ᠬᠥᠯᠥᠨ ᠪᠤᠢᠷ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠶᠡᠷᠦᠩᠬᠡᠶ ᠲᠥᠯᠥᠪᠵᠢᠭᠦᠯᠭᠡ᠎ᠶ᠋ᠢ ᠬᠥᠳᠡᠯᠦᠩᠭᠦᠶ᠎ᠪᠠᠷ ᠳᠣᠭᠢᠷᠠᠭᠤᠯᠤᠨ ᠲᠡᠭᠦᠯᠳᠡᠷᠵᠢᠭᠦᠯᠬᠦ᠌ ᠪᠡᠯᠡᠳᠭᠡᠯ ᠠᠵᠢᠯ᠎ᠤᠨ ᠬᠤᠷᠠᠯ ᠬᠤᠷᠠᠯᠳᠤᠭᠤᠯᠪᠠ
2025-12-03

  ᠤᠯᠤᠰ᠎ᠤ᠋ᠨ ᠭᠠᠵᠠᠷ ᠰᠢᠷᠤᠢ᠎ᠶᠢᠨ ᠣᠷᠣᠨ ᠵᠠᠢ᠎ᠶᠢᠨ ᠲᠥᠯᠥᠪᠵᠢᠭᠦᠯᠭᠡ᠎ᠶᠢᠨ ᠠᠵᠢᠯ᠎ᠤ᠋ᠨ ᠲᠤᠬᠠᠢ ᠪᠠᠢᠭᠠᠯᠢ᠎ᠶᠢᠨ ᠡᠬᠢ ᠪᠠᠶᠠᠯᠢᠭ᠎ᠤ᠋ᠨ ᠶᠠᠮᠤᠨ᠎ᠤ᠋ ᠬᠠᠮᠤᠭ᠎ᠤ᠋ᠨ ᠰᠢᠨ᠎ᠡ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠵᠤ᠂ 《 ᠠᠷᠪᠠᠨ ᠲᠠᠪᠤᠳᠤᠭᠠᠷ ᠲᠠᠪᠤᠨ ᠵᠢᠯ》 ᠎ᠦ᠋ᠨ ᠲᠥᠯᠥᠪᠵᠢᠭᠦᠯᠭᠡ᠎ᠶᠢᠨ ᠭᠣᠣᠯ ᠱᠠᠭᠠᠷᠳᠠᠯᠭ᠎ᠠ᠎ᠶᠢ ᠵᠣᠯᠭᠠᠭᠤᠯᠤᠨ ᠨᠠᠢᠳᠠᠪᠤᠷᠢᠵᠢᠭᠤᠯᠬᠤ᠎ᠶᠢᠨ ᠲᠥᠯᠥᠭᠡ᠂ 12 ᠳ᠋ᠤᠭ᠋ᠠᠷ ᠰᠠᠷ᠎ᠠ᠎ᠶᠢᠨ 2 ᠎ᠤ᠋ ᠡᠳᠦᠷ᠂ ᠬᠥᠯᠥᠨ ᠪᠤᠢᠷ ᠬᠣᠲᠠ᠎ᠶᠢᠨ ᠪᠠᠢᠭᠠᠯᠢ᠎ᠶᠢᠨ ᠡᠬᠢ ᠪᠠᠶᠠᠯᠢᠭ᠎ᠤ᠋ᠨ ᠲᠣᠪᠴᠢᠶ᠎ᠠ ᠪᠦᠬᠦ᠌ ᠬᠣᠲᠠ᠎ᠶᠢᠨ ᠤᠯᠤᠰ᠎ᠤ᠋ᠨ ᠭᠠᠵᠠᠷ ᠰᠢᠷᠤᠢ᠎ᠶᠢᠨ ᠣᠷᠣᠨ ᠵᠠᠢ᠎ᠶᠢᠨ ᠶᠡᠷᠦᠩᠬᠡᠢ ᠲᠥᠯᠥᠪᠵᠢᠭᠦᠯᠭᠡ᠎ᠶᠢ ᠬᠥᠳᠡᠯᠦᠩᠭᠦᠢ ᠲᠣᠬᠢᠷᠠᠭᠤᠯᠤᠨ ᠲᠡᠭᠦᠯᠳᠡᠷᠵᠢᠭᠦᠯᠬᠦ᠌ ᠠᠵᠢᠯ᠎ᠤ᠋ᠨ ᠲᠣᠬᠢᠷᠠᠭᠤᠯᠤᠯᠲᠠ᠎ᠶᠢᠨ ᠬᠤᠷᠠᠯ᠎ᠢ᠋ ᠵᠣᠬᠢᠶᠠᠨ ᠪᠠᠢᠭᠤᠯᠤᠨ ᠬᠤᠷᠠᠯᠳᠤᠭᠤᠯᠵᠤ᠂ ᠣᠷᠣᠨ ᠵᠠᠢ᠎ᠶᠢᠨ ᠪᠠᠲᠤᠯᠠᠭ᠎ᠠ᠎ᠶᠢᠨ ᠠᠵᠢᠯ᠎ᠢ᠋ ᠰᠢᠰᠲᠸᠮ᠎ᠲᠡᠢ ᠰᠤᠳᠤᠯᠪᠠ᠃

  ᠬᠤᠷᠠᠯ᠎ᠠᠴᠠ᠂ ᠭᠤᠷᠪᠠᠨ ᠱᠠᠲᠤᠨ᠎ᠤ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠶᠡᠷᠦᠩᠬᠡᠶ ᠲᠥᠯᠥᠪᠵᠢᠭᠦᠯᠭᠡ᠎ᠶ᠋ᠢ ᠨᠢᠭᠡᠨᠲᠡ ᠪᠦᠬᠦᠨ᠎ᠢ ᠴᠤᠬᠤᠯᠠᠪᠤᠷᠢᠯᠠᠨ ᠬᠠᠷᠢᠭᠤᠯᠤᠭ᠍ᠰᠠᠨ ᠰᠠᠭᠤᠷᠢᠨ ᠳᠡᠭᠡᠷ᠎ᠡ᠂ ᠬᠥᠳᠡᠯᠦᠩᠭᠦᠶ᠎ᠪᠠᠷ ᠲᠣᠬᠢᠷᠠᠭᠤᠯᠤᠨ ᠲᠡᠭᠦᠯᠳᠡᠷᠵᠢᠭᠦᠯᠬᠦ᠌ ᠠᠵᠢᠯ᠎ᠨᠢ 《ᠬᠥᠳᠡᠯᠦᠩᠭᠦᠶ ᠲᠣᠬᠢᠷᠠᠭᠤᠯᠤᠯᠲᠠ》 ᠬᠢᠭᠡᠳ 《ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ》 ᠎ᠶ᠋ᠢ ᠲᠥᠷᠥᠯ ᠬᠤᠪᠢᠶᠠᠨ ᠠᠬᠢᠭᠤᠯᠬᠤ ᠵᠠᠷᠴᠢᠮ᠎ᠢ ᠴᠢᠩᠭ᠎ᠠ ᠵᠢᠷᠤᠮᠯᠠᠨ᠂ ᠣᠳᠣᠬᠢ ᠱᠠᠲᠤᠨ᠎ᠳᠤ ᠬᠥᠳᠡᠯᠦᠩᠭᠦᠶ ᠲᠣᠬᠢᠷᠠᠭᠤᠯᠤᠯᠲᠠ ᠬᠢᠬᠦ᠌ ᠠᠵᠢᠯ᠎ᠢ ᠤᠷᠢᠳ᠎ᠢᠶᠠᠷ ᠥᠷᠨᠢᠭᠦᠯᠵᠦ᠍᠂ ᠪᠣᠳᠠᠲᠠᠶ᠎ᠲᠠᠢ᠎ᠪᠠᠨ ᠤᠶᠠᠯᠳᠤᠭᠤᠯᠤᠨ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ ᠬᠠᠮᠢᠶ᠎ᠠ ᠪᠥᠬᠦᠶ ᠪᠡᠯᠡᠳᠭᠡᠯ᠎ᠢ ᠴᠠᠭ᠎ᠲᠤᠨᠢ ᠲᠤᠬᠢᠷᠠᠭᠤᠯᠤᠨ ᠠᠬᠢᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃

  ᠬᠤᠷᠠᠯ᠎ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠰᠠᠨᠠᠭᠤᠯᠭ᠎ᠠ》 ᠪᠠ ᠲᠣᠰ ᠬᠤᠲᠠ᠎ᠶ᠋ᠢᠨ 《ᠠᠷᠪᠠᠨ ᠲᠠᠪᠤᠳᠤᠭᠠᠷ ᠲᠠᠪᠤᠨ ᠵᠢᠯ》 ᠎ᠤᠨ ᠠᠵᠢᠯ᠎ᠤᠨ ᠲᠥᠯᠥᠪᠵᠢᠭᠦᠯᠭᠡ ᠪᠠᠢᠷᠢᠯᠠᠭᠤᠯᠤᠯᠲᠠ᠎ᠶ᠋ᠢ ᠴᠢᠩᠭ᠎ᠠ ᠡᠵᠡᠮᠳᠡᠵᠦ᠍᠂ ᠣᠳᠣᠬᠢᠴᠢᠯᠠᠭ᠍ᠰᠠᠨ ᠠᠵᠤ ᠦᠢᠯᠡᠰ᠎ᠤᠨ ᠱᠢᠰᠲ᠋ᠧᠮ᠎ᠢ ᠪᠠᠢᠭᠤᠯᠬᠤ᠂ ᠱᠢᠨ᠎ᠡ ᠬᠡᠯᠪᠡᠷᠢ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠂ ᠬᠤᠲᠠ ᠬᠥᠳᠡᠭᠡ᠎ᠶ᠋ᠢᠨ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠰᠠᠢᠵᠢᠷᠠᠭᠤᠯᠬᠤ ᠵᠡᠷᠭᠡ ᠭᠤᠤᠯᠳᠠᠯᠭ᠎ᠠ᠎ᠲᠠᠢ ᠬᠦᠷᠢᠶ᠎ᠡ᠎ᠶ᠋ᠢᠨ ᠲᠣᠭᠤᠷᠢᠨ᠎ᠳᠤ ᠨᠢᠭᠡ ᠪᠦᠯᠦᠭ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ᠂ ᠲᠤᠯᠭᠠᠭᠤᠷᠢᠯᠠᠬᠤ ᠴᠢᠨᠠᠷᠲᠠᠶ ᠴᠢᠬᠤᠯᠠ ᠶᠡᠭᠡ ᠲᠥᠷᠥᠯ ᠵᠦᠢᠯ᠂ ᠢᠨᠵᠧᠨᠧᠷᠢᠩ ᠵᠢᠴᠢ ᠪᠠᠢᠷᠢᠱᠢᠭᠤᠯᠤᠯᠲᠠ᠎ᠶ᠋ᠢ ᠲᠥᠯᠥᠪᠵᠢᠭᠦᠯᠦᠨ ᠳᠤᠷᠠᠳᠴᠤ᠌᠂ ᠪᠣᠶ ᠪᠥᠬᠦᠶ ᠲᠥᠷᠥᠯ ᠵᠦᠢᠯ᠎ᠢ ᠲᠥᠯᠥᠪᠵᠢᠭᠦᠯᠵᠦ᠍ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠲᠠᠢ ᠭᠦᠨᠵᠡᠭᠡᠶ ᠵᠣᠯᠭᠠᠭᠤᠯᠵᠤ᠂ ᠣᠷᠣᠨ ᠵᠠᠶ᠎ᠶ᠋ᠢ ᠨᠠᠢᠳᠠᠪᠤᠷᠢᠵᠢᠭᠤᠯᠬᠤ ᠪᠣᠯᠤᠮᠵᠢᠲᠤ ᠴᠢᠨᠠᠷ᠎ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠱᠠᠭ᠋ᠠᠷᠳᠠᠪᠠ᠃

  ᠬᠤᠷᠠᠯ᠎ᠠᠴᠠ᠂ ᠶᠠᠮᠤᠨ᠎ᠤ ᠱᠠᠲᠤᠨ᠎ᠤ ᠵᠠᠷᠴᠢᠮ᠎ᠤᠨ ᠴᠢᠨᠠᠷᠲᠠᠶ ᠲᠥᠷᠥ᠎ᠶ᠋ᠢᠨ ᠪᠣᠳᠣᠯᠭ᠎ᠠ᠎ᠶ᠋ᠢ ᠨᠢᠭᠡᠨᠲᠡ ᠲᠣᠳᠣᠷᠬᠠᠶ ᠪᠣᠯᠭᠠᠭ᠍ᠰᠠᠨ᠂ ᠥᠪᠡᠷᠲᠡᠭᠡᠨ ᠵᠠᠰᠠᠬᠤ ᠣᠷᠣᠨ᠎ᠤ ᠶᠠᠭ ᠲᠣᠭ᠍ᠲᠠᠭᠠᠵᠤ ᠪᠠᠢᠭ᠎ᠠ ᠣᠳᠣᠬᠢ ᠪᠠᠢᠳᠠᠯ᠎ᠳᠤ ᠴᠢᠭ᠌ᠯᠡᠭᠦᠯᠦᠨ᠂ 《ᠪᠠᠢᠳᠠᠯ᠎ᠢ ᠲᠣᠳᠣᠷᠬᠠᠢ ᠣᠢᠯᠠᠭᠠᠵᠤ᠂ ᠤᠶᠤᠨ ᠤᠬᠠᠭᠠᠨ᠎ᠢ ᠬᠤᠷᠠᠮᠳᠤᠭᠤᠯᠬᠤ》 ᠎ᠪᠠᠷ ᠵᠠᠷᠴᠢᠮ ᠪᠣᠯᠭᠠᠵᠤ᠂ ᠠᠢ᠎ᠶ᠋ᠢᠨ ᠰᠠᠨᠠᠯ ᠴᠤᠭ᠍ᠯᠠᠭᠤᠯᠬᠤ᠂ ᠠᠯᠪᠠᠳᠠᠯᠭ᠎ᠠ᠎ᠶ᠋ᠢᠨ ᠴᠢᠨᠠᠷᠲᠠᠶ ᠠᠭᠤᠯᠭ᠎ᠠ᠎ᠳᠤ ᠲᠣᠬᠢᠷᠠᠭᠤᠯᠤᠯᠲᠠ ᠬᠢᠬᠦ᠌ ᠠᠰᠠᠭᠤᠳᠠᠯ᠎ᠤᠨ ᠪᠠᠢᠳᠠᠯ᠎ᠢ ᠣᠢᠯᠠᠭᠠᠬᠤ ᠬᠤᠶᠠᠷ ᠵᠦᠢᠯ᠎ᠤᠨ ᠠᠵᠢᠯ᠎ᠢ ᠭᠤᠤᠯᠳᠠᠯᠭ᠎ᠠ᠎ᠲᠠᠢ ᠠᠬᠢᠭᠤᠯᠬᠤ ᠬᠡᠷᠡᠭ᠌ᠲᠡᠶ᠃ ᠡᠭᠦᠨ᠎ᠤ ᠬᠠᠮᠲᠤ᠌᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠲᠣᠰ ᠤᠳᠠᠭᠠᠨ᠎ᠤ ᠬᠥᠳᠡᠯᠦᠩᠭᠦᠶ᠎ᠪᠠᠷ ᠲᠣᠬᠢᠷᠠᠭᠤᠯᠤᠨ ᠲᠡᠭᠦᠯᠳᠡᠷᠵᠢᠭᠦᠯᠬᠦ᠌ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠭᠦᠨᠵᠡᠭᠡᠶ ᠠᠷᠭ᠎ᠠ ᠰᠦᠪᠡᠭ᠌ᠴᠢᠯᠡᠵᠦ᠍᠂ ᠶᠠᠰᠤ ᠴᠢᠨᠠᠷ ᠪᠠ ᠲᠤᠭ᠎ᠠ ᠬᠡᠮᠵᠢᠶ᠎ᠡ᠎ᠶ᠋ᠢ ᠪᠠᠲᠤᠯᠠᠨ ᠰᠠᠨᠠᠯ ᠰᠠᠨᠠᠭᠤᠯᠭ᠎ᠠ ᠳᠡᠪᠱᠢᠭᠦᠯᠵᠦ᠍᠂ ᠡᠯ᠎ᠡ ᠵᠦᠶ᠋ᠯ᠎ᠤᠨ ᠠᠵᠢᠯ᠎ᠢ ᠯᠠᠪᠳᠠᠭᠤᠨ ᠪᠠᠲᠤᠲᠠᠶ ᠠᠬᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ ᠱᠠᠭ᠋ᠠᠷᠳᠠᠪᠠ᠃

ᠢᠷᠡᠯᠲᠡ᠄ ᠬᠥᠯᠥᠨ ᠪᠤᠢᠷ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ