ᠡᠨᠡ ᠵᠢᠯ᠎ᠠᠴᠠ ᠨᠠᠭ᠋ᠠᠰᠢ᠂ ᠤᠯᠠᠭᠠᠨᠬᠠᠳᠠ ᠬᠤᠲᠠ᠎ᠶ᠋ᠢᠨ ᠠᠷᠤ ᠬᠤᠷᠴᠢᠨ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠭᠠᠵᠠᠷ ᠱᠢᠨᠵᠢᠯᠡᠭᠡ ᠠᠭᠤᠷᠬᠠᠶ᠎ᠶ᠋ᠢᠨ ᠭᠠᠷᠤᠯᠲᠠ᠎ᠶ᠋ᠢᠨ ᠬᠠᠮᠢᠶᠠᠷᠤᠯᠲᠠ᠎ᠶ᠋ᠢᠨ ᠭᠤᠤᠯ ᠡᠭᠦᠷᠭᠡ ᠴᠢᠳᠠᠪᠤᠷᠢ᠎ᠳᠤ ᠰᠠᠭᠤᠷᠢᠯᠠᠨ᠂ 《ᠠᠮᠤᠷ ᠲᠦᠪᠱᠢᠨ᠎ᠢᠶᠠᠷ ᠦᠨᠳᠦᠰᠦ ᠪᠣᠯᠭᠠᠬᠤ᠂ ᠬᠥᠭ᠌ᠵᠢᠯᠲᠡ᠎ᠪᠠᠷ ᠭᠤᠤᠯᠳᠠᠯᠭ᠎ᠠ ᠪᠣᠯᠭᠠᠬᠤ᠂ ᠦᠶ᠋ᠯᠡᠴᠢᠯᠡᠬᠦ᠌᠎ᠪᠠᠷ ᠦᠨᠳᠦᠰᠦ ᠪᠣᠯᠭᠠᠬᠤ》 ᠶ᠋ᠢ ᠪᠠᠷᠢᠮᠲᠠᠯᠠᠵᠤ᠂ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠂ ᠡᠷᠬᠡ ᠠᠱᠢᠭ᠎ᠤᠨ ᠪᠠᠲᠤᠯᠠᠭ᠎ᠠ ᠵᠡᠷᠭᠡ ᠭᠤᠤᠯᠳᠠᠯᠭ᠎ᠠ᠎ᠲᠠᠢ ᠡᠭᠦᠷᠭᠡ᠎ᠶ᠋ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ᠌ ᠬᠤᠱᠢᠭᠤᠨ᠎ᠤ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠦᠷᠭᠦᠯᠵᠢᠯᠡᠨ ᠠᠱᠢᠭ᠍ᠯᠠᠬᠤ ᠪᠠ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ ᠰᠠᠭᠤᠷᠢ᠎ᠶ᠋ᠢ ᠪᠠᠬᠢᠵᠢᠭᠦᠯᠪᠡ᠃
ᠠᠮᠤᠷ ᠲᠦᠪᠱᠢᠨ᠎ᠤ ᠬᠤᠷᠢᠭ᠎ᠠ ᠱᠤᠭᠤᠮ᠎ᠢ ᠴᠢᠩᠭ᠎ᠠ ᠰᠠᠬᠢᠵᠤ᠂ ᠳᠠᠯᠳᠠ ᠭᠡᠮ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠎ᠶ᠋ᠢ ᠭᠦᠨᠵᠡᠭᠡᠢ᠌ᠷᠡᠭᠦᠯᠪᠡ᠃ 《ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠂ ᠳᠠᠯᠳᠠ ᠭᠡᠮ᠎ᠢ ᠠᠷᠢᠯᠭᠠᠬᠤ᠂ ᠠᠮᠤᠷ ᠲᠦᠪᠱᠢᠨ᠎ᠢ ᠪᠠᠲᠤᠯᠠᠬᠤ》 ᠪᠠᠷ ᠭᠤᠣᠯ ᠱᠢᠵᠢᠮ ᠪᠣᠯᠭᠠᠵᠤ᠂ ᠠᠶᠤᠯ ᠦᠭᠡᠢ ᠦᠢᠯᠡᠳᠪᠦᠷᠢᠯᠡᠯ᠎ᠤᠨ ᠶᠡᠭᠡ ᠵᠢᠭ᠍ᠰᠠᠭᠠᠨ ᠪᠠᠢᠴᠠᠭᠠᠯᠲᠠ ᠶᠡᠭᠡ ᠴᠡᠭ᠌ᠴᠡᠯᠡᠨ ᠵᠠᠰᠠᠯᠲᠠ᠎ᠶ᠋ᠢ ᠯᠠᠪᠳᠠᠭᠤᠨ ᠪᠠᠲᠤᠲᠠᠢ ᠥᠷᠨᠢᠭᠦᠯᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠷᠢᠶᠡᠨ᠎ᠳᠠᠬᠢ ᠥᠨᠳᠥᠷ ᠭᠠᠵᠠᠷ᠎ᠲᠤ ᠤᠨᠠᠬᠤ᠎ᠶ᠋ᠢ ᠰᠡᠷᠭᠡᠢᠯᠡᠬᠦ᠌ ᠠᠶᠤᠯ ᠲᠦᠭ᠌ᠰᠢᠭᠦᠷᠢ᠎ᠶ᠋ᠢ ᠲᠤᠰᠭᠠᠢ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢ ᠵᠡᠷᠭᠡ᠎ᠪᠡᠷ ᠠᠬᠢᠭᠤᠯᠵᠤ᠂ ᠲᠤᠬᠠᠢ᠎ᠶ᠋ᠢᠨ ᠭᠠᠵᠠᠷ᠎ᠲᠤᠨᠢ ᠪᠠᠢᠴᠠᠭᠠᠬᠤ᠂ ᠡᠬᠡ ᠲᠠᠩᠰᠠ᠎ᠶ᠋ᠢ ᠬᠠᠷᠭᠤᠭᠤᠯᠬᠤ᠂ ᠲᠤᠬᠠᠢ᠎ᠶ᠋ᠢᠨ ᠭᠠᠵᠠᠷ᠎ᠲᠤᠨᠢ ᠬᠢᠨᠠᠨ ᠵᠢᠯᠣᠭᠤᠳᠭᠤ᠎ᠶ᠋ᠢ ᠤᠶᠠᠯᠳᠤᠭᠤᠯᠬᠤ᠎ᠪᠠᠷ ᠳᠠᠮᠵᠢᠭᠤᠯᠵᠤ᠂ ᠠᠭᠤᠷᠬᠠᠢ᠎ᠶ᠋ᠢᠨ ᠠᠵᠤ ᠠᠬᠤᠢᠯᠠᠯ᠎ᠤᠨ ᠠᠮᠤᠷ ᠲᠦᠪᠱᠢᠨ᠎ᠤ ᠪᠠᠢᠴᠠᠭᠠᠯᠲᠠ᠎ᠶ᠋ᠢ ᠨᠡᠢᠳᠡ 12 ᠤᠳᠠᠭ᠎ᠠ ᠪᠡᠶᠡᠯᠡᠭᠦᠯᠵᠦ᠍᠂ ᠵᠠᠩᠭᠢᠯᠠᠭ᠎ᠠ᠎ᠶ᠋ᠢᠨ ᠭᠤᠭ᠍ᠴᠤᠭ᠎ᠠ᠎ᠶ᠋ᠢᠨ ᠠᠶᠤᠯ ᠲᠦᠭ᠌ᠰᠢᠭᠦᠷᠢ᠎ᠶ᠋ᠢ ᠪᠦᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠠᠭᠤᠷᠬᠠᠢ᠎ᠶ᠋ᠢᠨ ᠠᠶᠤᠯ ᠦᠭᠡᠢ ᠦᠢᠯᠡᠳᠪᠦᠷᠢᠯᠡᠯ᠎ᠤᠨ ᠤᠯᠠᠭᠠᠨ ᠱᠤᠭᠤᠮ᠎ᠢ ᠡᠷᠡᠰ ᠪᠠᠲᠤ ᠰᠠᠬᠢᠪᠠ᠃
ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠡᠷᠴᠢᠮᠵᠢᠭᠦᠯᠦᠭ᠌ᠰᠡᠨ ᠥᠨᠳᠥᠷ ᠦᠷ᠎ᠡ ᠠᠱᠢᠭ᠎ᠢᠶᠠᠷ ᠨᠡᠭᠡᠭᠡᠨ ᠠᠱᠢᠭ᠍ᠯᠠᠬᠤ᠎ᠶ᠋ᠢ ᠠᠬᠢᠭᠤᠯᠪᠠ᠃ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠡᠮᠬᠢᠯᠡᠨ ᠨᠡᠢᠯᠡᠭᠦᠯᠬᠦ᠌ ᠪᠠ ᠬᠠᠳᠠᠭᠠᠯᠠᠯᠲᠠ᠎ᠶ᠋ᠢᠨ ᠬᠡᠮᠵᠢᠶ᠎ᠡ᠎ᠶ᠋ᠢ ᠠᠮᠢᠳᠤᠯᠢᠭ ᠪᠣᠯᠭᠠᠬᠤ᠎ᠶ᠋ᠢ ᠢᠳᠡᠪᠬᠢᠲᠡᠶ ᠠᠬᠢᠭᠤᠯᠵᠤ᠂ ᠵᠧᠤ ᠵᠢᠶᠠ ᠶᠢᠩᠽᠢ ᠭᠠᠵᠠᠷ ᠣᠷᠣᠨ᠎ᠤ ᠡᠬᠢ ᠪᠠᠶᠠᠯᠢᠭ᠎ᠢ ᠡᠮᠬᠢᠯᠡᠨ ᠨᠡᠢᠯᠡᠭᠦᠯᠵᠦ᠍ ᠲᠥᠷᠥᠯ ᠵᠦᠢᠯ᠎ᠤᠨ ᠭᠠᠷᠳᠠᠮ ᠭᠦᠢᠴᠡᠳᠭᠡᠬᠦ᠌᠎ᠶ᠋ᠢ ᠲᠦᠷᠭᠡᠳᠭᠡᠨ᠂ ᠣᠷᠣᠨ ᠪᠦᠰᠡ᠎ᠶ᠋ᠢᠨ ᠡᠷᠴᠢᠮᠵᠢᠭᠦᠯᠦᠭ᠌ᠰᠡᠨ ᠨᠡᠭᠡᠭᠡᠯᠲᠡ᠎ᠶ᠋ᠢ ᠠᠬᠢᠭᠤᠯᠤᠨ᠎ᠠ᠃ ᠡᠭᠦᠨ᠎ᠤ ᠬᠠᠮᠲᠤ᠌᠂ ᠬᠤᠭᠤᠴᠠᠭ᠎ᠠ᠎ᠨᠢ ᠥᠩᠭᠡᠷᠡᠭ᠌ᠰᠡᠨ ᠰᠤᠯᠠ ᠪᠠᠢᠭ᠎ᠠ ᠠᠭᠤᠷᠬᠠᠶ᠎ᠶ᠋ᠢᠨ ᠡᠷᠬᠡ᠎ᠶ᠋ᠢ ᠡᠮᠬᠢ ᠵᠢᠷᠤᠮ᠎ᠲᠠᠢ᠎ᠪᠠᠷ ᠢᠯᠭᠠᠷᠠᠭᠤᠯᠤᠨ ᠳᠢᠭ᠌ᠯᠡᠵᠦ᠍᠂ ᠨᠢᠭᠡᠨᠲᠡ 9 ᠪᠦᠯᠦᠭ ᠬᠤᠭᠤᠴᠠᠭ᠎ᠠ ᠬᠡᠲᠦᠷᠡᠭ᠌ᠰᠡᠨ ᠠᠭᠤᠷᠬᠠᠶ ᠮᠠᠯᠲᠠᠬᠤ ᠡᠷᠬᠡ᠎ᠶ᠋ᠢ ᠬᠦᠴᠦᠨ ᠥᠬᠡᠶ ᠪᠣᠯᠭᠠᠬᠤ᠎ᠪᠠᠷ ᠭᠤᠶᠤᠴᠢᠯᠠᠬᠤ᠎ᠶ᠋ᠢᠨ ᠬᠠᠮᠲᠤ ᠱᠤᠸᠠᠩ ᠱᠧᠩ ᠪᠠᠯᠭᠠᠰᠤᠨ᠎ᠤ 477 ᠥᠨᠳᠦᠷᠯᠢᠭ᠎ᠤᠨ ᠵᠡᠰ᠎ᠤᠨ ᠣᠯᠠᠨ ᠲᠡᠮᠦᠷᠯᠢᠭ᠎ᠤᠨ ᠠᠭᠤᠷᠬᠠᠶ᠂ ᠳ᠋ᠠ ᠬᠤᠸᠠᠩ ᠶᠠᠩ ᠸᠠ ᠵᠡᠰ ᠴᠠᠢᠷ ᠣᠯᠠᠨ ᠲᠡᠮᠦᠷᠯᠢᠭ᠎ᠤᠨ ᠠᠭᠤᠷᠬᠠᠶ᠎ᠶ᠋ᠢᠨ ᠨᠡᠢᠳᠡᠮ ᠪᠠᠢᠴᠠᠭᠠᠯᠲᠠ᠎ᠶ᠋ᠢᠨ ᠪᠠᠢᠷᠢᠱᠢᠯ᠎ᠤᠨ ᠲᠣᠬᠢᠷᠠᠭᠤᠯᠤᠯᠲᠠ᠎ᠶ᠋ᠢ ᠪᠡᠶᠡᠯᠡᠭᠦᠯᠵᠦ᠍᠂ ᠠᠭᠤᠷᠬᠠᠶ᠎ᠶ᠋ᠢᠨ ᠡᠷᠬᠡ᠎ᠶ᠋ᠢᠨ ᠲᠦᠯᠦᠪᠦᠷᠢᠲᠡᠢ ᠱᠢᠯᠵᠢᠭᠦᠯᠬᠦ᠌ ᠭᠤᠶᠤᠴᠢᠯᠠᠯ᠎ᠢ ᠵᠡᠷᠭᠡ᠎ᠳᠤ᠎ᠨᠢ ᠳᠡᠭᠡᠭ᠌ᠰᠢ ᠮᠡᠳᠡᠭᠦᠯᠵᠦ᠍᠂ ᠵᠠᠯᠭᠠᠮᠵᠢ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ᠎ᠳᠤ ᠲᠥᠷᠥᠯ ᠵᠦᠢᠯ᠎ᠤᠨ ᠨᠥᠭᠡᠴᠡ᠎ᠶ᠋ᠢ ᠰᠠᠢᠲᠤᠷ ᠬᠢᠪᠡ᠃
ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠠᠭᠤᠷᠬᠠᠢ᠎ᠶ᠋ᠢᠨ ᠡᠷᠬᠡ᠎ᠶ᠋ᠢᠨ ᠳᠠᠩᠰᠠᠯᠠᠨ ᠬᠠᠮᠢᠶᠠᠷᠬᠤ᠎ᠶ᠋ᠢ ᠵᠢᠷᠤᠮᠵᠢᠭᠤᠯᠪᠠ᠃ ᠠᠭᠤᠷᠬᠠᠢ᠎ᠶ᠋ᠢᠨ ᠡᠷᠬᠡ᠎ᠶ᠋ᠢᠨ ᠦᠷᠭᠦᠯᠵᠢᠯᠡᠬᠦ᠌ ᠦᠢᠯᠡᠴᠢᠯᠡᠭᠡᠨ᠎ᠤ ᠴᠤᠪᠤᠷᠠᠯ᠎ᠢ ᠰᠠᠨᠠᠭᠠᠴᠢᠯᠠᠭ᠎ᠠ᠎ᠠᠴᠠ᠎ᠪᠠᠨ ᠱᠢᠯᠢᠳᠡᠭ᠌ᠵᠢᠭᠦᠯᠵᠦ᠍᠂ 《ᠮᠠᠲ᠋ᠧᠷᠢᠶᠠᠯ᠎ᠤᠨ ᠠᠩᠬᠠᠨ᠎ᠤ ᠬᠢᠨᠠᠯᠲᠠ — ᠰᠠᠯᠠᠭ᠎ᠠ ᠮᠥᠴᠢᠷ᠎ᠤᠨ ᠬᠠᠮᠲᠤᠷᠠᠨ ᠬᠢᠨᠠᠬᠤ — ᠰᠠᠨᠠᠯ ᠭᠠᠷᠭᠠᠬᠤ》 ᠲᠠᠰ ᠳᠠᠷᠠᠭᠠᠯᠠᠯ᠎ᠢ ᠴᠢᠩᠭ᠎ᠠ ᠬᠡᠷᠡᠭ᠌ᠵᠢᠭᠦᠯᠦᠨ᠂ ᠦᠷᠭᠦᠯᠵᠢᠯᠡᠨ ᠬᠢᠨᠠᠨ ᠪᠠᠢᠴᠠᠭᠠᠬᠤ᠂ ᠰᠠᠨᠠᠯ ᠬᠤᠷᠢᠶᠠᠬᠤ ᠵᠡᠷᠭᠡ ᠠᠵᠢᠯ᠎ᠢ ᠪᠡᠶᠡᠯᠡᠭᠦᠯᠵᠦ᠍᠂ ᠠᠵᠤ ᠠᠬᠤᠢᠯᠠᠯ᠎ᠤᠨ ᠬᠠᠤᠯᠢ ᠶᠣᠰᠣᠭᠠᠷ ᠲᠣᠭ᠍ᠲᠠᠭᠠᠯ᠎ᠳᠤ ᠨᠡᠢᠴᠡᠭᠦᠯᠦᠨ ᠡᠵᠡᠩᠨᠡᠬᠦ᠌᠎ᠶ᠋ᠢ ᠪᠠᠲᠤᠯᠠᠨ᠎ᠠ᠃ ᠱᠢᠨ᠎ᠡ 《ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠤᠯᠢ》 ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠷᠬᠡ᠎ᠶ᠋ᠢᠨ ᠦᠨᠡᠮᠯᠡᠯ᠎ᠢ ᠰᠠᠯᠭᠠᠵᠤ ᠬᠠᠮᠢᠶᠠᠷᠬᠤ ᠵᠠᠭ᠍ᠪᠤᠷ᠎ᠢ ᠬᠡᠷᠡᠭ᠌ᠵᠢᠭᠦᠯᠵᠦ᠍᠂ ᠠᠵᠢᠯᠲᠠᠨ᠎ᠤ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠢ ᠴᠢᠩᠭᠠᠳᠭᠠᠨ᠂ ᠠᠭᠤᠷᠬᠠᠶ᠎ᠶ᠋ᠢᠨ ᠡᠷᠬᠡ᠎ᠶ᠋ᠢᠨ ᠳᠠᠩᠰᠠᠯᠠᠯ᠎ᠢ ᠵᠢᠷᠤᠮᠵᠢᠭᠤᠯᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠎ᠡ᠃ ᠡᠯᠧᠺᠲᠷᠣᠨ ᠭᠠᠢᠯᠢ᠎ᠶ᠋ᠢᠨ ᠶᠠᠪᠤᠳᠠᠯ᠎ᠤᠨ ᠱᠢᠰᠲ᠋ᠧᠮ᠎ᠤᠨ ᠠᠵᠢᠯᠯᠠᠭᠠᠨ᠎ᠤ ᠪᠣᠯᠪᠠᠰᠤᠷᠠᠯ᠎ᠢ ᠥᠷᠨᠢᠭᠦᠯᠵᠦ᠍᠂ ᠠᠭᠤᠷᠬᠠᠶ ᠮᠠᠯᠲᠠᠬᠤ ᠡᠷᠬᠡ᠎ᠶ᠋ᠢ ᠬᠡᠷᠡᠭ᠌ᠯᠡᠬᠦ᠌ ᠵᠠᠷᠤᠳᠠᠯ᠎ᠢ ᠨᠠᠷᠢᠯᠢᠭ ᠣᠨᠣᠴᠠᠲᠠᠶ᠎ᠪᠠᠷ ᠲᠠᠲᠠᠪᠤᠷᠢᠯᠠᠨ ᠬᠠᠮᠢᠶᠠᠷᠬᠤ᠎ᠳᠤ ᠮᠡᠷᠭᠡᠵᠢᠯ᠎ᠤᠨ ᠳᠡᠮᠵᠢᠯᠭᠡ ᠬᠠᠩᠭᠠᠵᠤ᠂ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ ᠠᠱᠢᠭ ᠣᠯᠵᠠᠪᠤᠷᠢ᠎ᠶ᠋ᠢᠨ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ᠎ᠲᠠᠢ ᠪᠠᠢᠬᠤ᠎ᠶ᠋ᠢ ᠦᠨᠡᠨᠬᠦ᠌ ᠪᠠᠲᠤᠯᠠᠪᠠ᠃
ᠲᠠᠷᠠᠭᠠᠴᠢ᠎ᠶ᠋ᠢᠨ ᠠᠯᠬᠤᠮ᠎ᠳᠤ᠂ ᠠᠷᠤ ᠬᠤᠷᠴᠢᠨ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠦᠷᠭᠦᠯᠵᠢᠯᠡᠨ ᠭᠠᠵᠠᠷ ᠱᠢᠨᠵᠢᠯᠡᠭᠡ ᠠᠭᠤᠷᠬᠠᠶ᠎ᠶ᠋ᠢᠨ ᠭᠠᠷᠤᠯᠲᠠ᠎ᠶ᠋ᠢᠨ ᠬᠠᠮᠢᠶᠠᠷᠤᠯᠲᠠ᠎ᠶ᠋ᠢᠨ ᠵᠠᠩᠭᠢᠯᠠᠭ᠎ᠠ᠎ᠶ᠋ᠢᠨ ᠭᠤᠭ᠍ᠴᠤᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠱᠢᠯᠢᠳᠡᠭ ᠦᠢᠯᠡᠴᠢᠯᠡᠭᠡ᠎ᠪᠠᠷ ᠠᠭᠤᠷᠬᠠᠶ᠎ᠶ᠋ᠢᠨ ᠦᠢᠯᠡᠰ᠎ᠤᠨ ᠬᠥᠭ᠌ᠵᠢᠯᠲᠡ ᠬᠢᠭᠡᠳ ᠣᠷᠣᠨ ᠪᠦᠰᠡ᠎ᠶ᠋ᠢᠨ ᠠᠵᠤ ᠠᠬᠤᠶ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠪᠥᠬᠦ᠌ ᠬᠤᠱᠢᠭᠤᠨ᠎ᠤ ᠴᠢᠨᠠᠷ ᠰᠠᠢᠲᠠᠶ ᠬᠥᠭ᠌ᠵᠢᠯᠲᠡ᠎ᠳᠤ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠴᠦᠨ ᠴᠢᠳᠠᠯ᠎ᠢᠶᠠᠨ ᠡᠷᠭᠦᠨ᠎ᠡ᠃