9 ᠳ᠋ᠤᠭᠡᠷ ᠰᠠᠷ᠎ᠠ᠎ᠶ᠋ᠢᠨ 1᠎ᠤ ᠡᠳᠦᠷ᠂ ᠲᠦᠩᠯᠢᠶᠣᠤ ᠬᠤᠲᠠ ᠬᠤᠷᠴᠢᠨ ᠵᠡᠭᠦᠨ ᠭᠠᠷᠤᠨ ᠬᠤᠢᠲᠤ ᠬᠤᠱᠢᠭᠤᠨ᠎ᠳᠤ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠤᠬᠠᠢ ᠶ᠋ᠢᠨ ᠭᠠᠵᠠᠷ᠎ᠤᠨ ᠬᠤᠷᠠᠯ ᠵᠢᠴᠢ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠷᠢᠶ᠎ᠡ ᠴᠠᠷᠠᠭᠠᠨ ᠳᠠᠬᠢ ᠭᠤᠤᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠥᠬᠦ᠌ ᠣᠷᠣᠨ᠎ᠤ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠤᠬᠠᠢ᠎ᠶ᠋ᠢᠨ ᠭᠠᠵᠠᠷ᠎ᠤᠨ ᠬᠤᠷᠠᠯ᠎ᠤᠨ ᠬᠤᠯᠪᠣᠭ᠍ᠳᠠᠯ ᠪᠥᠬᠦᠶ ᠠᠵᠢᠯ᠎ᠤᠨ ᠱᠠᠭᠠᠷᠳᠠᠯᠭ᠎ᠠ᠎ᠶ᠋ᠢ ᠳᠠᠮᠵᠢᠭᠤᠯᠬᠤ᠎ᠶ᠋ᠢᠨ ᠬᠠᠮᠲᠤ ᠪᠥᠬᠦ᠌ ᠬᠤᠲᠠ᠎ᠶ᠋ᠢᠨ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ ᠪᠠ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠷᠢᠶ᠎ᠡ ᠴᠠᠷᠠᠭᠠᠨ ᠳᠠᠬᠢ ᠭᠤᠤᠯᠳᠠᠯᠭ᠎ᠠ᠎ᠲᠠᠢ ᠠᠵᠢᠯ᠎ᠤᠨ ᠪᠠᠢᠳᠠᠯ᠎ᠢ ᠮᠡᠳᠡᠭ᠌ᠳᠡᠪᠡ᠃ ᠬᠡᠰᠡᠭ ᠬᠤᠱᠢᠭᠤ ᠱᠢᠶᠠᠨ᠎ᠤ ᠵᠠᠰᠠᠭ᠎ᠤᠨ ᠣᠷᠳᠣᠨ᠂ ᠠᠭᠤᠷᠬᠠᠢ᠎ᠶ᠋ᠢᠨ ᠠᠵᠤ ᠠᠬᠤᠢᠯᠠᠯ᠎ᠤᠨ ᠲᠥᠯᠥᠭᠡᠯᠡᠭ᠌ᠴᠢ ᠪᠣᠬᠢᠷᠲᠤᠯ ᠦᠭᠡᠢ ᠠᠭᠤᠷᠬᠠᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠤᠬᠠᠢ ᠨᠡᠢᠲᠡᠯᠢᠭ ᠶᠠᠷᠢᠶ᠎ᠠ ᠪᠣᠯᠣᠨ ᠰᠣᠯᠢᠯᠴᠠᠭᠠᠨ᠎ᠤ ᠶᠠᠷᠢᠶ᠎ᠠ ᠲᠠᠯᠪᠢᠪᠠ᠃
ᠬᠤᠷᠠᠯ᠎ᠠᠴᠠ᠂ ᠰᠢ᠎ᠶ᠋ᠢᠨ ᠫᠢᠩ᠎ᠤᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠪᠣᠬᠢᠷᠲᠤᠯ ᠦᠭᠡᠢ ᠠᠭᠤᠷᠬᠠᠢ᠎ᠶ᠋ᠢᠨ ᠪᠦᠳᠦᠬᠡᠨ ᠪᠠᠢᠭᠤᠯᠤᠯᠲᠠ᠎ᠶ᠋ᠢᠨ ᠴᠢᠬᠤᠯᠠ ᠴᠢᠨᠠᠷ ᠪᠣᠯᠤᠨ ᠲᠥᠪ ᠴᠢᠩᠭ᠎ᠠ ᠴᠢᠨᠠᠷ᠎ᠤᠨ ᠲᠠᠨᠢᠯᠲᠠ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ ᠬᠠᠷᠠᠯᠲᠠ ᠱᠠᠭᠠᠷᠳᠠᠯᠭ᠎ᠠ ᠪᠠ ᠪᠦᠳᠦᠬᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠪᠠᠨ ᠲᠣᠳᠣᠷᠬᠠᠢᠯᠠᠵᠤ᠂ ᠠᠵᠢᠯᠯᠠᠬᠤ ᠠᠷᠭ᠎ᠠ᠎ᠶ᠋ᠢ ᠡᠷᠬᠢᠮᠯᠡᠵᠦ᠍᠂ ᠠᠵᠢᠯ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠪᠣᠬᠢᠷᠲᠤᠯ ᠦᠬᠡᠢ ᠠᠭᠤᠷᠬᠠᠢ᠎ᠶ᠋ᠢᠨ ᠪᠦᠳᠦᠬᠡᠨ ᠪᠠᠢᠭᠤᠯᠤᠯᠲᠠ᠎ᠶ᠋ᠢ ᠴᠢᠨᠠᠷ ᠰᠠᠢᠲᠠᠢ ᠥᠨᠳᠥᠷ ᠪᠦᠲᠦᠮᠵᠢᠲᠡᠢ ᠠᠬᠢᠭᠤᠯᠬᠤ ᠬᠡᠷᠡᠭ᠌ᠲᠡᠢ᠃ ᠨᠠᠮ᠎ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠱᠢᠢᠳᠪᠦᠷᠢᠲᠦ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠡᠷᠡᠰ ᠨᠠᠢᠳᠠᠪᠤᠷᠢᠵᠢᠭᠤᠯᠵᠤ᠂ ᠠᠵᠢᠯ᠎ᠢᠶᠠᠨ ᠨᠢᠭᠡᠳᠦᠯᠲᠡᠢ ᠲᠥᠯᠥᠪᠵᠢᠭᠦᠯᠬᠦ᠌᠎ᠶ᠋ᠢ ᠴᠢᠩᠭᠠᠳᠭᠠᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠷᠢᠶ᠎ᠡ ᠴᠠᠷᠠᠭᠠᠨ᠎ᠳᠠᠬᠢ ᠪᠤᠰᠤᠳ ᠭᠤᠣᠯᠳᠠᠯᠭ᠎ᠠ᠎ᠲᠠᠢ ᠠᠵᠢᠯ᠎ᠢ ᠵᠡᠷᠭᠡ᠎ᠪᠠᠷ ᠠᠬᠢᠭᠤᠯᠵᠤ᠂ ᠠᠵᠢᠯ᠎ᠤᠨ ᠰᠠᠬᠢᠯᠭ᠎ᠠ ᠪᠠᠲᠤ᠎ᠶ᠋ᠢ ᠴᠢᠩᠳᠠᠯᠠᠵᠤ᠂ ᠺᠠᠳ᠋ᠷ᠎ᠤᠨ ᠡᠩᠨᠡᠭᠡᠨ᠎ᠤ ᠲᠠᠢᠴᠢᠨ ᠬᠦᠴᠦᠨ᠎ᠢ ᠳᠡᠭᠡᠭ᠌ᠰᠢᠯᠡᠭᠦᠯᠵᠦ᠍᠂ ᠬᠠᠷᠢᠭᠤᠴᠠᠯᠭ᠎ᠠ᠎ᠶ᠋ᠢᠨ ᠬᠡᠯᠬᠢᠶ᠎ᠡ᠎ᠶ᠋ᠢ ᠴᠢᠩᠭᠠᠯᠠᠵᠤ᠂ ᠪᠦᠬᠦ᠌ ᠬᠦᠴᠦᠨ᠎ᠢᠶᠠᠷ᠎ᠢᠶᠠᠨ ᠡᠷᠡᠮᠡᠬᠡᠢᠯᠡᠨ ᠤᠷᠤᠭ᠍ᠰᠢᠯᠠᠵᠤ᠂ ᠡᠯ᠎ᠡ ᠵᠦᠢᠯ᠎ᠤᠨ ᠠᠵᠢᠯ᠎ᠤᠨ ᠡᠭᠦᠷᠭᠡ᠎ᠶ᠋ᠢ ᠴᠢᠨᠠᠷ ᠰᠠᠢᠲᠠᠢ ᠥᠨᠳᠥᠷ ᠪᠦᠲᠦᠮᠵᠢᠲᠡᠢ ᠪᠡᠶᠡᠯᠡᠭᠦᠯᠵᠦ᠍᠂ ᠪᠦᠬᠦ᠌ ᠬᠤᠳᠠ᠎ᠶ᠋ᠢᠨ ᠠᠵᠤ ᠠᠬᠤᠢ ᠨᠡᠢᠭᠡᠮ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠨᠡᠩ ᠶᠡᠭᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠬᠤᠷᠠᠯ᠎ᠤᠨ ᠬᠤᠭᠤᠴᠠᠭᠠᠨ᠎ᠳᠤ᠂ ᠬᠤᠷᠠᠯ᠎ᠳᠤ ᠣᠷᠣᠯᠴᠠᠭ᠍ᠰᠠᠳ ᠪᠠᠰᠠ ᠹᠦ᠋ ᠶᠣᠣ᠎ᠶ᠋ᠢᠨ ᠲᠦᠩᠯᠢᠶᠣᠤ᠎ᠶ᠋ᠢᠨ ᠴᠠᠬᠢᠭᠤᠷ᠎ᠤᠨ ᠦᠢᠯᠡᠰ᠎ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ᠎ᠤᠨ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠲᠦᠩᠯᠢᠶᠣᠤ᠎ᠶ᠋ᠢᠨ ᠴᠠᠬᠢᠭᠤᠷᠲᠤ ᠡᠯᠡᠰᠦᠨ᠎ᠤ ᠠᠵᠤ ᠦᠢᠯᠡᠳᠪᠦᠷᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠪᠠᠭᠠᠳᠠᠯ᠎ᠠ ᠡᠯᠡᠰᠦᠨ ᠠᠭᠤᠷᠬᠠᠢ᠂ ᠲᠢᠶᠠᠨ ᠶᠠᠩ ᠱᠢᠨ᠎ᠡ ᠮᠠᠲ᠋ᠧᠷᠢᠶᠠᠯ (ᠥᠪᠥᠷ ᠮᠣᠩᠭᠤᠯ)᠎ᠤᠨ ᠬᠢᠵᠠᠭᠠᠷᠲᠤ ᠺᠣᠮᠫᠠᠨᠢ ᠵᠡᠷᠭᠡ ᠭᠠᠵᠠᠷ᠎ᠢᠶᠠᠷ ᠭᠦᠨᠵᠡᠭᠡᠢᠷᠡᠨ ᠠᠬᠤᠢ ᠲᠠᠯᠠᠪᠠᠢ᠎ᠳᠤ ᠲᠣᠭᠤᠷᠢᠨ ᠦᠵᠡᠵᠦ᠍᠂ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠤ ᠪᠣᠬᠢᠷᠲᠤᠯ ᠦᠭᠡᠢ ᠠᠭᠤᠷᠬᠠᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠤᠬᠠᠢ ᠲᠤᠷᠱᠢᠯᠭ᠎ᠠ᠎ᠶ᠋ᠢᠨ ᠲᠠᠨᠢᠯᠴᠠᠭᠤᠯᠭ᠎ᠠ᠎ᠶ᠋ᠢ ᠨᠠᠷᠢᠨ ᠬᠢᠨᠠᠮᠠᠭᠠᠢ ᠰᠣᠨᠣᠰᠴᠤ᠌᠂ ᠠᠭᠤᠷᠬᠠᠢ᠎ᠶ᠋ᠢᠨ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠱᠢᠭ᠍ᠯᠠᠬᠤ᠂ ᠠᠮᠢ ᠠᠬᠤᠢ᠎ᠶ᠋ᠢ ᠰᠡᠷᠭᠦᠭᠡᠨ ᠵᠠᠰᠠᠬᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭ᠍ᠰᠢᠯᠠᠭᠤᠯᠬᠤ ᠬᠡᠮᠵᠢᠶ᠎ᠡ᠎ᠶ᠋ᠢ ᠪᠠᠭᠠᠰᠭᠠᠵᠤ ᠬᠤᠷᠣᠭ᠍ᠳᠠᠯ᠎ᠢ ᠪᠠᠭᠠᠰᠭᠠᠬᠤ ᠵᠡᠷᠭᠡ ᠲᠠᠯ᠎ᠠ᠎ᠶ᠋ᠢᠨ ᠪᠣᠳᠠᠲᠠᠢ ᠠᠷᠭ᠎ᠠ ᠬᠡᠮᠵᠢᠶ᠎ᠡ ᠪᠣᠯᠤᠨ ᠦᠢᠯᠡᠳᠦᠯᠭᠡ᠎ᠶ᠋ᠢᠨ ᠦᠷ᠎ᠡ ᠪᠦᠲᠦᠭᠡᠯ᠎ᠢ ᠨᠠᠷᠢᠨ ᠣᠢᠯᠠᠭᠠᠪᠠ᠃