ᠤᠯᠠᠭᠠᠨᠴᠠᠪ ᠬᠤᠲᠠ᠎ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠭᠠᠵᠠᠷ ᠱᠢᠷᠣᠶ ᠬᠠᠩᠭᠠᠬᠤ ᠲᠥᠯᠥᠪᠯᠡᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠠᠲᠤᠯᠠᠪᠠ
2025-09-10

  ᠣᠢᠷ᠎ᠠ᠎ᠶ᠋ᠢᠨ ᠵᠢᠯ᠎ᠳᠤ᠂ ᠤᠯᠠᠭᠠᠨᠴᠠᠪ ᠬᠤᠲᠠ᠎ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢᠶᠠᠷ ᠵᠢᠯᠣᠭᠤᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠭᠠᠵᠠᠷ ᠱᠢᠷᠣᠶ ᠬᠠᠩᠭᠠᠬᠤ ᠲᠥᠯᠥᠪᠯᠡᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠲᠥᠯᠥᠪᠯᠡᠭᠡ᠎ᠶ᠋ᠢ ᠬᠥᠲᠥᠯᠦᠨ ᠵᠢᠯᠣᠭᠤᠳᠴᠤ᠌ ᠡᠵᠡᠮᠳᠡᠬᠦ᠌ ᠦᠢᠯᠡᠳᠦᠯ᠎ᠢ ᠳᠣᠪᠤᠢᠯᠭᠠᠨ᠂ ᠭᠠᠵᠠᠷ ᠱᠢᠷᠣᠶ᠎ᠶ᠋ᠢ ᠠᠷᠪᠢᠲᠠᠶ ᠬᠡᠷᠡᠭ᠌ᠯᠡᠬᠦ᠌᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠤᠤᠯᠳᠠᠯᠭ᠎ᠠ᠎ᠲᠠᠢ ᠲᠥᠷᠥᠯ ᠵᠦᠢᠯ᠎ᠢ ᠪᠠᠲᠤᠯᠠᠨ᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ᠍᠂ ᠪᠥᠬᠦ᠌ ᠬᠤᠱᠢᠭᠤᠨ᠎ᠤ ᠴᠢᠨᠠᠷ ᠰᠠᠢᠲᠠᠶ ᠬᠥᠭ᠌ᠵᠢᠯᠲᠡ᠎ᠳᠤ ᠬᠦᠴᠦᠲᠡᠶ ᠲᠤᠯᠭᠠᠭᠤᠷᠢᠯᠠᠯ ᠬᠠᠩᠭᠠᠭ᠍ᠰᠠᠨ ᠪᠠᠢᠨ᠎ᠠ᠃

  ᠬᠠᠳᠠᠭᠠᠯᠠᠯᠲᠠ᠎ᠶᠢᠨ ᠬᠡᠮᠵᠢᠶ᠎ᠡ᠎ᠶᠢ ᠠᠮᠢᠳᠤᠯᠢᠭ᠋ ᠪᠣᠯᠭᠠᠬᠤ᠎ᠶᠢ ᠳᠣᠪᠣᠶ᠋ᠢᠯᠭᠠᠵᠤ᠂ ᠭᠠᠵᠠᠷ ᠬᠡᠷᠡᠭᠯᠡᠬᠦ ᠳᠠᠯᠳᠠ ᠬᠦᠴᠦᠨ᠎ᠢ ᠭᠦᠨ ᠠᠭᠤᠳᠠᠯᠤᠨ᠎ᠠ᠃ ᠭᠠᠵᠠᠷ ᠱᠢᠷᠣᠶ᠎ᠶ᠋ᠢ ᠠᠷᠪᠢᠲᠠᠶ ᠡᠷᠴᠢᠮᠯᠢᠭ ᠬᠡᠷᠡᠭ᠌ᠯᠡᠬᠦ᠌ ᠣᠢᠯᠠᠭᠠᠭ᠍ᠳᠠᠬᠤᠨ᠎ᠢ ᠭᠠᠵᠠᠷ ᠱᠢᠷᠣᠶ ᠬᠠᠩᠭᠠᠬᠤ ᠲᠥᠯᠥᠪᠯᠡᠭᠡ᠎ᠶ᠋ᠢ ᠨᠠᠢᠷᠠᠭᠤᠯᠤᠨ ᠵᠣᠬᠢᠶᠠᠬᠤ ᠪᠥᠬᠦ᠌ ᠶᠠᠪᠤᠴᠠ᠎ᠳᠤ ᠲᠤᠭᠤᠰᠢᠯᠠᠭᠤᠯᠵᠤ᠂ ᠲᠥᠯᠥᠪᠯᠡᠭᠡ᠎ᠶ᠋ᠢᠨ ᠭᠠᠵᠠᠷ ᠱᠢᠷᠣᠶ᠎ᠶ᠋ᠢᠨ ᠬᠠᠩᠭᠠᠯᠭ᠎ᠠ᠎ᠳᠤ ᠦᠵᠡᠭᠦᠯᠬᠦ᠌ ᠬᠥᠲᠥᠯᠦᠨ ᠵᠢᠯᠣᠭᠤᠳᠭᠤ ᠪᠠ ᠳᠣᠭᠢᠷᠠᠭᠤᠯᠤᠨ ᠡᠵᠡᠮᠳᠡᠬᠦ᠌ ᠦᠢᠯᠡᠳᠦᠯ᠎ᠢ ᠪᠠᠳᠠᠷᠠᠭᠤᠯᠤᠨ᠂ ᠤᠯᠤᠰ᠎ᠤᠨ ᠥᠮᠴᠢᠯᠡᠯᠲᠦ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠠᠩᠭᠠᠯᠭ᠎ᠠ᠎ᠶ᠋ᠢᠨ ᠶᠡᠷᠦᠩᠬᠡᠶ ᠬᠡᠮᠵᠢᠶ᠎ᠡ᠂ ᠪᠦᠲᠦᠴᠡ᠂ ᠪᠠᠢᠷᠢᠱᠢᠭᠤᠯᠤᠯᠲᠠ᠂ ᠴᠠᠭ᠎ᠤᠨ ᠳᠠᠷᠠᠭᠠᠯᠠᠯ᠎ᠢ ᠱᠢᠨᠵᠢᠯᠡᠬᠦ᠌ ᠤᠬᠠᠭᠠᠨᠴᠢ᠎ᠪᠠᠷ ᠵᠦᠶ ᠵᠣᠬᠢᠰᠲᠠᠶ ᠳᠣᠭᠢᠷᠠᠭᠤᠯᠵᠤ᠂ ᠡᠯ᠎ᠡ ᠱᠢᠶᠠᠩ ᠪᠠᠯᠭᠠᠰᠤ᠎ᠶ᠋ᠢ ᠬᠥᠲᠥᠯᠦᠨ ᠵᠢᠯᠣᠭᠤᠳᠴᠤ᠌ ᠪᠠᠢᠭᠠᠳ ᠦᠯᠡᠳᠡᠭᠡᠯ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠤᠷᠢᠳᠠᠪᠠᠷ ᠳᠣᠭᠢᠷᠠᠭᠤᠯᠤᠨ᠂ ᠪᠥᠬᠦ᠌ ᠬᠤᠱᠢᠭᠤᠨ᠎ᠤ ᠭᠠᠵᠠᠷ ᠱᠢᠷᠣᠶ᠎ᠶ᠋ᠢ ᠶᠡᠷᠦᠩᠬᠡᠢᠯᠡᠨ ᠠᠱᠢᠭ᠍ᠯᠠᠬᠤ ᠦᠷ᠎ᠡ ᠠᠱᠢᠭ ᠲᠣᠭ᠍ᠲᠠᠭᠤᠨ᠎ᠢᠶᠠᠷ ᠳᠡᠭᠡᠭᠰᠢᠯᠡᠪᠡ᠃

  ᠡᠯᠧᠮᠧᠨ᠋ᠲ᠎ᠤᠨ ᠪᠠᠲᠤᠯᠠᠭ᠎ᠠ᠎ᠶ᠋ᠢ ᠲᠤᠪᠤᠢᠯᠭᠠᠵᠤ᠂ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠲᠥᠪᠯᠡᠷᠡᠭᠦᠯᠦᠨ᠎ᠡ᠃ 《ᠪᠠᠲᠤᠯᠠᠬᠤ ᠶᠣᠰᠣᠲᠠᠶ᠎ᠶ᠋ᠢ᠎ᠨᠢ ᠴᠥᠮ ᠪᠠᠲᠤᠯᠠᠬᠤ》 ᠵᠠᠷᠴᠢᠮ ᠶᠣᠰᠣᠭᠠᠷ ᠲᠥᠯᠥᠪᠯᠡᠭᠡ ᠨᠠᠢᠷᠠᠭᠤᠯᠤᠨ ᠵᠣᠬᠢᠶᠠᠵᠤ᠂ 《ᠭᠠᠵᠠᠷ ᠬᠡᠷᠡᠭ᠌ᠯᠡᠬᠦ᠌᠎ᠶ᠋ᠢ ᠬᠢᠵᠠᠭᠠᠷᠯᠠᠬᠤ ᠲᠥᠷᠥᠯ ᠵᠦᠢᠯ᠎ᠤᠨ ᠭᠠᠷᠴᠠᠭ》 ᠂《ᠭᠠᠵᠠᠷ ᠬᠡᠷᠡᠭ᠌ᠯᠡᠬᠦ᠌᠎ᠶ᠋ᠢ ᠴᠠᠭᠠᠵᠠᠯᠠᠬᠤ ᠲᠥᠷᠥᠯ ᠵᠦᠢᠯ᠎ᠤᠨ ᠭᠠᠷᠴᠠᠭ》 ᠪᠠ ᠤᠯᠤᠰ᠎ᠤᠨ ᠡᠯ᠎ᠡ ᠵᠦᠢᠯ᠎ᠤᠨ ᠠᠵᠤ ᠦᠢᠯᠡᠰ᠎ᠤᠨ ᠲᠥᠷᠥ᠎ᠶ᠋ᠢᠨ ᠪᠣᠳᠣᠯᠭ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠤᠯᠤᠰ᠎ᠤᠨ ᠭᠤᠤᠯᠳᠠᠯᠭ᠎ᠠ᠎ᠲᠠᠢ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠂ ᠴᠢᠬᠤᠯᠠ ᠶᠡᠭᠡ ᠠᠵᠤ ᠦᠢᠯᠡᠰ᠎ᠤᠨ ᠲᠥᠷᠥᠯ ᠵᠦᠢᠯ᠂ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠠ ᠡᠯ᠎ᠡ ᠲᠥᠷᠥᠯ᠎ᠤᠨ ᠰᠠᠭᠤᠷᠢ ᠪᠡᠯᠡᠳᠭᠡᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠭᠠᠵᠠᠷ ᠬᠡᠷᠡᠭ᠌ᠯᠡᠬᠦ᠌ ᠬᠡᠷᠡᠭ᠌ᠴᠡᠭᠡ᠎ᠶ᠋ᠢ ᠤᠷᠢᠳᠠᠪᠠᠷ ᠪᠠᠲᠤᠯᠠᠵᠤ᠂ ᠱᠢᠨ᠎ᠡ ᠨᠢᠭᠡ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠂ ᠳᠡᠭᠡᠳᠦ ᠲᠠᠰ᠎ᠤᠨ ᠲᠣᠨᠤᠭ ᠲᠥᠬᠦᠭᠡᠷᠦᠮᠵᠢ ᠦᠢᠯᠡᠳᠬᠦ᠂ ᠱᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠠᠵᠤ ᠦᠢᠯᠡᠰ᠂ ᠱᠢᠨ᠎ᠡ ᠡᠨᠧᠷᠭᠢ ᠵᠡᠷᠭᠡ ᠲᠡᠷᠢᠭᠦᠨ᠎ᠤ ᠦᠢᠯᠡᠳᠬᠦ᠌ ᠦᠢᠯᠡᠰ᠎ᠤᠨ ᠲᠥᠷᠥᠯ ᠵᠦᠢᠯ᠎ᠤᠨ ᠭᠠᠵᠠᠷ ᠬᠡᠷᠡᠭ᠌ᠯᠡᠬᠦ᠌᠎ᠶ᠋ᠢ ᠳᠡᠮᠵᠢᠨ᠎ᠡ᠃

  ᠬᠤᠳᠠ ᠬᠥᠳᠡᠭᠡ᠎ᠶ᠋ᠢ ᠨᠢᠭᠡᠳᠦᠯᠲᠡᠢ ᠲᠥᠯᠥᠪᠵᠢᠭᠦᠯᠬᠦ᠌᠎ᠶ᠋ᠢ ᠲᠤᠪᠤᠢᠯᠭᠠᠵᠦ᠍᠂ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠎ᠠ᠃ ᠬᠣᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠡᠪᠴᠢᠶ᠎ᠡ᠂ ᠪᠦᠲᠦᠴᠡ ᠪᠣᠯᠤᠨ ᠣᠷᠣᠨ ᠵᠠᠶ᠎ᠶ᠋ᠢᠨ ᠪᠠᠢᠷᠢᠱᠢᠭᠤᠯᠤᠯ᠎ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠣᠲᠠ ᠬᠥᠳᠡᠭᠡ᠎ᠶ᠋ᠢᠨ ᠨᠢᠭᠡᠳᠦᠯᠲᠡᠶ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠵᠠᠬ᠎ᠠ ᠳᠡᠯᠭᠡᠭᠦᠷ᠎ᠢ ᠪᠠᠢᠭᠤᠯᠬᠤ᠎ᠶ᠋ᠢᠨ ᠬᠠᠮᠲᠤ ᠲᠡᠭᠦᠯᠳᠡᠷᠵᠢᠭᠦᠯᠵᠦ᠍᠂ ᠬᠥᠳᠡᠭᠡ ᠲᠣᠰᠭᠣᠨ᠎ᠤ ᠭᠠᠵᠠᠷ ᠣᠷᠣᠨ᠎ᠤ ᠲᠥᠷᠥᠯ ᠵᠦᠢᠯ᠎ᠦᠨ ᠬᠡᠷᠡᠭ᠌ᠯᠡᠬᠦ᠌ ᠭᠠᠵᠠᠷ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠡᠩ ᠲᠡᠷᠢᠭᠦᠨ᠎ᠳᠦ ᠪᠠᠲᠤᠯᠠᠵᠤ᠂ ᠬᠥᠳᠡᠭᠡ ᠲᠣᠰᠭᠣᠨ᠎ᠤ ᠠᠵᠤ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠵᠤ᠂ ᠰᠠᠭᠤᠷᠢ ᠪᠡᠯᠡᠳᠭᠡᠮᠵᠢ᠎ᠶ᠋ᠢᠨ ᠪᠠᠢᠷᠢᠱᠢᠭᠤᠯᠤᠯ᠎ᠢ ᠲᠡᠭᠦᠯᠳᠡᠷᠵᠢᠭᠦᠯᠦᠨ᠂ ᠬᠥᠮᠦᠰ᠎ᠦᠨ ᠣᠷᠣᠱᠢᠨ ᠰᠠᠭᠤᠬᠤ ᠣᠷᠴᠢᠨ ᠲᠣᠭᠣᠷᠢᠨ᠎ᠢ ᠰᠠᠢᠵᠢᠷᠠᠭᠤᠯᠵᠤ᠂ ᠬᠥᠳᠡᠭᠡ ᠲᠣᠰᠭᠣᠨ᠎ᠤ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ᠎ᠢ  ᠬᠦᠭᠵᠢᠭᠡᠨ᠎ᠡ᠃

ᠢᠷᠡᠯᠲᠡ᠄ ᠤᠯᠠᠭᠠᠨᠴᠠᠪ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ