9 ᠳ᠋ᠤᠭᠡᠷ ᠰᠠᠷ᠎ᠠ᠎ᠶᠢᠨ 19 ᠦ᠌ ᠡᠳᠦᠷ ᠂ ᠬᠥᠬᠡᠬᠣᠲᠠ᠎ᠶᠢᠨ ᠪᠠᠢᠭᠠᠯᠢ᠎ᠶᠢᠨ ᠡᠬᠢ ᠪᠠᠶᠠᠯᠢᠭ᠎ᠤ᠋ᠨ ᠲᠣᠪᠴᠢᠶ᠎ᠠ ᠦᠴᠤᠸᠠᠨ ᠤ᠋ ᠶᠦᠩ ᠹᠧᠩ ᠠᠭᠤᠷᠬᠠᠢ᠎ᠶᠢᠨ ᠦᠢᠯᠡᠰ᠎ᠦ᠋ᠨ ᠬᠢᠵᠠᠭᠠᠷᠲᠤ ᠺᠣᠮᠫᠠᠨᠢᠳ᠋ᠤ ᠠᠩᠬᠠᠳᠠᠭ᠍ᠴᠢ ᠠᠭᠤᠷᠬᠠᠢ ᠮᠠᠯᠲᠠᠬᠤ ᠡᠷᠬᠡ᠎ᠶᠢᠨ ᠦᠯᠦ᠍ ᠬᠥᠳᠡᠯᠬᠦ᠌ ᠬᠥᠷᠥᠩᠭᠡ᠎ᠶᠢᠨ ᠦᠨᠡᠮᠯᠡᠯᠢ᠋ ᠠᠮᠵᠢᠯᠲᠠ᠎ᠲᠠᠢ ᠬᠢᠨᠠᠨ ᠂ ᠡᠨᠡ ᠪᠣᠯ ᠵᠢᠯ᠎ᠦ᠋ᠨ 7 ᠰᠠᠷ᠎ᠠ᠎ᠶᠢᠨ 1 ᠦ᠌ ᠡᠳᠦᠷ ᠪᠡᠷ ᠵᠠᠰᠠᠪᠤᠷᠢ ᠣᠷᠣᠭᠤᠯᠤᠭ᠍ᠰᠠᠨ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤ᠋ᠨ ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠎ᠤ᠋ᠨ ᠬᠠᠤᠯᠢ》(ᠳᠣᠷᠣᠭ᠍ᠰᠢ 《ᠱᠢᠨ᠎ᠡ 〈 ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠤᠯᠢ〉 》ᠭᠡᠵᠦ᠍ ᠲᠣᠪᠴᠢᠯᠠᠨ᠎ᠠ)᠎ᠶᠢ ᠵᠢᠩᠬᠢᠨᠢ᠎ᠪᠡᠷ ᠬᠡᠷᠡᠭ᠌ᠵᠢᠭᠦᠯᠦᠭ᠌ᠰᠡᠨ᠎ᠡᠴᠡ ᠂ ᠬᠣᠲᠠ᠎ᠶᠢᠨ ᠪᠠᠢᠭᠠᠯᠢ᠎ᠶᠢᠨ ᠡᠬᠢ ᠪᠠᠶᠠᠯᠢᠭ᠎ᠤ᠋ᠨ ᠲᠣᠪᠴᠢᠶ᠎ᠠ᠎ᠶᠢᠨ ᠬᠢᠨᠠᠨ ᠣᠯᠭᠣᠭ᠍ᠰᠠᠨ ᠠᠩᠬᠠᠳᠠᠭ᠍ᠴᠢ ᠦᠯᠦ᠍ ᠬᠥᠳᠡᠯᠬᠦ᠌ ᠬᠥᠷᠥᠩᠭᠡ᠎ᠶᠢᠨ ᠥᠮᠴᠢᠯᠡᠬᠦ᠌ ᠡᠷᠬᠡ᠎ᠶᠢᠨ ᠦᠨᠡᠮᠯᠡᠯ ᠪᠣᠯᠤᠨ᠎ᠠ ᠂ ᠡᠨᠡ ᠨᠢ ᠪᠦᠬᠦ᠌ ᠲᠣᠪᠴᠢᠶ᠎ᠠ ᠨᠢ 《ᠠᠭᠤᠷᠬᠠᠢ᠎ᠶᠢᠨ ᠭᠠᠷᠤᠯᠲᠠ᠎ᠶᠢᠨ ᠡᠬᠢ ᠪᠠᠶᠠᠯᠢᠭ᠎ᠤ᠋ᠨ ᠬᠠᠤᠯᠢ》᠎ᠶᠢᠨ ᠠᠭᠤᠷᠬᠠᠢ᠎ᠶᠢᠨ ᠡᠷᠬᠡ᠎ᠶᠢᠨ《ᠡᠷᠬᠡ ᠦᠨᠡᠮᠯᠡᠯ᠎ᠢ ᠰᠠᠯᠭᠠᠬᠤ》ᠳᠦᠷᠢᠮ᠎ᠢ᠋ ᠨᠠᠢᠳᠠᠪᠤᠷᠢᠵᠢᠭᠤᠯᠬᠤ ᠲᠠᠯ᠎ᠠ᠎ᠪᠠᠷ ᠴᠢᠬᠤᠯᠠ ᠨᠢᠭᠡ ᠠᠯᠬᠤᠮ᠎ᠢ ᠠᠯᠬᠤᠭ᠍ᠰᠠᠨᠢ ᠬᠠᠷᠠᠭᠤᠯᠵᠤ ᠪᠠᠢᠨ᠎ᠠ ᠃
ᠱᠢᠨ᠎ᠡ 《ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠤᠯᠢ》᠎ᠶ᠋ᠢ ᠵᠢᠩᠬᠢᠨᠢ᠎ᠪᠠᠷ ᠬᠡᠷᠡᠭ᠌ᠵᠢᠭᠦᠯᠦᠭ᠌ᠰᠡᠨ᠎ᠠᠴᠠ ᠂ ᠬᠥᠬᠡᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠢᠳᠡᠪᠬᠢᠲᠡᠢ ᠠᠬᠢᠭᠤᠯᠵᠤ᠂ ᠠᠭᠤᠷᠬᠠᠢ᠎ᠶ᠋ᠢᠨ ᠦᠢᠯᠡᠰ᠎ᠤᠨ ᠡᠷᠬᠡ᠎ᠶ᠋ᠢ ᠳᠠᠩᠰᠠᠯᠠᠬᠤ ᠲᠤᠬᠠᠢᠯᠠᠭ᠍ᠰᠠᠨ ᠠᠵᠢᠯ᠎ᠤᠨ 《ᠴᠢᠬᠤᠯᠠ ᠨᠥᠬᠦᠴᠡᠯ᠎ᠢ ᠪᠠᠭᠠᠰᠭᠠᠬᠤ᠂ ᠱᠢᠯᠢᠳᠡᠭ᠌ᠵᠢᠭᠦᠯᠬᠦ᠂ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌》᠎ᠶ᠋ᠢ ᠪᠡᠶᠡᠯᠡᠭᠦᠯᠪᠡ᠃ ᠣᠳᠣᠬᠠᠨ᠎ᠳᠤ᠂ ᠬᠠᠢᠨ ᠪᠠᠢᠴᠠᠭᠠᠬᠤ ᠵᠥᠪᠱᠢᠶᠡᠷᠡᠯ᠎ᠤᠨ ᠦᠨᠡᠮᠯᠡᠯ ᠭᠤᠶᠤᠴᠢᠯᠠᠬᠤ ᠴᠢᠬᠤᠯᠠ ᠨᠥᠬᠦᠴᠡᠯ᠎ᠢ 15 ᠬᠤᠪᠢ ᠪᠠᠢᠭ᠍ᠰᠠᠨ᠎ᠠᠴᠠ 4 ᠬᠤᠪᠢ ᠪᠣᠯᠭᠠᠨ ᠴᠣᠮᠬᠠᠳᠭᠠᠵᠤ ᠂ ᠠᠭᠤᠷᠬᠠᠶ ᠮᠠᠯᠲᠠᠬᠤ᠎ᠶ᠋ᠢ ᠵᠥᠪᠱᠢᠶᠡᠷᠡᠬᠦ᠌ ᠭᠤᠶᠤᠴᠢᠯᠠᠯ᠎ᠤᠨ ᠴᠢᠬᠤᠯᠠ ᠨᠥᠬᠦᠴᠡᠯ᠎ᠢ 21 ᠬᠤᠪᠢ ᠪᠠᠢᠭ᠍ᠰᠠᠨ᠎ᠠᠴᠠ 6 ᠬᠤᠪᠢ ᠪᠣᠯᠭᠠᠨ ᠪᠣᠭᠤᠨᠢᠰᠭᠠᠵᠤ᠂ ᠬᠢᠨᠠᠨ ᠵᠥᠪᠱᠢᠶᠡᠷᠡᠬᠦ᠌ ᠵᠠᠭ᠍ᠪᠤᠷ᠎ᠢ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠱᠠᠭᠠᠷᠳᠠᠯᠭ᠎ᠠ ᠶᠣᠰᠣᠭᠠᠷ᠂ 《ᠭᠤᠷᠪᠠᠨ ᠱᠠᠲᠤ ᠬᠠᠮᠲᠤᠷᠠᠨ ᠬᠢᠨᠠᠬᠤ》᠎ᠶ᠋ᠢ 《ᠨᠢᠭᠡᠳᠦᠭᠡᠷ ᠳᠡᠰ᠎ᠤᠨ ᠬᠠᠮᠲᠤᠷᠠᠨ ᠬᠢᠨᠠᠬᠤ》ᠪᠣᠯᠭᠠᠨ ᠱᠢᠯᠢᠳᠡᠭ᠌ᠵᠢᠭᠦᠯᠪᠡ᠃ ᠲᠣᠰ ᠤᠳᠠᠭᠠᠨ᠎ᠤ ᠦᠨᠡᠮᠯᠡᠯ᠎ᠢ ᠠᠮᠵᠢᠯᠲᠠ᠎ᠲᠠᠢ ᠨᠢ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ ᠪᠣᠳᠠᠰ᠎ᠤᠨ ᠡᠷᠬᠡ᠎ᠶ᠋ᠢ ᠬᠠᠮᠠᠭᠠᠯᠠᠬᠤ ᠲᠣᠭ᠍ᠲᠠᠭᠠᠯ᠎ᠤᠨ ᠪᠣᠳᠠᠲᠠᠶ ᠦᠢᠯᠡᠳᠦᠯᠭᠡ ᠪᠣᠯᠬᠤ᠎ᠪᠠᠷ ᠪᠠᠷᠠᠬᠤ ᠥᠬᠡᠶ᠂ ᠪᠠᠰᠠ ᠠᠭᠤᠷᠬᠠᠶ᠎ᠶ᠋ᠢᠨ ᠦᠢᠯᠡᠰ᠎ᠤᠨ ᠡᠷᠬᠡᠲᠦ ᠬᠥᠮᠦᠨ᠎ᠤ ᠬᠠᠤᠯᠢ ᠶᠣᠰᠣᠨ᠎ᠤ ᠡᠷᠬᠡ ᠠᠱᠢᠭ᠎ᠢ ᠤᠯᠠᠮ ᠨᠢᠭᠡ ᠠᠯᠬᠤᠮ ᠪᠠᠲᠤᠯᠠᠵᠤ᠂ ᠠᠵᠤ ᠠᠬᠤᠢᠯᠠᠯ᠎ᠤᠨ ᠪᠠᠯᠠ ᠣᠷᠣᠭᠤᠯᠤᠯᠲᠠ᠎ᠶ᠋ᠢᠨ ᠢᠲᠡᠭᠡᠯ᠎ᠢ ᠨᠡᠮᠡᠭ᠌ᠳᠡᠭᠦᠯᠬᠦ᠌ ᠪᠣᠯᠤᠨ᠎ᠠ᠃
ᠲᠠᠷᠠᠭᠠᠴᠢ᠎ᠶ᠋ᠢᠨ ᠠᠯᠬᠤᠮ᠎ᠳᠤ᠂ ᠬᠥᠬᠡᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠠᠩᠬᠠᠨ᠎ᠤ ᠦᠨᠡᠮᠯᠡᠯ᠎ᠢ ᠣᠯᠭᠤᠬᠤ᠎ᠪᠠᠷ ᠲᠣᠬᠢᠶᠠᠯ ᠪᠣᠯᠭᠠᠵᠤ᠂ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢᠨ 《ᠡᠷᠬᠡ ᠦᠨᠡᠮᠯᠡᠯ᠎ᠢ ᠰᠠᠯᠭᠠᠬᠤ》ᠲᠦᠷᠢᠮ᠎ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠬᠤ᠎ᠶ᠋ᠢ ᠦᠷᠭᠦᠯᠵᠢᠯᠡᠨ ᠠᠬᠢᠭᠤᠯᠵᠤ᠂ ᠬᠤᠱᠢᠭᠤ ᠱᠢᠶᠠᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠳᠤ ᠠᠩᠬᠠᠷᠤᠯ᠎ᠢᠶᠠᠨ ᠲᠥᠪᠯᠡᠷᠡᠭᠦᠯᠬᠦ᠌᠎ᠪᠠᠷ ᠳᠠᠮᠵᠢᠭᠤᠯᠤᠨ᠂ ᠲᠤᠰᠭᠠᠶ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠪᠠ ᠲᠤᠬᠠᠢᠯᠠᠭ᠍ᠰᠠᠨ ᠠᠵᠢᠯ᠎ᠤᠨ ᠪᠣᠳᠠᠲᠠᠶ ᠠᠵᠢᠯᠯᠠᠭᠠᠨ᠎ᠤ ᠢ ᠥᠷᠨᠢᠭᠦᠯᠵᠦ᠍᠂ ᠳᠡᠩᠰᠡᠯᠡᠨ ᠲᠡᠮᠳᠡᠭ᠌ᠯᠡᠬᠦ᠌ ᠱᠢᠯᠢᠳᠡᠭ᠌ᠵᠢᠭᠦᠯᠬᠦ᠂ ᠤᠨ ᠠᠵᠢᠯᠯᠠᠭᠠᠨ᠎ᠤ ᠵᠢᠷᠤᠮᠵᠢᠯ ᠵᠢᠴᠢ ᠭᠦᠢᠴᠡᠳᠭᠡᠬᠦ᠌ ᠳᠤᠮᠳᠠᠬᠢ ᠲᠦᠭ᠌ᠵᠢᠷᠡᠯ ᠬᠦᠴᠢᠷᠳᠡᠯ᠎ᠢ ᠭᠤᠤᠯᠳᠠᠯᠭ᠎ᠠ᠎ᠲᠠᠢ ᠲᠠᠢᠯᠪᠤᠷᠢᠯᠠᠵᠤ᠂ ᠬᠤᠱᠢᠭᠤ ᠱᠢᠶᠠᠨ᠎ᠤ ᠰᠠᠯᠠᠭ᠎ᠠ ᠮᠥᠴᠢᠷ᠎ᠤᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠪᠠ ᠠᠵᠤ ᠠᠬᠤᠢᠯᠠᠯ ᠳᠤ ᠦᠢᠯᠡᠴᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠱᠢᠨ᠎ᠡ ᠲᠣᠭ᠍ᠲᠠᠭᠠᠯ᠎ᠢ ᠦᠨᠳᠦᠰᠦᠨ ᠱᠠᠲᠤᠨ᠎ᠳᠤ ᠥᠨᠳᠥᠷ ᠪᠦᠲᠦᠮᠵᠢᠲᠡᠶ᠎ᠪᠠᠷ ᠨᠠᠢᠳᠠᠪᠤᠷᠢᠵᠢᠭᠤᠯᠬᠤ᠎ᠳᠤ ᠬᠦᠴᠦᠨ ᠨᠡᠮᠡᠷᠢᠯᠡᠨ᠎ᠡ᠃ ᠡᠭᠦᠨ᠎ᠤ ᠬᠠᠮᠲᠤ᠌᠂ ᠠᠭᠤᠷᠬᠠᠶ᠎ᠶ᠋ᠢᠨ ᠵᠠᠯᠭᠠᠮᠵᠢ ᠬᠢᠨᠠᠯᠲᠠ ᠬᠠᠮᠢᠶᠠᠷᠤᠯᠲᠠ᠎ᠶ᠋ᠢᠨ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠵᠤ᠂ ᠠᠵᠤ ᠠᠬᠤᠢᠯᠠᠯ᠎ᠤᠨ ᠬᠠᠤᠯᠢ ᠶᠣᠰᠣᠨ᠎ᠤ ᠠᠭᠤᠷᠬᠠᠶ ᠮᠠᠯᠲᠠᠬᠤ ᠡᠷᠬᠡ᠎ᠶ᠋ᠢ ᠪᠠᠲᠤᠯᠠᠭ᠍ᠰᠠᠨ ᠰᠠᠭᠤᠷᠢᠨ ᠳᠡᠭᠡᠷ᠎ᠡ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠪᠠ ᠠᠮᠢ ᠠᠬᠤᠶ᠎ᠶ᠋ᠢ ᠬᠠᠮᠠᠭᠠᠯᠠᠬᠤ᠎ᠶ᠋ᠢ ᠬᠠᠮᠵᠢᠯᠴᠠᠨ ᠬᠢᠨᠠᠨ ᠬᠠᠮᠢᠶᠠᠷᠬᠤ᠎ᠶ᠋ᠢ ᠴᠢᠩᠭᠠᠳᠭᠠᠵᠤ᠂ ᠪᠥᠬᠦ᠌ ᠬᠤᠲᠠ᠎ᠶ᠋ᠢᠨ ᠠᠭᠤᠷᠬᠠᠶ᠎ᠶ᠋ᠢᠨ ᠦᠢᠯᠡᠰ᠎ᠤᠨ ᠬᠦᠷᠢᠶᠡᠨ᠎ᠳᠠᠬᠢ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃