ᠣᠷᠳᠣᠰ ᠬᠤᠲᠠ᠎ᠶ᠋ᠢᠨ ᠭᠠᠵᠠᠷ ᠰᠢᠷᠤᠢ ᠶ᠋ᠢᠨ ᠬᠤᠶᠠᠳᠤᠭᠠᠷ ᠳᠡᠰ᠎ᠤᠨ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠵᠠᠭ᠍ᠪᠤᠷ᠎ᠲᠤ ᠱᠢᠨ᠎ᠡ᠎ᠶ᠋ᠢ ᠡᠭᠦᠳᠴᠦ᠍ ᠢᠯᠡ ᠲᠣᠳᠣ ᠬᠤᠳᠠᠯᠳᠤᠭ᠎ᠠ ᠡᠵᠡᠩᠨᠡᠬᠦ᠌ ᠣᠷᠴᠢᠨ ᠨᠥᠬᠦᠴᠡᠯ᠎ᠤᠨ ᠱᠢᠨ᠎ᠡ ᠵᠠᠭ᠍ᠪᠤᠷ᠎ᠢ ᠡᠭᠦᠳᠪᠡ
2025-08-26

  ᠭᠠᠵᠠᠷ ᠱᠢᠷᠣᠶ᠎ᠶ᠋ᠢᠨ ᠡᠬᠢ ᠪᠠᠶᠠᠯᠢᠭ᠎ᠤᠨ ᠬᠠᠩᠭᠠᠯᠭ᠎ᠠ ᠬᠡᠷᠡᠭ᠌ᠴᠡᠭᠡ᠎ᠶ᠋ᠢᠨ ᠵᠥᠷᠢᠴᠡᠯ ᠲᠣᠪᠤᠢᠮ᠎ᠠ ᠪᠠᠢᠬᠤ ᠠᠰᠠᠭᠤᠳᠠᠯ᠎ᠢ ᠱᠢᠢᠳᠪᠦᠷᠢᠯᠡᠵᠦ᠍᠂ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠲᠤᠬᠠᠶ ᠥᠭᠡᠷᠡᠴᠢᠯᠡᠯᠲᠡ᠎ᠶ᠋ᠢᠨ ᠱᠠᠭᠠᠷᠳᠠᠯᠭ᠎ᠠ᠎ᠶ᠋ᠢ ᠢᠳᠡᠪᠬᠢᠲᠡᠶ ᠳᠠᠭᠠᠬᠤ᠎ᠶ᠋ᠢᠨ ᠲᠥᠯᠥᠭᠡ᠂ ᠣᠷᠳᠣᠰ ᠬᠤᠲᠠ ᠳ᠋ᠢᠬᠢᠲᠴᠢᠯᠡᠭᠰᠡᠨ ᠠᠷᠭ᠎ᠠ ᠪᠠᠷᠢᠯ᠎ᠢ ᠭᠦᠢᠴᠡᠳ ᠬᠡᠷᠡᠭ᠌ᠯᠡᠨ᠂ ᠭᠠᠵᠠᠷ ᠱᠢᠷᠣᠶ᠎ᠶ᠋ᠢᠨ ᠬᠤᠶᠠᠳᠤᠭᠠᠷ ᠳᠡᠰ᠎ᠤᠨ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠦᠢᠯᠡᠴᠢᠯᠡᠭᠡᠨ᠎ᠤ ᠬᠠᠮᠢᠶᠠᠷᠤᠯᠲᠠ᠎ᠶ᠋ᠢᠨ ᠲᠠᠪᠴᠠᠩ᠎ᠢ ᠪᠠᠢᠭᠤᠯᠵᠤ᠂ ᠭᠠᠵᠠᠷ ᠱᠢᠷᠣᠶ᠎ᠶ᠋ᠢᠨ ᠬᠤᠶᠠᠳᠤᠭᠠᠷ ᠳᠡᠰ᠎ᠤᠨ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠰᠠᠯᠠᠭ᠎ᠠ ᠮᠥᠴᠢᠷ ᠠᠯᠤᠰᠯᠠᠭ᠍ᠰᠠᠨ ᠳ᠋ᠠᠢᠲ᠋ᠠ᠎ᠶ᠋ᠢᠨ ᠡᠬᠢ ᠪᠠᠶᠠᠯᠢᠭ᠎ᠢ ᠡᠮᠬᠢᠯᠡᠨ ᠨᠡᠢᠯᠡᠭᠦᠯᠬᠦ᠂ ᠠᠷᠠᠯᠵᠢᠶᠠᠨ᠎ᠤ ᠴᠤᠪᠤᠷᠠᠯ᠎ᠢ ᠳᠠᠬᠢᠨ ᠪᠠᠢᠭᠤᠯᠬᠤ᠎ᠪᠠᠷ ᠳᠠᠮᠵᠢᠭᠤᠯᠤᠨ᠂ 《ᠮᠡᠳᠡᠭᠡ ᠵᠠᠩᠭᠢ᠎ᠶ᠋ᠢᠨ ᠥᠨᠥᠴᠢᠨ ᠠᠷᠠᠯ》᠎ᠠᠴᠠ 《ᠢᠯᠡ ᠵᠠᠬ᠎ᠠ ᠳᠡᠯᠭᠡᠭᠦᠷ》 ᠪᠣᠯᠭᠠᠨ ᠬᠤᠪᠢᠷᠠᠭᠤᠯᠬᠤ᠎ᠶ᠋ᠢ ᠪᠡᠶᠡᠯᠡᠭᠦᠯᠵᠦ᠍᠂ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠢᠯᠡᠳᠲᠡ ᠱᠢᠯᠢᠳᠡᠭ᠌ᠵᠢᠭᠦᠯᠪᠡ᠃ ᠲᠣᠰ ᠵᠠᠭ᠍ᠪᠤᠷ᠎ᠢ ᠠᠵᠢᠯᠯᠠᠭᠤᠯᠤᠭ᠍ᠰᠠᠨ᠎ᠠᠴᠠ ᠨᠠᠭᠠᠰᠢ ᠨᠢᠭᠡᠨᠲᠡ 7 ᠢᠵᠢ ᠠᠷᠠᠯᠵᠢᠶᠠᠨ᠎ᠤ ᠭᠡᠷ᠎ᠡ ᠲᠣᠭ᠍ᠲᠠᠵᠤ᠂ ᠶᠡᠷᠦᠩᠬᠡᠶ ᠵᠣᠭᠤᠰ᠎ᠤᠨ ᠲᠤᠭ᠎ᠠ᠎ᠨᠢ 9.19 ᠳ᠋ᠦᠩᠱᠢᠭᠤᠷ ᠲᠥᠭᠦᠷᠢᠭ᠎ᠲᠤ ᠬᠦᠷᠴᠦ᠍᠂ 88.14 ᠲᠦᠮᠡᠨ ᠲᠡᠭ᠌ᠰᠢ ᠳᠥᠷᠪᠡᠯᠵᠢᠨ ᠮᠧᠲᠷ ᠭᠠᠵᠠᠷ ᠱᠢᠷᠣᠶ᠎ᠶ᠋ᠢ ᠠᠮᠢᠳᠤᠯᠢᠭ ᠪᠣᠯᠭᠠᠪᠠ᠃

  ᠡᠷᠴᠢᠮᠵᠢᠭᠦᠯᠦᠭ᠌ᠰᠡᠨ ᠦᠢᠯᠡᠴᠢᠯᠡᠭᠡ᠎ᠪᠠᠷ ᠮᠡᠳᠡᠭᠡ ᠵᠠᠩᠭᠢ᠎ᠶ᠋ᠢ ᠨᠢᠭᠡ ᠰᠦᠯᠵᠢᠶ᠎ᠡ᠎ᠪᠠᠷ ᠨᠡᠪᠲᠡᠷᠡᠭᠦᠯᠬᠦ᠌᠎ᠶ᠋ᠢ ᠪᠡᠶᠡᠯᠡᠭᠦᠯᠵᠦ᠍᠂ ᠠᠵᠤ ᠦᠢᠯᠡᠳᠪᠦᠷᠢ᠂ ᠬᠤᠳᠠᠯᠳᠤᠭᠠᠨ᠎ᠤ ᠦᠢᠯᠡᠴᠢᠯᠡᠭᠡ᠂ ᠣᠷᠣᠨ ᠰᠠᠭᠤᠴᠠ ᠵᠡᠷᠭᠡ ᠡᠯ᠎ᠡ ᠲᠥᠷᠥᠯ᠎ᠤᠨ ᠬᠡᠷᠡᠭ᠌ᠯᠡᠬᠦ᠌ ᠭᠠᠵᠠᠷ᠎ᠤᠨ ᠮᠡᠳᠡᠭᠡ ᠵᠠᠩᠭᠢ᠎ᠶ᠋ᠢ ᠪᠥᠬᠦ᠌ ᠲᠠᠯ᠎ᠠ᠎ᠪᠠᠷ ᠡᠮᠬᠢᠯᠡᠨ ᠨᠡᠢᠯᠡᠭᠦᠯᠵᠦ᠍᠂ ᠱᠢᠯᠵᠢᠭᠦᠯᠦᠨ ᠥᠭ᠌ᠬᠦ᠂ ᠲᠦᠷᠢᠶᠡᠰᠦᠯᠡᠭᠦᠯᠬᠦ᠂ ᠪᠠᠷᠢᠴᠠᠭᠠᠯᠠᠬᠤ ᠵᠡᠷᠭᠡ ᠣᠯᠠᠨ ᠲᠥᠷᠥᠯ ᠬᠡᠯᠪᠡᠷᠢ᠎ᠶ᠋ᠢᠨ ᠠᠷᠠᠯᠵᠢᠶ᠎ᠠ᠎ᠶ᠋ᠢ ᠳᠡᠮᠵᠢᠬᠦ᠌ ᠬᠡᠷᠡᠭ᠌ᠲᠡᠢ᠃ ᠪᠥᠬᠦ᠌ ᠶᠠᠪᠤᠴᠠ᠎ᠶ᠋ᠢ ᠰᠦᠯᠵᠢᠶᠡᠨ ᠳᠡᠭᠡᠷ᠎ᠡ ᠭᠦᠶ᠋ᠴᠡᠳᠭᠡᠵᠦ᠍᠂ ᠠᠷᠠᠯᠵᠢᠶ᠎ᠠ᠎ᠶ᠋ᠢ 《ᠤᠭᠲᠤ ᠭᠦᠶᠦᠯᠭᠡᠬᠦ᠌ ᠦᠭᠡᠢ》 ᠎ᠶ᠋ᠢ ᠪᠡᠶᠡᠯᠡᠭᠦᠯᠵᠦ᠍᠂ ᠭᠤᠶᠤᠴᠢᠯᠠᠬᠤ᠂ ᠬᠢᠨᠠᠨ ᠬᠠᠷᠭᠤᠭᠤᠯᠬᠤ᠂ ᠭᠡᠷ᠎ᠡ ᠲᠣᠭ᠍ᠲᠠᠬᠤ᠎ᠠᠴᠠ ᠲᠠᠩᠰᠠ ᠡᠪᠬᠡᠮᠡᠯ᠎ᠳᠤ ᠣᠷᠣᠭᠤᠯᠬᠤ ᠬᠦᠷᠲᠡᠯᠡᠬᠢ ᠪᠥᠬᠦ᠌ ᠬᠡᠯᠬᠢᠶ᠎ᠡ ᠱᠤᠭᠤᠮ ᠳᠡᠭᠡᠷᠡᠬᠢ ᠦᠶ᠋ᠯᠡᠴᠢᠯᠡᠭᠡ᠎ᠶ᠋ᠢ ᠬᠠᠩᠭᠠᠵᠤ᠂ ᠭᠦᠶ᠋ᠴᠡᠳᠭᠡᠬᠦ᠌ ᠴᠠᠭ᠎ᠤᠨ ᠬᠢᠵᠠᠭᠠᠷ᠎ᠢ ᠶᠡᠭᠡ᠎ᠪᠠᠷ ᠪᠣᠭᠤᠨᠢᠰᠭᠠᠵᠤ᠂ ᠠᠵᠤ ᠠᠬᠤᠢᠯᠠᠯ᠎ᠤᠨ ᠴᠠᠭ ᠬᠤᠭᠤᠴᠠᠭ᠎ᠠ ᠬᠢᠭᠡᠳ ᠬᠥᠮᠦᠨ᠎ᠤ ᠬᠦᠴᠦᠨ᠎ᠤ ᠥᠪᠡᠷ᠎ᠤᠨ ᠥᠷᠲᠡᠭ᠎ᠢ ᠪᠠᠭᠤᠷᠠᠭᠤᠯᠵᠤ᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠤ ᠦᠷ᠎ᠡ ᠪᠦᠲᠦᠮᠵᠢ ᠪᠠ ᠬᠡᠷᠡᠭ᠌ᠯᠡᠭ᠌ᠴᠢ᠎ᠶ᠋ᠢᠨ ᠣᠢᠯᠠᠭᠠᠯᠲᠠ᠎ᠶ᠋ᠢ ᠢᠯᠡᠳᠲᠡ ᠳᠡᠭᠡᠭ᠌ᠰᠢᠯᠡᠭᠦᠯᠪᠡ᠃ 《ᠲᠦᠷᠢᠮ + ᠮᠡᠷᠭᠡᠵᠢᠯ》 ᠎ᠤᠨ ᠳᠠᠪᠬᠤᠷ ᠬᠢᠨᠠᠯᠲᠠ ᠬᠠᠮᠢᠶᠠᠷᠤᠯᠲᠠ᠎ᠶ᠋ᠢ ᠪᠠᠬᠢᠵᠢᠭᠦᠯᠵᠦ᠍᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠬᠠᠯᠬᠠᠪᠴᠢ᠎ᠶ᠋ᠢ ᠪᠠᠲᠤ ᠴᠣᠭ᠍ᠴᠠᠯᠠᠵᠤ᠂ ᠬᠠᠮᠵᠢᠯᠴᠠᠨ ᠬᠢᠨᠠᠨ ᠡᠵᠡᠮᠳᠡᠬᠦ᠌ ᠲᠣᠭ᠍ᠲᠠᠴᠠ᠎ᠶ᠋ᠢ ᠪᠠᠢᠭᠤᠯᠤᠨ᠂ 《ᠢᠯᠡᠷᠡᠭᠦᠯᠬᠦ᠌ — ᠰᠡᠷᠡᠮᠵᠢᠯᠡᠭᠦᠯᠬᠦ᠌ — ᠱᠢᠢᠳᠪᠦᠷᠢᠯᠡᠬᠦ᠌ — ᠬᠠᠷᠢᠭᠤ ᠲᠤᠰᠭᠠᠬᠤ》 ᠪᠢᠲᠡᠭᠦᠦ ᠴᠠᠭᠠᠷᠢᠭ᠎ᠤᠨ ᠬᠠᠮᠢᠶᠠᠷᠤᠯᠲᠠ᠎ᠶ᠋ᠢ ᠪᠡᠶᠡᠯᠡᠭᠦᠯᠵᠦ᠍᠂ ᠵᠠᠬ᠎ᠠ ᠳᠡᠯᠭᠡᠭᠦᠷ᠎ᠤᠨ ᠠᠶᠤᠯ ᠲᠦᠭ᠌ᠰᠢᠭᠦᠷᠢ᠎ᠶ᠋ᠢ ᠪᠦᠲᠦᠮᠵᠢᠲᠡᠢ ᠰᠡᠷᠭᠡᠢᠯᠡᠨ᠂ ᠠᠷᠠᠯᠵᠢᠶᠠᠨ᠎ᠤ ᠲᠥᠪ ᠭᠤᠣᠯᠴᠢ᠂ ᠠᠮᠤᠷ ᠲᠦᠪᠱᠢᠨ᠎ᠢ ᠪᠠᠲᠤᠯᠠᠨ᠎ᠠ᠃

  ᠲᠠᠷᠠᠭᠠᠴᠢ᠎ᠶ᠋ᠢᠨ ᠠᠯᠬᠤᠮ᠎ᠳᠤ᠂ ᠣᠷᠳᠣᠰ ᠬᠤᠲᠠ ᠲᠤᠭ᠎ᠠ ᠪᠠᠷᠢᠮᠲᠠ᠎ᠶ᠋ᠢ ᠬᠠᠮᠲᠤ᠎ᠪᠠᠷ ᠡᠳ᠋ᠯᠡᠬᠦ᠌ ᠥᠷᠭᠡᠴᠡ ᠬᠢᠭᠡᠳ ᠭᠦᠨᠴᠡ᠎ᠶ᠋ᠢ ᠦᠷᠭᠦᠯᠵᠢᠯᠡᠨ ᠥᠷᠭᠡᠳᠭᠡᠵᠦ᠍᠂ 《ᠮᠡᠳᠡᠭᠡ ᠵᠠᠩᠭᠢ ᠨᠡᠢᠲᠡᠯᠡᠬᠦ᠌ — ᠰᠠᠨᠠᠮᠵᠢ ᠲᠣᠭ᠍ᠲᠠᠬᠤ — ᠭᠡᠷ᠎ᠡ ᠲᠣᠭ᠍ᠲᠠᠬᠤ — ᠠᠷᠠᠯᠵᠢᠶᠠᠨ᠎ᠤ ᠬᠢᠨᠠᠯᠲᠠ ᠬᠠᠮᠢᠶᠠᠷᠤᠯᠲᠠ》 ᠎ᠶ᠋ᠢᠨ ᠪᠥᠬᠦ᠌ ᠶᠠᠪᠤᠴᠠ᠎ᠶ᠋ᠢᠨ ᠦᠢᠯᠡᠴᠢᠯᠡᠭᠡ᠎ᠶ᠋ᠢ ᠲᠡᠭᠦᠯᠳᠡᠷᠵᠢᠭᠦᠯᠦᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ 《ᠵᠢᠵᠢᠭ ᠣᠭ᠍ᠲᠣᠯᠤᠭᠠᠰᠤ》 ᠎ᠪᠠᠷ ᠭᠠᠵᠠᠷ ᠱᠢᠷᠣᠶ᠎ᠶ᠋ᠢᠨ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ᠎ᠶ᠋ᠢ ᠳᠠᠢᠴᠢᠯᠠᠬᠤ 《ᠶᠡᠭᠡ ᠦᠵᠡᠭᠳᠡᠯ》 ᠎ᠢ ᠦᠢᠯᠡᠳᠦᠯᠭᠡᠵᠢᠭᠦᠯᠵᠦ᠍᠂ ᠠᠳᠠᠯᠢ ᠲᠥᠷᠥᠯ᠎ᠤᠨ ᠭᠠᠵᠠᠷ ᠣᠷᠣᠨ᠎ᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠱᠢᠨ᠎ᠡ ᠠᠷᠭ᠎ᠠ ᠵᠠᠮ᠎ᠢ ᠬᠠᠩᠭᠠᠨ᠎ᠠ᠃

ᠢᠷᠡᠯᠲᠡ᠄ ᠤᠷᠳᠤᠰ ᠬᠤᠳᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠤᠪᠴᠢᠶ᠎ᠠ