ ᠴᠢᠩᠭ᠎ᠠ ᠰᠠᠬᠢᠵᠤ᠂ ᠡᠬᠢ ᠡᠭᠦᠰᠦᠯ᠎ᠠᠴᠠ᠎ᠨᠢ ᠭᠠᠵᠠᠷ ᠬᠡᠷᠡᠭ᠌ᠯᠡᠬᠦ᠌᠎ᠶ᠋ᠢᠨ ᠲᠣᠭ᠍ᠲᠠᠭᠠᠯ᠎ᠳᠤ ᠨᠡᠢᠴᠡᠬᠦ᠌ ᠴᠢᠨᠠᠷ᠎ᠢ ᠪᠠᠲᠤᠯᠠᠪᠠ᠃

  ᠦᠯᠡᠳᠡᠭᠡᠯ ᠡᠬᠢ ᠪᠠᠶᠠᠯᠢᠭ ᠎ᠢ ᠠᠮᠢᠳᠤᠯᠢᠭ᠍ᠵᠢᠭᠤᠯᠵᠤ᠂ ᠠᠱᠢᠭ᠍ᠯᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠪᠡ᠃ ᠱᠢᠨ᠎ᠡ᠎ᠪᠠᠷ ᠨᠡᠮᠡᠭ᠌ᠳᠡᠭ᠌ᠰᠡᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠴᠢᠩᠭ᠎ᠠ ᠬᠢᠵᠠᠭᠠᠷᠯᠠᠬᠤ᠎ᠶ᠋ᠢᠨ ᠬᠠᠮᠲᠤ᠌᠂ ᠵᠦᠪᠱᠢᠶᠡᠷᠡᠭ᠌ᠰᠡᠨ ᠪᠠᠢᠲᠠᠯ᠎ᠠ ᠦᠯᠦ᠍ ᠬᠠᠩᠭᠠᠭ᠍ᠰᠠᠨ᠂ ᠬᠠᠩᠭᠠᠭ᠍ᠰᠠᠨ ᠴᠦ᠍ ᠬᠡᠷᠡᠭ᠌ᠯᠡᠭ᠌ᠰᠡᠨ ᠦᠭᠡᠢ᠂ ᠰᠤᠯᠠ ᠲᠠᠯᠪᠢᠭ᠍ᠳᠠᠵᠤ ᠪᠠᠢᠭ᠎ᠠ ᠦᠷ᠎ᠡ ᠠᠱᠢᠭ᠎ᠢᠶᠠᠷ ᠳᠣᠣᠷ᠎ᠠ ᠵᠡᠷᠭᠡ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠡᠬᠢ ᠪᠠᠶᠠᠯᠢᠭ᠎ᠢ ᠠᠮᠢᠯᠠᠭᠤᠯᠤᠨ ᠠᠱᠢᠭ᠍ᠯᠠᠬᠤ᠎ᠶ᠋ᠢ ᠶᠡᠬᠡᠪᠡᠷ ᠠᠬᠢᠭᠤᠯᠵᠤ᠂ ᠭᠠᠵᠠᠷ ᠱᠢᠷᠣᠢ᠎ᠶ᠋ᠢᠨ ᠣᠷᠣᠨ ᠵᠠᠢ ᠬᠢᠭᠡᠳ ᠭᠦᠢᠴᠡᠳᠭᠡᠯ ᠲᠤᠭ᠎ᠠ᠎ᠶ᠋ᠢ ᠪᠦᠲᠦᠮᠵᠢᠲᠡᠢ ᠪᠠᠳᠠᠷᠠᠭᠤᠯᠤᠨ᠂ ᠴᠢᠨᠠᠷ ᠰᠠᠢᠲᠠᠢ ᠲᠥᠷᠥᠯ ᠵᠦᠢᠯ᠎ᠤᠨ ᠭᠠᠵᠠᠷ ᠬᠡᠷᠡᠭ᠌ᠯᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠪᠠᠲᠤᠯᠠᠪᠠ᠃

  ᠬᠢᠨᠠᠨ ᠵᠥᠪᠱᠢᠶᠡᠷᠡᠬᠦ᠌ ᠴᠤᠪᠤᠷᠠᠯ᠎ᠢ ᠱᠢᠯᠢᠳᠡᠭ᠌ᠵᠢᠭᠦᠯᠵᠦ᠍᠂ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠳᠡᠭᠡᠭᠰᠢᠯᠡᠭᠦᠯᠪᠡ᠃ 《ᠪᠠᠭᠤᠯᠭᠠᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠬᠢᠨᠠᠨ ᠵᠥᠪᠱᠢᠶᠡᠷᠡᠬᠦ᠌ ᠭᠤᠭ᠍ᠴᠤᠭ᠎ᠠ᠎ᠶ᠋ᠢ ᠡᠮᠬᠢᠯᠡᠨ ᠨᠡᠢᠯᠡᠭᠦᠯᠵᠦ᠍᠂ ᠭᠦᠢᠴᠡᠳᠭᠡᠬᠦ᠌ ᠴᠠᠭ᠎ᠤᠨ ᠬᠢᠵᠠᠭᠠᠷ᠎ᠢ ᠪᠣᠭᠤᠨᠢᠰᠭᠠᠨ᠂ 《ᠣᠯᠠᠨ ᠦᠨᠡᠯᠡᠯᠲᠡ ᠬᠢᠬᠦ᠎ᠶᠢ ᠨᠡᠢ᠌ᠯᠡᠭᠦᠯᠵᠦ ᠨᠢᠭᠡ ᠪᠣᠯᠭ᠋ᠠᠬᠤ᠂ ᠣᠯᠠᠨ ᠦᠨᠡᠮᠯᠡᠯ᠎ᠢ ᠨᠡᠢ᠌ᠯᠡᠭᠦᠯᠵᠦ ᠨᠢᠭᠡ ᠪᠣᠯᠭᠠᠬᠤ᠂ ᠣᠯᠠᠨ ᠬᠡᠮᠵᠢᠯᠲᠡ᠎ᠶ᠋ᠢ ᠨᠡᠢ᠌ᠯᠡᠭᠦᠯᠵᠦ ᠨᠢᠭᠡ ᠪᠣᠯᠭᠠᠬᠤ》 ᠥᠭᠡᠷᠡᠴᠢᠯᠡᠯᠲᠡ᠎ᠶ᠋ᠢ ᠬᠡᠷᠡᠭ᠌ᠵᠢᠭᠦᠯᠵᠦ᠍᠂ ᠬᠢᠨᠠᠨ ᠵᠥᠪᠱᠢᠶᠡᠷᠡᠬᠦ᠌ ᠭᠤᠭ᠍ᠴᠤᠭ᠎ᠠ᠎ᠪᠠᠷ ᠣᠯᠠᠨ᠂ ᠵᠠᠷᠤᠴᠠᠭᠤᠯᠬᠤ ᠴᠠᠭ᠎ᠨᠢ ᠤᠷᠲᠤ ᠵᠡᠷᠭᠡ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍᠂ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ ᠪᠠ ᠦᠢᠯᠡᠴᠢᠯᠡᠭᠡᠨ᠎ᠤ ᠬᠢᠷᠢ ᠲᠦᠪᠱᠢᠨ᠎ᠢ  ᠳᠡᠭᠡᠭᠰᠢᠯᠡᠭᠦᠯᠪᠡ᠃

  ᠪᠦᠬᠦ᠌ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ  ᠪᠣᠲᠠᠲᠠᠢ᠌ᠵᠢᠭᠤᠯᠪᠠ᠃ ᠭᠠᠵᠠᠷ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌ ᠪᠥᠬᠦ᠌ ᠶᠠᠪᠤᠴᠠ᠎ᠶ᠋ᠢᠨ ᠬᠠᠮᠵᠢᠯᠴᠠᠨ ᠬᠢᠨᠠᠨ ᠬᠠᠮᠢᠶᠠᠷᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠦ᠍᠂ ᠬᠢᠨᠠᠯᠲᠠ ᠲᠠᠯᠪᠢᠬᠤ᠎ᠶ᠋ᠢ ᠤᠴᠢᠷ ᠶᠠᠪᠤᠳᠠᠯ᠎ᠤᠨ ᠡᠮᠦᠨ᠎ᠡ᠂ ᠤᠴᠢᠷ ᠶᠠᠪᠤᠳᠠᠯ᠎ᠤᠨ ᠳᠤᠮᠳᠠ᠂ ᠤᠴᠢᠷ ᠶᠠᠪᠤᠳᠠᠯ᠎ᠤᠨ ᠳᠠᠷᠠᠭ᠎ᠠ ᠡᠯ᠎ᠡ ᠭᠤᠭ᠍ᠴᠤᠭ᠎ᠠ᠎ᠳᠤ ᠲᠤᠭᠤᠱᠢᠯᠠᠭᠤᠯᠵᠤ᠂ ᠬᠠᠤᠯᠢ ᠲᠣᠭ᠍ᠲᠠᠭᠠᠯ᠎ᠠᠴᠠ ᠵᠥᠷᠢᠴᠡᠨ ᠭᠠᠵᠠᠷ ᠬᠡᠷᠡᠭ᠌ᠯᠡᠭ᠌ᠰᠡᠨ ᠦᠢᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠬᠢᠨᠠᠨ ᠵᠥᠪᠱᠢᠶᠡᠷᠡᠬᠦ᠌ ᠲᠥᠷᠥ᠎ᠶ᠋ᠢᠨ ᠪᠣᠳᠣᠯᠭ᠎ᠠ᠎ᠶ᠋ᠢ ᠪᠣᠳᠠᠲᠠᠢᠵᠢᠭᠤᠯᠬᠤ᠎ᠶ᠋ᠢ ᠦᠨᠡᠨ ᠬᠦ᠌ ᠪᠠᠲᠤᠯᠠᠵᠤ᠂ ᠭᠠᠵᠠᠷ ᠱᠢᠷᠣᠶ᠎ᠶ᠋ᠢᠨ ᠬᠠᠮᠢᠶᠠᠷᠤᠯᠲᠠ᠎ᠶ᠋ᠢᠨ ᠰᠠᠢᠨ ᠰᠠᠢᠬᠠᠨ ᠡᠮᠬᠢ ᠵᠢᠷᠤᠮ᠎ᠢ ᠬᠠᠮᠠᠭ᠋ᠠᠯᠠᠪᠠ᠃

  ᠳᠠᠷᠠᠭᠠᠴᠢ᠎ᠶ᠋ᠢᠨ ᠠᠯᠬᠤᠮ᠎ᠳᠤ᠂ ᠶᠤᠸᠠᠨ ᠪᠦᠦ ᠱᠠᠨ ᠲᠣᠭᠤᠷᠢᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠬᠢᠨᠠᠨ ᠵᠥᠪᠱᠢᠶᠡᠷᠡᠬᠦ᠌ ᠦᠢᠯᠡᠴᠢᠯᠡᠭᠡᠨ᠎ᠤ ᠠᠷᠭ᠎ᠠ ᠬᠡᠮᠵᠢᠶ᠎ᠡ᠎ᠶ᠋ᠢᠨ ᠲᠠᠯ᠎ᠠ᠎ᠪᠠᠷ ᠦᠷᠭᠦᠯᠵᠢᠯᠡᠨ ᠱᠢᠨ᠎ᠡ᠎ᠶ᠋ᠢ ᠡᠭᠦᠳᠴᠦ᠍᠂ ᠬᠤᠳᠠᠯᠳᠤᠭ᠎ᠠ ᠡᠷᠬᠢᠯᠡᠬᠦ᠌ ᠣᠷᠴᠢᠨ ᠲᠣᠭᠤᠷᠢᠨ᠎ᠢ ᠱᠢᠯᠢᠳᠡᠭ᠌ᠵᠢᠭᠦᠯᠬᠦ᠂ ᠣᠷᠣᠨ ᠪᠦᠰᠡ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃

ᠢᠷᠡᠯᠲᠡ᠄ ᠤᠯᠠᠭᠠᠨᠬᠠᠳᠠ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ