ᠬᠥᠯᠥᠨ ᠪᠤᠢᠷ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢ ᠬᠢᠨᠠᠨ ᠬᠡᠮᠵᠢᠬᠦ᠌ ᠠᠵᠢᠯ᠎ᠢ ᠯᠠᠪᠳᠠᠭᠤᠨ ᠪᠠᠲᠤᠲᠠᠶ ᠠᠬᠢᠭᠤᠯᠪᠠ
2025-09-08

  ᠡᠨᠡ ᠵᠢᠯ᠎ᠡᠴᠡ ᠨᠠᠭ᠋ᠠᠰᠢ᠂ ᠬᠥᠯᠥᠨ ᠪᠤᠢᠷ ᠬᠣᠲᠠ᠎ᠶᠢᠨ ᠪᠠᠢᠭᠠᠯᠢ᠎ᠶᠢᠨ ᠡᠬᠢ ᠪᠠᠶᠠᠯᠢᠭ᠎ᠤ᠋ᠨ ᠲᠣᠪᠴᠢᠶ᠎ᠠ ᠠᠮᠢ ᠠᠬᠤᠢ᠎ᠶᠢ ᠲᠡᠷᠢᠭᠦᠨ᠎ᠳ᠋ᠦ᠍ ᠲᠠᠯᠪᠢᠬᠤ ᠂ ᠪᠣᠬᠢᠷᠲᠤᠯ ᠥᠬᠡᠢ ᠬᠥᠭ᠌ᠵᠢᠯᠲᠡ᠎ᠶᠢᠨ ᠣᠢᠯᠠᠭᠠᠭ᠍ᠳᠠᠬᠤᠨ᠎ᠢ᠋ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠯᠤᠰ᠎ᠤ᠋ᠨ ᠭᠠᠵᠠᠷ ᠰᠢᠷᠤᠢ᠎ᠶᠢᠨ ᠣᠷᠣᠨ ᠵᠠᠢ᠎ᠶᠢ ᠬᠢᠨᠠᠨ ᠬᠡᠮᠵᠢᠬᠦ᠌ ᠰᠢᠰᠲᠸᠮᠵᠢ᠎ᠶᠢᠨ ᠰᠢᠨ᠎ᠡ᠎ᠶᠢ ᠡᠭᠦᠳᠦᠨ ᠪᠠᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠠᠮᠢ ᠠᠬᠤᠢ᠎ᠶᠢ ᠬᠠᠮᠠᠭᠠᠯᠠᠬᠤ ᠪᠠ ᠡᠬᠢ ᠪᠠᠶᠠᠯᠢᠭ᠎ᠢ᠋ ᠠᠰᠢᠭᠯᠠᠵᠤ᠂ ᠨᠠᠷᠢᠯᠢᠭ ᠣᠨᠣᠪᠴᠢᠲᠠᠢ ᠬᠢᠨᠠᠨ ᠬᠡᠮᠵᠢᠬᠦ᠌᠂ ᠣᠶᠤᠨᠴᠢ ᠬᠢᠨᠠᠨ ᠬᠠᠮᠢᠶᠠᠷᠬᠤ᠂ ᠥᠨᠳᠥᠷ ᠪᠦᠲᠦᠮᠵᠢᠲᠡᠢ ᠠᠱᠢᠭ᠍ᠯᠠᠬᠤ᠎ᠪᠠᠷ ᠳᠠᠮᠵᠢᠭᠤᠯᠤᠨ᠂ ᠪᠦᠬᠦ᠌ ᠬᠣᠲᠠ᠎ᠶᠢᠨ ᠴᠢᠨᠠᠷ ᠰᠠᠢᠲᠠᠢ ᠬᠥᠭ᠌ᠵᠢᠯᠲᠡ᠎ᠳ᠋ᠦ᠍ ᠪᠠᠲᠤ ᠴᠢᠩᠭ᠎ᠠ ᠪᠠᠲᠤᠯᠠᠭ᠎ᠠ ᠬᠠᠩᠭᠠᠭ᠍ᠰᠠᠨ ᠪᠠᠢᠨ᠎ᠠ᠃

  ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠠᠷ ᠡᠨᠧᠷᠭᠢ ᠨᠡᠮᠡᠷᠢᠯᠡᠵᠦ᠂ ᠪᠥᠬᠦ᠌ ᠣᠷᠣᠨ ᠪᠦᠰᠡ᠎ᠶ᠋ᠢᠨ ᠬᠢᠨᠠᠨ ᠬᠡᠮᠵᠢᠯᠲᠡ᠎ᠶ᠋ᠢ ᠪᠠᠢᠭᠤᠯᠬᠤ᠎ᠶ᠋ᠢ ᠠᠬᠢᠭᠤᠯᠪᠠ᠃ 2024 ᠣᠨ᠎ᠤ ᠤᠯᠤᠰ᠎ᠤᠨ ᠭᠠᠵᠠᠷ ᠰᠢᠷᠤᠢ᠎ᠶᠢᠨ ᠬᠤᠪᠢᠷᠠᠯᠲᠠ᠎ᠶ᠋ᠢᠨ ᠪᠠᠢᠴᠠᠭᠠᠯᠲᠠ᠎ᠶ᠋ᠢᠨ ᠦᠷ᠎ᠡ ᠪᠦᠲᠦᠭᠡᠯ᠎ᠢᠶᠠᠷ ᠡᠬᠡ ᠵᠢᠷᠤᠭ ᠪᠣᠯᠭᠠᠵᠤ᠂ ᠴᠤᠭ᠍ᠯᠠᠭᠤᠯᠵᠤ ᠣᠯᠤᠭ᠍ᠰᠠᠨ ᠡᠯ᠎ᠡ ᠲᠥᠷᠥᠯ᠎ᠤᠨ ᠲᠤᠰᠭᠠᠶ ᠰᠡᠳᠦᠪᠲᠦ ᠮᠠᠲ᠋ᠧᠷᠢᠶᠠᠯ᠎ᠢᠶᠠᠷ ᠵᠢᠯᠣᠭᠤᠳᠣᠯᠭ᠎ᠠ ᠪᠣᠯᠭᠠᠵᠤ᠂ ᠬᠠᠮᠤᠭ᠎ᠤᠨ ᠱᠢᠨ᠎ᠡ ᠠᠯᠤᠰ ᠰᠡᠷᠡᠯ᠎ᠤᠨ ᠵᠢᠷᠤᠭ ᠳᠦᠷᠰᠦ᠎ᠶ᠋ᠢᠨ ᠲᠤᠭ᠎ᠠ ᠪᠠᠷᠢᠮᠲᠠ᠎ᠶ᠋ᠢ ᠢᠵᠢ ᠪᠦᠷᠢᠳᠦᠭᠦᠯᠵᠦ᠍᠂ ᠣᠯᠠᠨ ᠵᠦᠢᠯ᠎ᠤᠨ ᠮᠡᠷᠭᠡᠵᠢᠯ᠎ᠤᠨ ᠠᠷᠭ᠎ᠠ᠎ᠶ᠋ᠢ ᠶᠡᠷᠦᠩᠬᠡᠢᠯᠡᠨ ᠠᠱᠢᠭ᠍ᠯᠠᠵᠤ᠂ 2 ᠬᠤᠲᠠ᠎ᠶ᠋ᠢᠨ ᠬᠠᠷᠢᠶ᠎ᠠ ᠲᠤᠭᠤᠷᠢᠭ᠂ 5 ᠱᠢᠶᠠᠨ᠎ᠤ ᠲᠠᠰ᠎ᠤᠨ ᠬᠤᠲᠠ ᠪᠠ 7 ᠬᠤᠱᠢᠭᠤᠨ᠎ᠤ ᠬᠢᠨᠠᠨ ᠬᠡᠮᠵᠢᠯᠲᠡ᠎ᠶ᠋ᠢᠨ ᠬᠡᠪᠴᠢᠶᠡᠨ ᠳᠣᠲᠣᠷᠠᠬᠢ ᠭᠤᠤᠯᠳᠠᠯᠭ᠎ᠠ᠎ᠲᠠᠢ ᠡᠯᠧᠮᠧᠨ᠋ᠲ᠎ᠢ ᠨᠠᠷᠢᠯᠢᠬ᠍ᠵᠢᠭᠤᠯᠤᠨ ᠴᠤᠭ᠍ᠯᠠᠭᠤᠯᠬᠤ ᠪᠠ ᠱᠢᠨᠡᠳᠭᠡᠬᠦ᠌ ᠠᠵᠢᠯ᠎ᠢ ᠪᠡᠶᠡᠯᠡᠭᠦᠯᠪᠡ᠃

  ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠵᠤ᠂ ᠡᠬᠢ ᠪᠠᠶᠠᠯᠢᠭ᠎ᠢ ᠠᠱᠢᠭ᠍ᠯᠠᠬᠤ ᠦᠷ᠎ᠡ ᠪᠦᠲᠦᠮᠵᠢ᠎ᠶ᠋ᠢ  ᠳᠡᠭᠡᠭᠰᠢᠯᠡᠭᠦᠯᠪᠡ᠃ ᠡᠮᠨᠡᠯᠭᠡ᠎ᠶ᠋ᠢᠨ ᠬᠣᠷᠢᠶ᠎ᠠ᠂ ᠰᠤᠷᠭᠠᠭᠤᠯᠢ᠂ ᠴᠡᠴᠡᠷᠯᠢᠭ᠂ ᠵᠦᠯᠭᠡ ᠭᠠᠵᠠᠷ᠂ ᠰᠣᠶᠣᠯ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠪᠡᠯᠡᠳᠭᠡᠮᠵᠢ᠂ ᠵᠠᠮ ᠬᠠᠷᠢᠯᠴᠠᠭᠠᠨ᠎ᠤ ᠪᠡᠯᠡᠳᠭᠡᠮᠵᠢ ᠵᠡᠷᠭᠡ ᠬᠣᠲᠠ᠎ᠶ᠋ᠢᠨ ᠬᠢᠨᠠᠨ ᠬᠡᠮᠵᠢᠬᠦ᠌ ᠬᠦᠴᠦᠨ ᠵᠦᠢᠯ᠎ᠢ ᠬᠠᠮᠤᠷᠤᠭ᠍ᠰᠠᠨ ᠣᠷᠣᠨ ᠵᠠᠶ᠎ᠶ᠋ᠢᠨ ᠲᠣᠭ᠎ᠠ ᠪᠠᠷᠢᠮᠲᠠ᠎ᠶ᠋ᠢᠨ ᠲᠡᠭᠦᠪᠦᠷᠢ᠎ᠶ᠋ᠢ ᠪᠤᠶ ᠪᠣᠯᠭᠠᠨ᠎ᠠ᠃ ᠲᠣᠰ ᠦᠷ᠎ᠡ ᠪᠦᠲᠦᠭᠡᠯ᠎ᠨᠢ ᠲᠣᠰ ᠭᠠᠵᠠᠷ ᠣᠷᠣᠨ᠎ᠤ ᠠᠮᠢᠳᠤᠷᠠᠯ᠎ᠤᠨ ᠲᠥᠬᠦᠭᠡᠷᠦᠮᠵᠢ᠂ ᠣᠷᠴᠢᠨ ᠲᠣᠭᠤᠷᠢᠨ᠎ᠤ ᠶᠠᠰᠤ ᠴᠢᠨᠠᠷ ᠵᠡᠷᠭᠡ ᠲᠠᠯ᠎ᠠ᠎ᠶ᠋ᠢᠨ ᠳᠠᠪᠠᠭᠤᠯᠢᠭ ᠪᠠ ᠬᠦᠷᠦᠯᠴᠡᠬᠦ᠌ ᠥᠬᠡᠶ ᠲᠠᠯ᠎ᠠ᠎ᠶ᠋ᠢ ᠲᠤᠰᠭᠠᠵᠤ᠂ ᠬᠤᠢᠱᠢᠳᠠ᠎ᠶ᠋ᠢᠨ ᠬᠤᠲᠠ᠎ᠶ᠋ᠢᠨ ᠲᠥᠯᠥᠪᠵᠢᠭᠦᠯᠭᠡ ᠪᠠ ᠬᠠᠮᠢᠶᠠᠷᠤᠯᠲᠠ᠎ᠶ᠋ᠢᠨ ᠠᠵᠢᠯ᠎ᠳᠤ ᠯᠠᠪᠳᠠᠭᠤᠨ ᠪᠠᠲᠤᠲᠠᠶ ᠲᠤᠭ᠎ᠠ ᠪᠠᠷᠢᠮᠲᠠ᠎ᠶ᠋ᠢᠨ ᠲᠤᠯᠭᠠᠭᠤᠷᠢᠯᠠᠯ ᠪᠠ ᠱᠢᠢᠳᠪᠦᠷᠢᠲᠦ ᠪᠣᠳᠣᠯᠭ᠎ᠠ᠎ᠶ᠋ᠢᠨ ᠦᠨᠳᠦᠰᠦᠯᠡᠯ  ᠬᠠᠩᠭ᠋ᠠᠪᠠ᠃

  ᠦᠷ᠎ᠡ ᠪᠦᠲᠦᠭᠡᠯ᠎ᠢ ᠬᠤᠪᠢᠷᠠᠭᠤᠯᠵᠤ᠂ ᠠᠮᠢ ᠠᠬᠤᠢ᠎ᠶ᠋ᠢᠨ ᠠᠵᠤ ᠠᠬᠤᠢ᠎ᠶ᠋ᠢᠨ ᠬᠤᠣᠰ ᠠᠮᠵᠢᠯᠲᠠ᠎ᠶ᠋ᠢ ᠠᠬᠢᠭᠤᠯᠪᠠ᠃ ᠬᠢᠨᠠᠨ ᠬᠡᠮᠵᠢᠯᠲᠡ᠎ᠶ᠋ᠢᠨ ᠦᠷ᠎ᠡ ᠪᠦᠲᠦᠭᠡᠯ᠎ᠤᠨ ᠬᠡᠷᠡᠭ᠌ᠯᠡᠯᠲᠡ᠎ᠶ᠋ᠢ ᠭᠦᠨᠵᠡᠭᠡᠶ ᠠᠬᠢᠭᠤᠯᠵᠤ᠂ ᠤᠯᠤᠰ᠎ᠤᠨ ᠭᠠᠵᠠᠷ ᠱᠢᠷᠣᠶ᠎ᠶ᠋ᠢᠨ ᠬᠤᠪᠢᠷᠠᠯᠲᠠ᠎ᠶ᠋ᠢᠨ ᠪᠠᠢᠴᠠᠭᠠᠯᠲᠠ᠎ᠶ᠋ᠢᠨ ᠡᠳᠦᠷ ᠲᠤᠲᠤᠮ᠎ᠤᠨ ᠬᠤᠪᠢᠷᠠᠭᠤᠯᠤᠯᠲᠠ᠂ ᠲᠠᠷᠢᠶᠠᠨ ᠭᠠᠵᠠᠷ᠎ᠢ ᠬᠠᠮᠠᠭᠠᠯᠠᠬᠤ᠂ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠪᠠ ᠬᠡᠷᠡᠭ᠌ᠵᠢᠭᠦᠯᠬᠦ᠌᠎ᠳᠤ ᠬᠢᠨᠠᠯᠲᠠ ᠲᠠᠯᠪᠢᠬᠤ᠂ ᠬᠤᠲᠠ᠎ᠶ᠋ᠢᠨ ᠪᠡᠶ᠎ᠡ᠎ᠶ᠋ᠢᠨ ᠪᠠᠢᠴᠠᠭᠠᠯᠲᠠ᠎ᠶ᠋ᠢ ᠦᠨᠡᠯᠡᠨ ᠵᠢᠱ᠌ᠢᠬᠦ᠌ ᠵᠡᠷᠭᠡ ᠵᠠᠯᠭᠠᠮᠵᠢ ᠠᠵᠢᠯ᠎ᠳᠤ ᠪᠥᠬᠦ᠌ ᠲᠠᠯ᠎ᠠ᠎ᠪᠠᠷ ᠦᠢᠯᠡᠴᠢᠯᠡᠵᠦ᠍᠂ ᠨᠠᠷᠢᠯᠢᠭ ᠣᠨᠣᠴᠠᠲᠠᠶ ᠠᠮᠢ ᠠᠬᠤᠶ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠲᠤᠭ᠎ᠠ ᠪᠠᠷᠢᠮᠲᠠ᠎ᠪᠠᠷ ᠳᠠᠮᠵᠢᠭᠤᠯᠤᠨ᠂ ᠬᠢᠨᠠᠨ ᠬᠡᠮᠵᠢᠯᠲᠡ᠎ᠶ᠋ᠢᠨ ᠦᠷ᠎ᠡ ᠪᠦᠲᠦᠭᠡᠯ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠠᠵᠢᠯ᠎ᠳᠠᠬᠢ ᠲᠤᠯᠭᠠᠭᠤᠷᠢᠯᠠᠵᠤ ᠪᠠᠲᠤᠯᠠᠬᠤ ᠦᠢᠯᠡᠳᠦᠯ᠎ᠢ ᠦᠨᠡᠨ ᠬᠦ᠌ ᠪᠠᠳᠠᠷᠠᠭᠤᠯᠵᠤ᠂ ᠠᠮᠢ ᠠᠬᠤᠶ᠎ᠶ᠋ᠢᠨ ᠬᠠᠮᠠᠭᠠᠯᠠᠯᠲᠠ ᠬᠢᠭᠡᠳ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠰᠠᠢᠨ ᠣᠷᠴᠢᠯ᠎ᠢ ᠠᠬᠢᠭᠤᠯᠤᠭᠰᠠᠨ ᠪᠠᠢ᠌ᠨ᠎ᠠ᠃

ᠢᠷᠡᠯᠲᠡ᠄ ᠬᠥᠯᠥᠨ ᠪᠤᠢᠷ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ