ᠦᠬᠠᠶ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ 《ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ + N》᠎ᠢ ᠭᠦᠨᠵᠡᠭᠡᠢᠷᠡᠭᠦᠯᠵᠦ᠍ ᠦᠢᠯᠡᠴᠢᠯᠡᠭᠡ᠎ᠶ᠋ᠢ ᠤᠷᠲᠤᠳᠭᠠᠨ ᠣᠯᠠᠨ ᠲᠦᠮᠡᠨ᠎ᠤ ᠠᠵᠢᠯ ᠶᠠᠪᠤᠳᠠᠯ ᠬᠦᠢᠴᠡᠳᠭᠡᠬᠦ᠌᠎ᠳᠤ ᠨᠠᠩ ᠰᠠᠨᠠᠭ᠎ᠠ ᠠᠮᠤᠷ ᠪᠣᠯᠭ᠋ᠠᠪᠠ
2025-09-16

  ᠣᠢᠷ᠎ᠠ᠎ᠶ᠋ᠢᠨ ᠵᠢᠯ᠎ᠳᠤ᠂ ᠦᠬᠠᠶ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ᠎ᠶ᠋ᠢᠨ ᠲᠥᠪ᠎ᠨᠢ 《ᠢᠨᠲ᠋ᠧᠷ ᠰᠦᠯᠵᠢᠶ᠎ᠡ + ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ》 ᠎ᠪᠠᠷ ᠭᠠᠷᠳᠠᠴᠠ ᠪᠣᠯᠭᠠᠵᠤ᠂ 《ᠮᠥᠩᠭᠦᠨ ᠭᠦᠢᠯᠭᠡᠭᠡ᠂ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠌᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠂ ᠠᠯᠪᠠᠨ ᠭᠡᠷᠡᠴᠢᠯᠡᠭᠡ᠂ ᠬᠠᠤᠯᠢ ᠴᠠᠭᠠᠵᠠ》 ᠵᠡᠷᠭᠡ ᠲᠠᠪᠤᠨ ᠶᠡᠭᠡ ᠴᠢᠭ᠌ᠯᠡᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠬᠤ᠂  ᠳ᠋ᠡᠢ᠌ᠲ᠋ᠠ᠎ᠶ᠋ᠢ ᠬᠠᠮᠲᠤ᠎ᠪᠠᠷ ᠭᠥᠷᠳᠡᠬᠦ᠂ ᠴᠤᠪᠤᠷᠠᠯ᠎ᠢ ᠳᠠᠬᠢᠨ ᠪᠠᠢᠭᠤᠯᠬᠤ᠎ᠪᠠᠷ ᠭᠤᠤᠯ ᠠᠷᠭ᠎ᠠ ᠵᠠᠮ ᠪᠣᠯᠭᠠᠵᠤ᠂ 《ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ + N》 ᠎ᠠᠴᠠ ᠤᠷᠳᠤᠳᠬᠠᠨ 《 ᠭᠦᠢᠴᠡᠳᠬᠡᠵᠦ ᠳᠡᠶ᠋ᠢᠯᠬᠦ 》᠎ᠡᠴᠡ 《 ᠭᠦᠢ᠍ᠴᠡᠳᠭᠡᠬᠦ ᠎ᠳᠦ ᠬᠢᠯᠪᠠᠷ 》 ᠪᠣᠯᠭᠠᠨ ᠳᠡᠰ ᠳᠡᠪᠰᠢᠭᠦᠯᠵᠦ ᠂  ᠡᠭᠦᠨ᠎ᠦ ᠬᠠᠮᠲᠤ ᠢᠯᠡᠳᠲᠡ ᠦᠷ᠎ᠡ ᠪᠦᠲᠦᠮᠵᠢ ᠤᠯᠪᠠ᠃

  ᠮᠥᠩᠭᠦᠨ ᠭᠦᠢᠯᠭᠡᠭᠡᠨ᠎ᠤ ᠪᠠᠢᠭᠤᠯᠤᠮᠵᠢ᠎ᠲᠠᠢ ᠬᠤᠯᠪᠣᠭᠠᠯᠠᠨ ᠬᠥᠳᠡᠯᠦᠯᠴᠡᠵᠦ᠍᠂ ᠪᠦᠬᠦ᠌ ᠶᠠᠪᠤᠴᠠ᠎ᠶ᠋ᠢ ᠰᠦᠯᠵᠢᠶ᠎ᠡ᠎ᠪᠠᠷ ᠭᠦᠢᠴᠡᠳᠭᠡᠬᠦ᠌᠎ᠶ᠋ᠢ ᠪᠡᠶᠡᠯᠡᠭᠦᠯᠪᠡ᠃ ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ᠎ᠶ᠋ᠢᠨ ᠱᠢᠰᠲ᠋ᠧᠮ ᠬᠢᠭᠡᠳ ᠪᠠᠩᠬᠢ᠎ᠶ᠋ᠢᠨ ᠢᠲᠡᠭᠡᠮᠵᠢᠲᠦ ᠵᠢᠭᠡᠯᠡᠯᠭᠡ᠎ᠶ᠋ᠢᠨ ᠱᠢᠰᠲ᠋ᠧᠮ᠎ᠤᠨ ᠳ᠋ᠡᠢ᠌ᠲ᠋ᠠ᠎ᠶ᠋ᠢᠨ ᠬᠡᠯᠬᠢᠶᠡᠨ᠎ᠤ ᠵᠠᠮ᠎ᠢ ᠨᠡᠪᠲᠡᠷᠡᠭᠦᠯᠵᠦ᠍᠂ ᠪᠠᠷᠢᠴᠠᠭᠠᠯᠠᠨ ᠳᠠᠩᠰᠠᠯᠠᠬᠤ᠂ ᠳᠡᠩᠰᠡᠯᠡᠯᠲᠡ᠎ᠶ᠋ᠢ ᠬᠦᠴᠦᠨ ᠥᠬᠡᠶ ᠪᠣᠯᠭᠠᠬᠤ 《ᠪᠥᠬᠦ᠌ ᠶᠠᠪᠤᠴᠠ᠎ᠶ᠋ᠢ ᠰᠦᠯᠵᠢᠶᠡᠨ ᠳᠡᠭᠡᠷ᠎ᠡ ᠭᠦᠢᠴᠡᠳᠭᠡᠬᠦ᠌》 ᠎ᠶ᠋ᠢ ᠬᠡᠷᠡᠭ᠌ᠵᠢᠭᠦᠯᠵᠦ᠍᠂ ᠣᠯᠠᠨ ᠲᠦᠮᠡᠨ ᠵᠥᠪᠬᠡᠨ ᠪᠠᠩᠬᠢ᠎ᠳᠤ ᠬᠦᠷᠴᠦ᠍ 1 ᠤᠳᠠᠭ᠎ᠠ ᠮᠠᠲ᠋ᠧᠷᠢᠶᠠᠯ ᠲᠤᠱᠢᠶᠠᠬᠤ ᠴᠢᠬᠤᠯᠠᠲᠠᠶ᠂ ᠲᠤᠬᠠᠢᠯᠠᠪᠠᠯ ᠵᠢᠭᠡᠯᠡᠯᠭᠡ ᠭᠤᠶᠤᠴᠢᠯᠠᠬᠤ᠎ᠠᠴᠠ ᠳᠡᠩᠰᠡᠯᠡᠨ ᠳᠠᠭᠤᠰᠭᠠᠬᠤ ᠬᠦᠷᠲᠡᠯᠡᠬᠢ ᠪᠥᠬᠦ᠌ ᠶᠠᠪᠤᠴᠠ᠎ᠶ᠋ᠢ ᠪᠡᠶᠡᠯᠡᠭᠦᠯᠵᠦ᠍᠂ ᠳᠠᠩᠰᠠᠯᠠᠬᠤ ᠴᠠᠭ᠎ᠢ 3 ᠠᠵᠢᠯᠯᠠᠬᠤ ᠡᠳᠦᠷ᠎ᠠᠴᠠ 0.5 ᠠᠵᠢᠯᠯᠠᠬᠤ ᠡᠳᠦᠷ ᠪᠣᠯᠭᠠᠨ ᠪᠠᠭ᠋ᠠᠰᠬᠠᠭᠰᠠᠨ ᠪᠠᠢ᠌ᠨ᠎ᠠ᠃

  《 ᠨᠡᠢᠲᠡ᠎ᠶ᠋ᠢᠨ ᠬᠤᠷᠠᠮᠳᠤᠭᠤᠯᠭ᠎ᠠ + ᠣᠷᠣᠨ ᠰᠠᠭᠤᠴᠠ ᠪᠠ ᠪᠦᠲᠦᠭᠡᠨ ᠪᠠᠢᠭᠤᠯᠤᠯᠲᠠ 》᠎ᠶᠢ ᠬᠠᠮᠲᠤᠷᠠᠨ ᠡᠷᠭᠢᠯᠡᠵᠦ᠂ ᠦᠢᠯᠡᠴᠢᠯᠡᠭᠡᠨ᠎ᠦ ᠬᠡᠯᠬᠢᠶ᠎ᠡ᠎ᠶᠢ ᠰᠢᠯᠢᠳᠡᠭᠵᠢᠭᠦᠯᠦᠨ᠎ᠡ᠃ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠦ᠎ᠶ᠋ᠢᠨ ᠵᠢᠭᠡᠯᠡᠯᠭᠡ ᠬᠢᠭᠡᠳ ᠥᠯᠥ᠍ ᠬᠥᠳᠡᠯᠬᠦ᠌ ᠬᠥᠷᠥᠩᠭᠡ᠎ᠶ᠋ᠢ ᠪᠠᠷᠢᠴᠠᠭᠠᠯᠠᠨ ᠳᠠᠩᠰᠠᠯᠠᠬᠤ 《ᠨᠢᠭᠡ ᠥᠷᠲᠡᠭᠡᠨ᠎ᠤ ᠮᠠᠶᠢᠭ》 ᠎ᠢᠶᠠᠷ ᠬᠠᠮᠲᠤᠷᠠᠨ ᠭᠦᠢᠴᠡᠳᠭᠡᠬᠦ᠌᠎ᠶ᠋ᠢ ᠪᠡᠶᠡᠯᠡᠭᠦᠯᠵᠦ᠍᠂ ᠪᠠᠷᠢᠴᠠᠭᠠᠯᠠᠬᠤ ᠳᠡᠩᠰᠡᠯᠡᠯᠲᠡ᠎ᠶ᠋ᠢᠨ ᠠᠵᠢᠯ ᠶᠠᠪᠤᠳᠠᠯ ᠭᠦᠢᠴᠡᠳᠭᠡᠬᠦ᠌ ᠭᠤᠭ᠍ᠴᠤᠭ᠎ᠠ᠎ᠶ᠋ᠢ 5 ᠎ᠠᠴᠠ 3 ᠪᠣᠯᠭᠠᠨ ᠪᠠᠭᠠᠰᠭᠠᠵᠤ᠂ ᠠᠵᠢᠯ ᠶᠠᠪᠤᠳᠠᠯ ᠭᠦᠢᠴᠡᠳᠭᠡᠬᠦ᠌ ᠴᠤᠪᠤᠷᠠᠯ᠎ᠢ ᠪᠦᠲᠦᠮᠵᠢᠲᠡᠶ ᠳᠥᠭᠦᠮᠴᠢᠯᠡᠵᠦ᠍᠂ ᠣᠯᠠᠨ ᠲᠦᠮᠡᠨ᠎ᠤ ᠳᠠᠷᠤᠭᠠᠰᠤ᠎ᠶ᠋ᠢ ᠬᠥᠩᠭᠡᠷᠡᠭᠦᠯᠦᠨ᠎ᠡ; ᠭᠠᠷ ᠳᠠᠮᠵᠢᠭ᠍ᠰᠠᠨ ᠣᠷᠣᠨ ᠰᠠᠭᠤᠴᠠ᠎ᠶ᠋ᠢᠨ ᠰᠦᠯᠵᠢᠶᠡᠨ ᠳᠡᠭᠡᠷ᠎ᠡ ᠭᠠᠷ᠎ᠤᠨ ᠦᠰᠦᠭ ᠵᠢᠷᠤᠵᠤ ᠳᠠᠩᠰᠠᠯᠠᠭᠤᠯᠬᠤ ᠪᠠ ᠱᠢᠯᠵᠢᠭᠦᠯᠦᠨ ᠲᠡᠮᠳᠡᠭ᠌ᠯᠡᠭ᠌ᠰᠡᠨ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠬᠠᠮᠲᠤᠪᠠᠷ ᠡᠳ᠋ᠯᠡᠬᠦ᠌᠎ᠶ᠋ᠢ ᠠᠬᠢᠭᠤᠯᠵᠤ᠂ 8 ᠳ᠋ᠤᠭ᠋ᠠᠷ ᠰᠠᠷ᠎ᠠ᠎ᠶ᠋ᠢᠨ 1 ᠎ᠤ ᠡᠳᠦᠷ᠎ᠠᠴᠠ ᠡᠬᠢᠯᠡᠨ ᠭᠡᠷ ᠪᠠᠢᠱᠢᠩ᠎ᠤᠨ 《ᠤᠷᠢᠳᠠᠪᠠᠷ ᠰᠦᠯᠵᠢᠶᠡᠨ ᠳᠡᠭᠡᠷ᠎ᠡ ᠭᠠᠷ᠎ᠤᠨ ᠦᠰᠦᠭ ᠵᠢᠷᠤᠵᠤ ᠳᠠᠬᠢᠨ ᠲᠡᠮᠳᠡᠭ᠌ᠯᠡᠬᠦ᠌》 ᠠᠷᠠᠯᠵᠢᠶᠠᠨ᠎ᠤ ᠲᠣᠭ᠍ᠲᠠᠴᠠ᠎ᠶ᠋ᠢ ᠪᠦᠬᠦ᠌ ᠲᠠᠯ᠎ᠠ᠎ᠪᠠᠷ ᠡᠬᠢᠯᠡᠭᠦᠯᠵᠦ᠍᠂ ᠭᠡᠷ ᠪᠠᠢᠱᠢᠩ᠎ᠤᠨ ᠠᠷᠠᠯᠵᠢᠶᠠᠨ᠎ᠤ ᠳᠠᠩᠰᠠᠯᠠᠨ ᠲᠡᠮᠳᠡᠭ᠌ᠯᠡᠬᠦ᠌ ᠦᠷ᠎ᠡ ᠪᠦᠲᠦᠮᠵᠢ ᠪᠠ ᠠᠮᠤᠷ ᠲᠦᠪᠱᠢᠨ ᠴᠢᠨᠠᠷ᠎ᠢ ᠦᠨᠡᠨ ᠬᠦ᠌ ᠳᠡᠭᠡᠭ᠌ᠰᠢᠯᠡᠭᠦᠯᠵᠦ᠍᠂ 《ᠨᠢᠭᠡ ᠭᠡᠷ᠎ᠢ ᠬᠤᠶᠠᠷ ᠬᠤᠳᠠᠯᠳᠤᠬᠤ》 ᠲᠦᠭ᠌ᠰᠢᠭᠦᠷᠢ᠎ᠠᠴᠠ ᠵᠠᠢᠯᠠᠰᠭᠢᠵᠦ᠍᠂ ᠰᠠᠭᠤᠭᠠᠯᠢ ᠠᠷᠠᠳ᠎ᠤᠨ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠪᠦᠲᠦᠮᠵᠢᠲᠡᠶ ᠪᠠᠲᠤᠯᠠᠪᠠ᠃

  ᠠᠯᠪᠠᠨ ᠭᠡᠷᠡᠴᠢᠯᠡᠭᠡ᠎ᠶ᠋ᠢᠨ ᠪᠠᠢᠭᠤᠯᠤᠮᠵᠢ᠎ᠶ᠋ᠢ ᠵᠣᠯᠭᠠᠭᠤᠯᠵᠤ᠂ ᠨᠢᠭᠡ ᠥᠷᠲᠡᠭᠡ ᠮᠠᠶᠢᠭ᠎ᠤᠨ ᠦᠢᠯᠡᠴᠢᠯᠡᠭᠡ᠎ᠶ᠋ᠢ ᠭᠠᠷᠭᠠᠨ᠎ᠠ᠃ 《ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ + ᠠᠯᠪᠠᠨ ᠭᠡᠷᠡᠴᠢᠯᠡᠭᠡ》 ᠎ᠶ᠋ᠢᠨ ᠨᠢᠭᠡ ᠯᠡ ᠥᠷᠲᠡᠭᠡᠨ᠎ᠤ ᠮᠠᠶᠢᠭ᠎ᠤᠨ ᠦᠢᠯᠡᠴᠢᠯᠡᠭᠡ᠎ᠶ᠋ᠢ ᠱᠢᠨ᠎ᠡ᠎ᠪᠠᠷ ᠡᠭᠦᠳᠦᠨ ᠭᠠᠷᠭᠠᠵᠤ᠂ ᠣᠯᠠᠨ ᠲᠦᠮᠡᠨ ᠥᠯᠥ᠍ ᠬᠥᠳᠡᠯᠬᠦ᠌ ᠬᠥᠷᠥᠩᠭᠡ᠎ᠳᠤ ᠬᠤᠯᠪᠣᠭ᠍ᠳᠠᠬᠤ ᠵᠠᠯᠭᠠᠮᠵᠢᠯᠠᠬᠤ᠂ ᠪᠡᠯᠡᠭ᠌ᠯᠡᠬᠦ᠌ ᠵᠡᠷᠭᠡ ᠠᠯᠪᠠᠨ ᠭᠡᠷᠡᠴᠢᠯᠡᠭᠡ᠎ᠶ᠋ᠢᠨ ᠵᠦᠢᠯᠡᠰ᠎ᠢ ᠭᠦᠢᠴᠡᠳᠭᠡᠬᠦ᠌᠎ᠳᠤ᠂ ᠠᠯᠪᠠᠨ ᠭᠡᠷᠡᠴᠢᠯᠡᠭᠡ᠎ᠶ᠋ᠢᠨ ᠪᠠᠢᠭᠤᠯᠤᠮᠵᠢ᠎ᠶ᠋ᠢᠨ ᠬᠠᠮᠲᠤᠷᠠᠨ ᠭᠦᠢᠴᠡᠳᠭᠡᠬᠦ᠌ ᠴᠣᠩᠬᠤᠪᠴᠢ᠎ᠳᠤ ᠥᠯᠥ᠍ ᠬᠥᠳᠡᠯᠬᠦ᠌ ᠬᠥᠷᠥᠩᠭᠡ᠎ᠶ᠋ᠢᠨ ᠮᠡᠳᠡᠭᠡ ᠵᠠᠩᠭᠢ᠎ᠶ᠋ᠢ ᠪᠠᠢᠴᠠᠭᠠᠨ ᠯᠠᠪᠯᠠᠬᠤ ᠲᠤᠬᠠᠢᠯᠠᠭ᠍ᠰᠠᠨ ᠠᠵᠢᠯ᠎ᠢ ᠵᠡᠷᠭᠡᠪᠡᠷ ᠭᠤᠶᠤᠴᠢᠯᠠᠵᠤ ᠪᠣᠯᠤᠨ᠎ᠠ᠂ ᠵᠥᠪᠬᠡᠨ ᠨᠢᠭᠡ ᠢᠵᠢ ᠮᠠᠲ᠋ᠧᠷᠢᠶᠠᠯ ᠲᠤᠱᠢᠶᠠᠵᠤ᠂ ᠨᠢᠭᠡ ᠯᠡ ᠤᠳᠠᠭ᠎ᠠ ᠴᠣᠩᠬᠤᠪᠴᠢ᠎ᠪᠠᠷ ᠭᠦᠶᠦᠪᠡᠯ ᠳᠠᠷᠤᠢ ᠠᠯᠪᠠᠨ ᠭᠡᠷᠡᠴᠢᠯᠡᠭᠡ ᠪᠠ ᠳᠡᠩᠰᠡᠯᠡᠨ ᠲᠡᠮᠳᠡᠭ᠌ᠯᠡᠬᠦ᠌ ᠲᠤᠬᠠᠢᠯᠠᠭ᠍ᠰᠠᠨ ᠠᠵᠢᠯ᠎ᠢ ᠭᠦᠢᠴᠡᠳᠭᠡᠵᠦ᠍᠂ 《ᠣᠯᠠᠨ  ᠵᠦᠭ᠎ᠲᠦ ᠭᠦᠶᠦᠬᠦ᠂ ᠳᠠᠬᠢᠨ ᠳᠠᠪᠲᠠᠨ ᠭᠦᠶᠦᠬᠦ᠌》 ᠠᠰᠠᠭᠤᠳᠠᠯ᠎ᠢ ᠪᠦᠲᠦᠮᠵᠢᠲᠡᠶ ᠱᠢᠢᠳᠪᠦᠷᠢᠯᠡᠵᠦ᠍᠂ ᠭᠤᠭ᠍ᠴᠤᠭ᠎ᠠ᠎ᠶ᠋ᠢ ᠪᠠᠭᠠᠰᠭᠠᠬᠤ᠂ ᠮᠠᠲ᠋ᠧᠷᠢᠶᠠᠯ᠎ᠢ ᠪᠠᠭᠠᠰᠭᠠᠬᠤ᠂ ᠴᠠᠭ᠎ᠤᠨ ᠬᠢᠵᠠᠭᠠᠷ᠎ᠢ ᠪᠠᠭᠠᠰᠭᠠᠬᠤ᠎ᠶ᠋ᠢ ᠦᠨᠡᠨ ᠬᠦ᠌ ᠪᠡᠶᠡᠯᠡᠭᠦᠯᠵᠦ᠍᠂ ᠠᠵᠢᠯ᠎ᠤᠨ ᠦᠷ᠎ᠡ ᠪᠦᠲᠦᠮᠵᠢ ᠪᠠ ᠣᠯᠠᠨ ᠲᠦᠮᠡᠨ᠎ᠤ ᠬᠠᠨᠤᠮᠵᠢ᠎ᠶ᠋ᠢᠨ ᠬᠡᠮᠵᠢᠶ᠎ᠡ᠎ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃

  ᠬᠠᠤᠯᠢ ᠴᠠᠭᠠᠵᠠ᠎ᠶ᠋ᠢᠨ ᠬᠠᠮᠵᠢᠯᠴᠠᠭ᠎ᠠ᠎ᠶ᠋ᠢ ᠠᠭᠤᠰᠤᠯᠴᠠᠭᠤᠯᠵᠤ᠂ ᠬᠠᠤᠯᠢ ᠴᠠᠭᠠᠵᠠ᠎ᠶ᠋ᠢᠨ ᠭᠦᠢ᠍ᠴᠡᠳᠭᠡᠬᠦ ᠦᠷ᠎ᠡ ᠠᠱᠢᠭ᠎ᠢ ᠳᠡᠭᠡᠭ᠌ᠱᠢᠯᠡᠭᠦᠯᠦᠨ᠎ᠡ᠃ ᠬᠤᠲᠠ᠎ᠶ᠋ᠢᠨ ᠠᠷᠠᠳ᠎ᠤᠨ ᠱᠢᠭᠦᠬᠦ᠌ ᠬᠤᠷᠢᠶ᠎ᠠ᠎ᠲᠠᠢ 《ᠥᠯᠥ᠍ ᠬᠥᠳᠡᠯᠬᠦ᠌ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠬᠦ᠌ ᠮᠡᠳᠡᠭᠡ ᠵᠠᠩᠭᠢ᠎ᠶ᠋ᠢᠨ ᠬᠠᠮᠢᠶᠠᠷᠤᠯᠲᠠ᠎ᠶ᠋ᠢᠨ ᠱᠢᠰᠲ᠋ᠧᠮ᠎ᠤᠨ ᠬᠡᠷᠡᠭ᠌ᠯᠡᠬᠦ᠌ ᠵᠥᠪᠱᠢᠶᠡᠷᠡᠯ ᠪᠠ ᠨᠢᠭᠤᠴᠠ᠎ᠶ᠋ᠢ ᠬᠠᠮᠠᠭᠠᠯᠠᠬᠤ ᠬᠡᠯᠡᠯᠴᠡᠭᠡᠷ》 ᠲᠣᠭ᠍ᠲᠠᠵᠤ᠂ ᠪᠠᠢᠴᠠᠭᠠᠨ ᠲᠠᠢᠯᠬᠤ ᠡᠷᠬᠡ ᠮᠡᠳᠡᠯ᠎ᠤᠨ ᠬᠡᠪᠴᠢᠶ᠎ᠡ᠎ᠶ᠋ᠢ 《ᠡᠮᠦᠨᠡᠰᠢ ᠱᠢᠯᠵᠢᠭᠦᠯᠵᠦ᠍》 ᠱᠢᠭᠦᠬᠦ᠌ ᠬᠤᠷᠢᠶᠠᠨ᠎ᠤ ᠦᠵᠦᠭᠦᠷ᠎ᠲᠤ ᠬᠦᠷᠦᠭᠦᠯᠵᠦ᠍᠂ ᠱᠢᠭᠦᠬᠦ᠌ ᠬᠤᠷᠢᠶᠠᠨ᠎ᠤ ᠠᠵᠢᠯᠲᠠᠨ᠎ᠤ ᠱᠢᠭᠤᠳ ᠥᠯᠥ᠍ ᠬᠥᠳᠡᠯᠬᠦ᠌ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠬᠦ᠌ ᠲᠠᠪᠴᠠᠩ᠎ᠢᠶᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠪᠠᠢᠴᠠᠭᠠᠨ ᠪᠢᠲᠡᠭᠦᠮᠵᠢᠯᠡᠬᠦ᠂ ᠪᠢᠲᠡᠭᠦᠮᠵᠢᠯᠡᠬᠦ᠌᠎ᠶ᠋ᠢ ᠲᠠᠢᠯᠬᠤ ᠵᠢᠴᠢ ᠮᠡᠳᠡᠭᠡ ᠵᠠᠩᠭᠢ᠎ᠶ᠋ᠢᠨ ᠪᠠᠢᠴᠠᠭᠠᠨ ᠯᠠᠪᠯᠠᠯᠲᠠ᠎ᠶ᠋ᠢ ᠴᠠᠭ ᠲᠤᠬᠠᠶ᠎ᠳᠤᠨᠢ ᠭᠦᠢᠴᠡᠳᠭᠡᠬᠦ᠌᠎ᠳᠤ ᠲᠥᠬᠦᠮ ᠪᠣᠯᠭᠠᠪᠠ᠃ ᠣᠳᠣᠬᠠᠨ᠎ᠳᠤ᠂ ᠬᠤᠶᠠᠷ ᠲᠠᠯ᠎ᠠ᠎ᠶ᠋ᠢᠨ ᠱᠢᠰᠲ᠋ᠧᠮ ᠨᠢᠭᠡᠨᠲᠡ ᠵᠣᠯᠭᠠᠯᠴᠠᠭ᠎ᠠ᠎ᠪᠠᠨ ᠪᠡᠶᠡᠯᠡᠭᠦᠯᠦᠭ᠌ᠰᠡᠨ ᠪᠥᠭᠡᠳ ᠬᠡᠷᠡᠭ᠌ᠯᠡᠭᠡᠨ᠎ᠤ ᠪᠣᠯᠪᠠᠰᠤᠷᠠᠯ ᠥᠷᠨᠢᠭᠦᠯᠵᠦ᠍᠂ ᠬᠠᠤᠯᠢ ᠴᠠᠭᠠᠵᠠ᠎ᠶ᠋ᠢᠨ ᠬᠡᠷᠡᠭ᠌ᠵᠢᠭᠦᠯᠦᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠳᠤ ᠪᠦᠲᠦᠮᠵᠢᠲᠡᠢ ᠬᠦᠴᠦᠨ ᠨᠡᠮᠡᠷᠢᠯᠡᠪᠡ᠃

ᠢᠷᠡᠯᠲᠡ᠄ ᠦᠬᠠᠶ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ