ᠣᠷᠳᠣᠰ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠭᠠᠵᠠᠷ ᠬᠡᠷᠡᠭ᠌ᠯᠡᠬᠦ᠌᠎ᠶ᠋ᠢ ᠬᠢᠨᠠᠨ ᠵᠦᠪᠰᠢᠶᠡᠷᠡᠬᠦ᠎ᠶᠢ ᠠᠬᠢᠭᠤᠯᠬᠤ᠎ᠪᠠᠷ ᠪᠤᠢ
2025-09-10

  ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠬᠦ᠌᠎ᠶ᠋ᠢᠨ ᠲᠥᠯᠥᠭᠡ᠂ ᠡᠨᠡ ᠵᠢᠯ᠎ᠠᠴᠠ ᠨᠠᠭᠠᠰᠢ᠂ ᠣᠷᠳᠣᠰ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠠᠵᠤ ᠠᠬᠤᠢᠯᠠᠯ᠎ᠤᠨ ᠠᠩᠬᠠᠷᠴᠤ᠌ ᠪᠠᠢᠭ᠎ᠠ ᠪᠠ ᠲᠥᠷᠥᠯ ᠵᠦᠢᠯ᠎ᠢ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠨ᠂ ᠱᠢᠨ᠎ᠡ᠎ᠶ᠋ᠢ ᠡᠭᠦᠳᠬᠦ᠌᠎ᠪᠠᠷ ᠪᠣᠭᠤᠮᠢ᠎ᠶ᠋ᠢ ᠡᠪᠳᠡᠵᠦ᠍᠂ ᠭᠠᠵᠠᠷ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ ᠬᠢᠭᠡᠳ ᠦᠢᠯᠡᠴᠢᠯᠡᠭᠡᠨ᠎ᠤ ᠶᠠᠰᠤ ᠴᠢᠨᠠᠷ᠎ᠢ ᠱᠢᠰᠲ᠋ᠧᠮ᠎ᠲᠠᠢ᠎ᠪᠠᠷ ᠳᠡᠭᠡᠭ᠌ᠰᠢᠯᠡᠭᠦᠯᠦᠨ᠂ ᠥᠨᠳᠥᠷ ᠪᠦᠲᠦᠮᠵᠢᠲᠡᠶ᠂ ᠢᠯᠡ ᠲᠣᠳᠣ᠂ ᠳᠥᠭᠦᠮ ᠳᠥᠲᠡ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠵᠠᠭ᠍ᠪᠤᠷ᠎ᠢ ᠪᠣᠶ ᠪᠣᠯᠭᠠᠵᠤ᠂ ᠲᠥᠷᠥᠯ ᠵᠦᠢᠯ᠎ᠢ ᠡᠷᠲᠡᠬᠡᠨ ᠨᠠᠢᠳᠠᠪᠤᠷᠢᠵᠢᠭᠤᠯᠤᠨ ᠠᠱᠢᠭ᠍ᠯᠠᠯᠲᠠ᠎ᠳᠤ ᠣᠷᠣᠭᠤᠯᠬᠤ᠎ᠳᠤ 《ᠲᠦᠷᠭᠡᠨ ᠤᠷᠤᠭ᠍ᠰᠢᠯᠠᠬᠤ ᠳᠠᠷᠤᠪᠴᠢ》 ᠎ᠶ᠋ᠢ ᠳᠠᠷᠤᠨ ᠥᠭ᠌ᠴᠡᠢ᠃

  ᠤᠷᠢᠳᠠᠴᠢ ᠦᠢᠯᠡᠴᠢᠯᠡᠭᠡᠨ᠎ᠦ 《ᠥᠪᠡᠷ᠎ᠦᠨ ᠥᠷᠲᠡᠭ᠎ᠢ ᠬᠠᠰᠤᠨ᠎ᠠ 》᠃ ᠲᠥᠷᠥᠯ ᠵᠦᠢᠯ᠎ᠤᠨ ᠭᠠᠵᠠᠷ ᠰᠣᠩᠭᠤᠬᠤ᠂ ᠭᠠᠵᠠᠷ ᠱᠢᠷᠣᠶ ᠲᠠᠲᠠᠪᠤᠷᠢᠯᠠᠬᠤ᠂ ᠭᠠᠵᠠᠷ ᠬᠡᠷᠡᠭ᠌ᠯᠡᠬᠦ᠌᠎ᠶ᠋ᠢ ᠮᠡᠳᠡᠭᠦᠯᠦᠨ ᠵᠥᠪᠱᠢᠶᠡᠷᠡᠭᠦᠯᠬᠦ᠌ ᠵᠡᠷᠭᠡ ᠭᠤᠭ᠍ᠴᠤᠭ᠎ᠠ᠎ᠳᠤ ᠤᠷᠢᠳᠠᠪᠠᠷ ᠦᠢᠯᠡᠴᠢᠯᠡᠵᠦ᠍᠂ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠬᠦ᠌ ᠦᠵᠡᠯ ᠤᠬᠠᠮᠰᠠᠷ᠎ᠢᠶᠠᠨ ᠳᠡᠭᠡᠭ᠌ᠰᠢᠯᠡᠭᠦᠯᠦᠨ᠂ ᠠᠵᠤ ᠠᠬᠤᠢᠯᠠᠯ᠎ᠢ ᠬᠠᠪᠰᠤᠷᠤᠨ ᠲᠥᠷᠥᠯ ᠵᠦᠢᠯ᠎ᠤᠨ ᠭᠠᠵᠠᠷ ᠰᠣᠩᠭᠤᠨ ᠰᠣᠩᠭᠤᠬᠤ ᠱᠤᠭᠤᠮ᠎ᠢ ᠵᠦᠶ ᠵᠣᠬᠢᠰᠲᠠᠶ ᠲᠣᠭ᠍ᠲᠠᠭᠠᠵᠤ᠂ ᠭᠠᠵᠠᠷ ᠬᠡᠷᠡᠭ᠌ᠯᠡᠬᠦ᠌ ᠲᠥᠯᠥᠪᠵᠢᠭᠦᠯᠭᠡ᠎ᠳᠤ ᠨᠡᠢᠴᠡᠬᠦ᠌ ᠴᠢᠨᠠᠷ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠲᠤ ᠬᠤᠯᠪᠣᠭ᠍ᠳᠠᠬᠤ᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠲᠡᠦᠬᠡ᠎ᠶ᠋ᠢᠨ ᠳᠤᠷᠠᠰᠭᠠᠯᠲᠤ ᠵᠦᠢᠯ᠎ᠤᠨ ᠬᠠᠮᠠᠭᠠᠯᠠᠯᠲᠠ᠎ᠶ᠋ᠢᠨ ᠣᠷᠣᠨ ᠵᠡᠷᠭᠡ ᠪᠠᠢᠳᠠᠯ᠎ᠢ ᠤᠷᠢᠳᠴᠢᠯᠠᠨ ᠬᠢᠨᠠᠨ ᠬᠠᠷᠭᠤᠭᠤᠯᠵᠤ᠂ ᠠᠵᠤ ᠠᠬᠤᠢᠯᠠᠯ᠎ᠤᠨ ᠭᠠᠵᠠᠷ ᠰᠣᠩᠭᠤᠬᠤ 《 ᠪᠤᠷᠤᠭᠤ᠎ᠶᠢ ᠲᠤᠷᠰᠢᠬᠤ ᠥᠪᠡᠷ᠎ᠦᠨ         ᠥᠷᠲᠡᠭ 》᠎ᠢ ᠡᠬᠢ ᠡᠭᠦᠰᠦᠯ᠎ᠡᠴᠡ ᠨᠢ ᠪᠠᠭᠠᠰᠬᠠᠨ᠎ᠠ ᠃ 

  ᠬᠠᠮᠲᠤᠷᠠᠨ ᠠᠵᠢᠯᠯᠠᠵᠤ 《ᠬᠤᠷᠳᠤᠴᠠ᠎ᠶᠢ ᠳᠡᠭᠡᠭᠰᠢᠯᠡᠭᠦᠯᠦᠨ᠎ᠡ》᠃ ᠬᠥᠭ᠌ᠵᠢᠭᠦᠯᠦᠯᠲᠡ ᠥᠭᠡᠷᠡᠴᠢᠯᠡᠯᠲᠡ᠂ ᠲᠡᠤᠬᠡ᠎ᠶ᠋ᠢᠨ ᠳᠤᠷᠠᠰᠭᠠᠯᠲᠤ ᠵᠦᠢᠯᠡᠰ᠂ ᠡᠨᠧᠷᠭᠢ ᠵᠡᠷᠭᠡ ᠰᠠᠯᠠᠭ᠎ᠠ ᠮᠥᠴᠢᠷ᠎ᠯᠦᠭᠡ᠎ᠶ᠋ᠢᠨ ᠨᠡᠪᠲᠡᠷᠡᠯᠴᠡᠭᠡ ᠬᠠᠮᠵᠢᠯᠴᠠᠭ᠎ᠠ᠎ᠪᠠᠨ ᠴᠢᠩᠭᠠᠳᠭᠠᠵᠤ᠂ ᠪᠥᠬᠦ᠌ ᠬᠤᠲᠠ᠎ᠶ᠋ᠢᠨ ᠴᠢᠬᠤᠯᠠ ᠶᠡᠭᠡ ᠲᠥᠷᠥᠯ ᠵᠦᠢᠯ᠎ᠢ ᠬᠡᠷ᠎ᠲᠤᠨᠢ ᠬᠦᠷᠴᠦ᠍ ᠦᠢᠯᠡᠴᠢᠯᠡᠬᠦ᠌ ᠪᠠ ᠲᠥᠪᠯᠡᠷᠡᠭᠦᠯᠦᠨ ᠬᠤᠯᠪᠣᠭᠠᠯᠠᠨ ᠬᠥᠳᠡᠯᠦᠯᠴᠡᠵᠦ᠍ ᠬᠢᠨᠠᠨ ᠵᠥᠪᠱᠢᠶᠡᠷᠡᠬᠦ᠌ ᠠᠵᠢᠯ᠎ᠳᠤ ᠲᠣᠭ᠍ᠲᠠᠮᠠᠯ ᠬᠤᠭᠤᠴᠠᠭ᠎ᠠ᠎ᠲᠠᠢ᠎ᠪᠠᠷ ᠣᠷᠣᠯᠴᠠᠵᠤ᠂ ᠰᠠᠯᠠᠭ᠎ᠠ ᠮᠥᠴᠢᠷ᠎ᠤᠨ ᠬᠤᠭᠤᠷᠣᠨᠳᠣ᠎ᠪᠠᠨ ᠬᠠᠷᠢᠯᠴᠠᠨ ᠲᠠᠨᠢᠯᠴᠠᠭᠤᠯᠤᠨ᠂ ᠲᠤᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠵᠦ᠍᠂ ᠵᠡᠷᠭᠡ᠎ᠪᠠᠷ ᠬᠢᠨᠠᠨ ᠬᠠᠷᠭᠤᠭᠤᠯᠵᠤ᠂ ᠠᠵᠢᠯ᠎ᠤᠨ ᠦᠷ᠎ᠡ ᠪᠦᠲᠦᠮᠵᠢ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠬᠡᠷᠡᠭ᠌ᠲᠡᠶ; ᠣᠶ ᠱᠢᠭᠤᠶ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠲᠠᠢ ᠭᠦᠢᠴᠡᠳ ᠵᠣᠯᠭᠠᠭᠤᠯᠵᠤ᠂ ᠤᠷᠢᠳᠠᠪᠠᠷ ᠬᠢᠨᠠᠨ ᠪᠠᠢᠴᠠᠭᠠᠵᠤ᠂ ᠣᠶ ᠱᠢᠭᠤᠶ ᠨᠤᠲᠤᠭ ᠪᠡᠯᠴᠢᠭᠡᠷ᠎ᠢ ᠡᠵᠡᠯᠡᠨ ᠳᠤᠲᠠᠭᠤ᠎ᠶ᠋ᠢ ᠪᠠᠭ᠍ᠲᠠᠭᠠᠨ ᠭᠥᠯᠢᠶᠡᠨ ᠠᠪᠴᠤ᠌ ᠱᠢᠶ᠋ᠳᠪᠦᠷᠢᠯᠡᠬᠦ᠌᠎ᠶ᠋ᠢ ᠬᠡᠷᠡᠭ᠌ᠵᠢᠭᠦᠯᠦᠨ᠂ ᠴᠠᠭ᠎ᠢ ᠦᠨᠡᠨ ᠬᠦ᠌ ᠠᠷᠪᠢᠯᠠᠬᠤ ᠬᠡᠷᠡᠭ᠌ᠲᠡᠶ᠃

  ᠲᠣᠭ᠎ᠠ ᠪᠠᠷᠢᠮᠲᠠ᠎ᠳᠤ ᠬᠦᠴᠦᠨ ᠨᠡᠮᠡᠷᠢᠯᠡᠵᠦ 《ᠠᠭᠤᠯᠵᠠᠬᠤ ᠦᠭᠡᠢ》᠃ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠬᠢᠨᠠᠨ ᠪᠠᠢᠴᠠᠭᠠᠯᠲᠠ᠎ᠶ᠋ᠢᠨ ᠮᠡᠳᠡᠭᠡ ᠵᠠᠩᠭᠢᠵᠢᠯᠲᠠ᠎ᠶ᠋ᠢᠨ ᠪᠠᠢᠭᠤᠯᠤᠯᠲᠠ᠎ᠶ᠋ᠢ ᠠᠬᠢᠭᠤᠯᠵᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭ᠌ᠯᠡᠯᠲᠡ᠎ᠶ᠋ᠢ ᠵᠠᠬᠢᠷᠤᠨ ᠬᠠᠮᠢᠶᠠᠷᠬᠤ ᠬᠢᠨᠠᠨ ᠬᠠᠮᠢᠶᠠᠷᠬᠤ ᠱᠢᠰᠲ᠋ᠧᠮ》 ᠎ᠳᠤ ᠲᠦᠱᠢᠭ᠌ᠯᠡᠨ᠂ ᠨᠢᠭᠡᠨᠲᠡ ᠪᠠᠢᠭ᠎ᠠ ᠳ᠋ᠠᠢᠲ᠋ᠠ᠎ᠶ᠋ᠢᠨ ᠡᠬᠢ ᠪᠠᠶᠠᠯᠢᠭ᠂ ᠮᠡᠳᠡᠭᠡ ᠵᠠᠩᠭᠢ᠎ᠶ᠋ᠢᠨ ᠱᠢᠰᠲ᠋ᠧᠮ ᠪᠠ ᠰᠦᠯᠵᠢᠶᠡᠨ᠎ᠤ ᠰᠠᠭᠤᠷᠢ᠎ᠶ᠋ᠢ ᠭᠦᠢᠴᠡᠳ ᠠᠱᠢᠭ᠍ᠯᠠᠵᠤ᠂ ᠬᠡᠷᠡᠭ᠌ᠯᠡᠯᠲᠡ᠎ᠶ᠋ᠢ ᠵᠠᠬᠢᠷᠤᠨ ᠬᠠᠮᠢᠶᠠᠷᠬᠤ ᠲᠤᠬᠠᠢᠯᠠᠭ᠍ᠰᠠᠨ ᠠᠵᠢᠯ᠎ᠤᠨ ᠨᠡᠢᠯᠡᠯ᠂ ᠳ᠋ᠠᠢᠲ᠋ᠠ᠎ᠶ᠋ᠢᠨ ᠨᠡᠢᠯᠡᠯ᠂ ᠮᠡᠷᠭᠡᠵᠢᠯ᠎ᠤᠨ ᠠᠭᠤᠰᠤᠯᠴᠠᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ 《ᠥᠪᠡᠷᠲᠡᠭᠡᠨ ᠵᠠᠰᠠᠬᠤ ᠣᠷᠣᠨ — ᠠᠢᠮᠠᠭ ᠬᠤᠲᠠ — ᠬᠤᠱᠢᠭᠤ ᠲᠣᠭᠤᠷᠢᠭ》 ᠭᠤᠷᠪᠠᠨ ᠱᠠᠲᠤᠨ᠎ᠤ ᠲᠤᠬᠠᠢᠯᠠᠭ᠍ᠰᠠᠨ ᠠᠵᠢᠯ᠎ᠤᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠪᠦᠲᠦᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠬᠢᠨᠠᠨ ᠵᠥᠪᠱᠢᠶᠡᠷᠡᠬᠦ᠌ ᠪᠥᠬᠦ᠌ ᠶᠠᠪᠤᠴᠠ᠎ᠶ᠋ᠢ ᠰᠦᠯᠵᠢᠶᠡᠨ ᠳᠡᠭᠡᠷ᠎ᠡ ᠭᠦᠢᠴᠡᠳᠭᠡᠬᠦ᠌᠎ᠶ᠋ᠢ ᠪᠡᠶᠡᠯᠡᠭᠦᠯᠦᠨ᠎ᠡ᠃ ᠡᠭᠦᠨ᠎ᠠᠴᠠ ᠭᠠᠳᠠᠨ᠎ᠠ᠂ ᠳ᠋ᠠᠢᠲ᠋ᠠ᠎ᠶ᠋ᠢ ᠬᠠᠮᠲᠤ᠎ᠪᠠᠷ ᠡᠳ᠋ᠯᠡᠬᠦ᠌ ᠪᠠ ᠲᠤᠬᠠᠢᠯᠠᠭ᠍ᠰᠠᠨ ᠠᠵᠢᠯ᠎ᠤᠨ ᠲᠠᠯ᠎ᠠ᠎ᠪᠠᠷ ᠬᠠᠮᠵᠢᠯᠴᠠᠬᠤ᠎ᠪᠠᠷ ᠳᠠᠮᠵᠢᠭᠤᠯᠤᠨ᠂ ᠲᠥᠷᠥᠯ ᠵᠦᠢᠯ᠎ᠤᠨ ᠨᠢᠭᠡᠴᠢ᠎ᠲᠠᠢ 《ᠠᠭᠤᠯᠵᠠᠬᠤ ᠥᠬᠡᠶ》 ᠎ᠪᠠᠷ ᠬᠢᠨᠠᠨ ᠪᠠᠢᠴᠠᠭᠠᠬᠤ᠎ᠶ᠋ᠢ ᠬᠡᠷᠡᠭ᠌ᠵᠢᠭᠦᠯᠵᠦ᠍᠂ 《 ᠳ᠋ᠠᠢᠲ᠋ᠠ᠎ᠶ᠋ᠢ ᠢᠯᠡᠭᠦᠬᠡᠨ ᠭᠦᠶᠦᠯᠭᠡᠵᠦ᠍᠂ ᠣᠯᠠᠨ ᠲᠦᠮᠡᠨ᠎ᠢ ᠳᠤᠲᠠᠭᠤ ᠭᠦᠶᠦᠯᠭᠡᠬᠦ᠌》 ᠎ᠶ᠋ᠢ ᠦᠨᠡᠨ ᠬᠦ᠌ ᠬᠡᠷᠡᠭ᠌ᠵᠢᠭᠦᠯᠪᠡ᠃

  ᠲᠠᠷᠠᠭᠠᠴᠢ᠎ᠶ᠋ᠢᠨ ᠠᠯᠬᠤᠮ᠎ᠳᠤ᠂ ᠣᠷᠳᠣᠰ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠬᠢᠨᠠᠨ ᠵᠥᠪᠱᠢᠶᠡᠷᠡᠬᠦ᠌ ᠲᠦᠷᠢᠮ᠎ᠤᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ᠎ᠶ᠋ᠢᠨ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠨᠠᠩ ᠰᠠᠨᠠᠭᠠᠴᠢᠯᠠᠭ᠎ᠠ᠎ᠠᠴᠠ᠎ᠪᠠᠨ ᠤᠷᠢᠳᠴᠢᠯᠠᠨ ᠦᠢᠯᠡᠴᠢᠯᠡᠬᠦ᠂ ᠨᠠᠩ ᠤᠷᠤᠭ᠍ᠰᠢᠲᠠᠶ ᠰᠠᠯᠠᠭ᠎ᠠ ᠮᠥᠴᠢᠷ ᠬᠠᠮᠵᠢᠯᠴᠠᠬᠤ᠂ ᠨᠠᠩ ᠣᠶᠤᠨᠴᠢ ᠳ᠋ᠠᠢᠲ᠋ᠠ᠎ᠶᠢ ᠬᠠᠮᠲᠤ᠎ᠪᠠᠷ ᠡᠳ᠋ᠯᠡᠬᠦ᠂ ᠬᠢᠨᠠᠨ ᠵᠥᠪᠱᠢᠶᠡᠷᠡᠬᠦ᠌ ᠭᠤᠭ᠍ᠴᠤᠭ᠎ᠠ᠎ᠪᠠᠷ ᠬᠠᠮᠤᠭ᠎ᠤᠨ ᠴᠥᠭᠡᠨ᠂ ᠠᠵᠢᠯ᠎ᠤᠨ ᠦᠷ᠎ᠡ ᠪᠦᠲᠦᠮᠵᠢ᠎ᠪᠠᠷ ᠬᠠᠮᠤᠭ᠎ᠤᠨ ᠥᠨᠳᠥᠷ᠂ ᠠᠵᠤ ᠠᠬᠤᠢᠯᠠᠯ᠎ᠤᠨ ᠬᠦᠷᠲᠡᠮᠵᠢ᠎ᠶ᠋ᠢᠨ ᠲᠥᠷᠥᠭ᠌ᠳᠡᠯ᠎ᠢᠶᠠᠷ ᠬᠠᠮᠤᠭ᠎ᠤᠨ ᠱᠢᠯᠢᠳᠡᠭ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠪᠥᠬᠦ᠌ ᠬᠦᠴᠦᠨ᠎ᠢᠶᠠᠷ᠎ᠢᠶᠠᠨ ᠪᠣᠶ ᠪᠣᠯᠭᠠᠵᠤ᠂ ᠪᠥᠬᠦ᠌ ᠬᠤᠲᠠ᠎ᠶ᠋ᠢᠨ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ ᠨᠠᠩ ᠬᠦᠴᠦᠲᠡᠶ᠂ ᠨᠠᠩ ᠦᠷᠭᠦᠯᠵᠢᠯᠡᠬᠦ᠌ ᠬᠥᠳᠡᠯᠭᠡᠬᠦ᠌ ᠬᠦᠴᠦᠨ ᠨᠡᠮᠡᠷᠢᠯᠡᠨ᠎ᠡ᠃

ᠢᠷᠡᠯᠲᠡ᠄ ᠤᠷᠳᠤᠰ ᠬᠤᠳᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠤᠪᠴᠢᠶ᠎ᠠ