ᠤᠯᠠᠭᠠᠨᠬᠠᠳᠠ ᠬᠤᠲᠠ᠎ᠶ᠋ᠢᠨ ᠪᠠᠭᠠᠷᠢᠨ ᠵᠡᠭᠦᠨ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ 《ᠬᠤᠤᠰ ᠪᠠᠶᠠᠷ》᠎ᠤᠨ ᠬᠤᠭᠤᠴᠠᠭᠠᠨ᠎ᠳᠠᠬᠢ ᠠᠶᠤᠯ ᠦᠭᠡᠢ ᠦᠢᠯᠡᠳᠪᠦᠷᠢᠯᠡᠯ᠎ᠤᠨ ᠡᠯ᠎ᠡ ᠵᠦᠢᠯ᠎ᠤᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠪᠡ
2025-09-23

  ᠤᠯᠤᠰ᠎ᠤᠨ ᠪᠠᠶᠠᠷ᠂ ᠨᠠᠢ᠍ᠮᠠᠨ ᠰᠠᠷ᠎ᠠ᠎ᠶ᠋ᠢᠨ ᠲᠡᠷᠭᠡᠯ 《ᠬᠣᠣᠰ ᠪᠠᠶᠠᠷ》᠎ᠤᠨ ᠬᠤᠭᠤᠴᠠᠭᠠᠨ᠎ᠳᠠᠬᠢ ᠠᠶᠤᠯ ᠦᠭᠡᠢ ᠦᠢᠯᠡᠳᠪᠦᠷᠢᠯᠡᠯ᠎ᠤᠨ ᠪᠠᠢᠳᠠᠯ᠎ᠤᠨ ᠲᠣᠭ᠍ᠲᠠᠭᠤᠨ ᠪᠠᠢᠬᠤ᠎ᠶ᠋ᠢ ᠦᠨᠡᠨ ᠬᠦ᠌ ᠪᠠᠲᠤᠯᠠᠵᠤ᠂ ᠡᠯ᠎ᠡ ᠲᠥᠷᠥᠯ᠎ᠤᠨ ᠠᠮᠤᠷ ᠲᠦᠪᠱᠢᠨ᠎ᠤ ᠠᠳᠡᠯ ᠭᠠᠷᠬᠤ᠎ᠶ᠋ᠢ ᠴᠢᠩᠭ᠎ᠠ ᠰᠡᠷᠭᠡᠢᠯᠡᠬᠦ᠌ ᠎ᠶ᠋ᠢᠨ ᠲᠥᠯᠥᠭᠡ᠂ ᠤᠯᠠᠭᠠᠨᠬᠠᠳᠠ ᠬᠤᠲᠠ᠎ᠶ᠋ᠢᠨ ᠪᠠᠭᠠᠷᠢᠨ ᠵᠡᠭᠦᠨ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ ᠎ᠳᠦ᠎ᠪᠡᠨ ᠰᠠᠭᠤᠷᠢᠯᠠᠨ᠂ ᠤᠷᠢᠳᠴᠢᠯᠠᠨ ᠲᠥᠯᠥᠪᠯᠡᠵᠦ᠍᠂ ᠨᠠᠷᠢᠨ ᠨᠢᠮᠪᠠᠶ ᠪᠠᠢᠷᠢᠯᠠᠭᠤᠯᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠷᠢᠶᠡᠨ᠎ᠳᠠᠬᠢ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠢ ᠪᠥᠬᠦ᠌ ᠲᠠᠯ᠎ᠠ᠎ᠪᠠᠷ ᠴᠢᠩᠭᠠᠳᠭᠠᠪᠠ᠃

  ᠨᠠᠷᠢᠨ ᠨᠢᠮᠪᠠᠶ ᠪᠠᠢᠷᠢᠯᠠᠭᠤᠯᠵᠤ᠂ ᠠᠵᠢᠯ᠎ᠤᠨ ᠬᠠᠷᠢᠭᠤᠴᠠᠯᠭ᠎ᠠ᠎ᠶ᠋ᠢ ᠲᠠᠭ᠍ᠰᠢᠷᠠᠭᠤᠯᠪᠠ᠃ ᠪᠠᠶᠠᠷ᠎ᠤᠨ ᠡᠳᠦᠷ᠎ᠠᠴᠠ ᠡᠮᠦᠨ᠎ᠡ ᠠᠶᠤᠯ ᠦᠭᠡᠢ ᠦᠢᠯᠡᠳᠪᠦᠷᠢᠯᠡᠯ᠎ᠤᠨ ᠲᠤᠰᠭᠠᠢ ᠰᠡᠳᠦᠪᠲᠦ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠵᠤ᠂ ᠳᠡᠭᠡᠳᠦ ᠱᠠᠲᠤᠨ᠎ᠤ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠤᠨ ᠲᠤᠬᠠᠢ ᠵᠢᠭᠠᠪᠤᠷᠢ᠎ᠶ᠋ᠢᠨ ᠵᠣᠷᠢᠭ ᠰᠠᠨᠠᠭ᠎ᠠ ᠪᠠ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠴᠠᠭ ᠲᠤᠬᠠᠢ᠎ᠳᠤ ᠨᠢ ᠤᠯᠠᠮᠵᠢᠯᠠᠵᠤ᠂ ᠡᠭᠦᠷᠭᠡ᠎ᠶ᠋ᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢᠯᠠᠵᠤ᠂ ᠬᠠᠷᠢᠭᠤᠴᠠᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠪᠠ᠃ ᠲᠣᠪᠴᠢᠶ᠎ᠠ᠎ᠶ᠋ᠢᠨ ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ᠎ᠠᠴᠠ ᠲᠤᠰᠭᠠᠶ ᠪᠠᠢᠴᠠᠭᠠᠬᠤ ᠳᠤᠭᠤᠢᠯᠠᠩ ᠳᠠᠭᠠᠭᠤᠯᠤᠨ ᠂ ᠲᠤᠰᠭᠠᠶ ᠪᠠᠢᠴᠠᠭᠠᠬᠤ ᠳᠤᠭᠤᠢᠯᠠᠩ᠎ᠢ ᠪᠦᠷᠢᠯᠳᠦᠭᠦᠯᠵᠦ᠍᠂ ᠡᠯ᠎ᠡ ᠰᠤᠮᠤ ᠱᠢᠶᠠᠩ ᠪᠠᠯᠭᠠᠰᠤᠨ᠎ᠳᠤ ᠭᠦᠨᠵᠡᠭᠡᠢᠷᠡᠨ ᠬᠢᠨᠠᠨ ᠵᠢᠯᠣᠭᠤᠳᠴᠤ᠌ ᠪᠠᠢᠴᠠᠭᠠᠬᠤ ᠠᠵᠢᠯ᠎ᠢ ᠥᠷᠨᠢᠭᠦᠯᠵᠦ᠍᠂ ᠳᠠᠯᠳᠠ ᠬᠡᠮ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠭ᠍ᠰᠠᠨ ᠪᠠᠢᠳᠠᠯ᠎ᠢ ᠭᠤᠤᠯᠳᠠᠯᠭ᠎ᠠ᠎ᠲᠠᠢ ᠪᠠᠢᠴᠠᠭᠠᠨ ᠦᠵᠡᠵᠦ᠍᠂ ᠪᠠᠢᠴᠠᠭᠠᠯᠲᠠ᠎ᠳᠤ ᠥᠨᠴᠥᠭ ᠪᠤᠯᠤᠩ ᠥᠬᠡᠶ ᠪᠠᠢᠬᠤ᠂ ᠴᠡᠭ᠌ᠴᠡᠯᠡᠨ ᠰᠠᠢᠵᠢᠷᠠᠭᠤᠯᠤᠯᠲᠠ᠎ᠶ᠋ᠢ ᠪᠦᠷ ᠪᠡᠯᠡᠨ ᠪᠣᠯᠭᠠᠬᠤ᠂ ᠬᠢᠨᠠᠯᠲᠠ ᠬᠠᠮᠢᠶᠠᠷᠤᠯᠲᠠ᠎ᠶ᠋ᠢ ᠪᠠᠢᠩᠭᠤᠵᠢᠭᠤᠯᠬᠤ᠎ᠶ᠋ᠢ ᠦᠨᠡᠨ ᠬᠦ᠌ ᠪᠠᠲᠤᠯᠠᠪᠠ᠃

  ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠢᠶᠠᠷ ᠬᠦᠴᠦᠨ ᠨᠡᠮᠡᠷᠢᠯᠡᠵᠦ᠍᠂ ᠭᠠᠵᠠᠷ ᠣᠷᠣᠨ᠎ᠤ ᠭᠠᠮᠱᠢᠭ᠎ᠤᠨ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠪᠠ᠃ ᠮᠡᠷᠭᠡᠵᠢᠯ᠎ᠤᠨ ᠲᠤᠯᠭᠠᠭᠤᠷᠢᠯᠠᠯ᠎ᠤᠨ ᠨᠢᠭᠡᠴᠢ ᠎ᠶ᠋ᠢᠨ ᠲᠤᠰᠭᠠᠶ ᠬᠦᠴᠦᠨ᠎ᠢ ᠢᠳᠡᠪᠬᠢᠲᠡᠶ ᠠᠱᠢᠭ᠍ᠯᠠᠨ᠂ ᠬᠠᠷᠢᠶ᠎ᠠ ᠣᠷᠣᠨ᠎ᠤ ᠳᠣᠲᠣᠷᠠᠬᠢ ᠭᠠᠵᠠᠷ᠎ᠤᠨ ᠭᠠᠮᠱᠢᠭ᠎ᠤᠨ ᠳᠠᠯᠳᠠ ᠬᠡᠮ᠎ᠤᠨ ᠴᠡᠭ᠎ᠢ ᠪᠥᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠬᠤ ᠪᠠ ᠪᠠᠢᠩᠭᠤᠵᠢᠭᠤᠯᠤᠨ ᠬᠥᠳᠡᠯᠦᠩᠭᠦᠶ᠎ᠪᠠᠷ ᠲᠣᠭᠤᠷᠢᠨ ᠪᠠᠢᠴᠠᠭᠠᠬᠤ ᠬᠡᠷᠡᠭ᠌ᠲᠡᠶ᠃ ᠣᠨᠴᠠ ᠤᠷᠢᠭ᠍ᠰᠠᠨ ᠠᠵᠢᠯ ᠲᠥᠷᠥᠯ᠎ᠤᠨ ᠲᠤᠰᠭᠠᠶ ᠮᠡᠷᠭᠡᠵᠢᠯᠲᠡᠨ᠎ᠠᠴᠠ ᠭᠤᠤᠯᠳᠠᠯᠭ᠎ᠠ᠎ᠲᠠᠢ ᠳᠠᠯᠳᠠ ᠭᠡᠮ᠎ᠤᠨ ᠴᠡᠭ᠎ᠲᠤ ᠲᠦᠭ᠌ᠰᠢᠭᠦᠷᠢ᠎ᠶ᠋ᠢ ᠵᠥᠪᠳᠡᠯᠴᠡᠬᠦ᠌ ᠪᠠ ᠰᠤᠳᠤᠯᠤᠨ ᠮᠠᠭᠠᠳᠯᠠᠵᠤ ᠦᠨᠡᠯᠡᠨ ᠵᠢᠱ᠌ᠢᠯᠲᠡ ᠬᠢᠪᠡ᠃ ᠡᠭᠦᠨ᠎ᠤ ᠬᠠᠮᠲᠤ᠌᠂ ᠭᠠᠵᠠᠷ᠎ᠤᠨ ᠭᠠᠶ ᠭᠠᠮᠱᠢᠭ᠎ᠢ ᠠᠦ᠋ᠲ᠋ᠣᠴᠢᠯᠠᠨ ᠬᠢᠨᠠᠨ ᠬᠡᠮᠵᠢᠬᠦ᠌ ᠲᠥᠬᠦᠭᠡᠷᠦᠮᠵᠢ᠎ᠶ᠋ᠢᠨ ᠦᠢᠯᠡᠳᠦᠯ ᠴᠢᠳᠠᠪᠤᠷᠢ᠎ᠶ᠋ᠢ ᠭᠦᠢᠴᠡᠳ ᠪᠠᠳᠠᠷᠠᠭᠤᠯᠵᠤ᠂ ᠬᠢᠨᠠᠨ ᠬᠡᠮᠵᠢᠬᠦ᠂ ᠵᠠᠳᠠᠯᠬᠤ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠌ ᠴᠢᠳᠠᠮᠵᠢ᠎ᠶ᠋ᠢ ᠨᠢᠭᠡ ᠴᠣᠭ᠍ᠴᠠᠵᠢᠭᠤᠯᠤᠭ᠍ᠰᠠᠨ ᠮᠡᠳᠡᠭᠡ ᠵᠠᠩᠭᠢᠵᠢᠯᠲᠠ᠎ᠶ᠋ᠢᠨ ᠲᠠᠪᠴᠠᠩ᠎ᠢ ᠬᠦᠴᠦᠯᠡᠨ ᠪᠠᠢᠭᠤᠯᠵᠤ᠂ ᠭᠠᠵᠠᠷ᠎ᠤᠨ ᠭᠠᠶ ᠭᠠᠮᠱᠢᠭ᠎ᠢ ᠶᠡᠷᠦᠩᠬᠡᠢᠯᠡᠨ ᠰᠡᠷᠭᠡᠢᠯᠡᠨ ᠵᠠᠰᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠪᠡ᠃

  ᠲᠣᠭᠤᠷᠢᠨ ᠪᠠᠢᠴᠠᠭᠠᠬᠤ᠎ᠶ᠋ᠢ ᠴᠢᠩᠭᠠᠳᠭᠠᠵᠤ᠂ ᠠᠭᠤᠷᠬᠠᠢ᠎ᠶ᠋ᠢᠨ ᠶᠠᠪᠤᠳᠠᠯ᠎ᠤᠨ ᠬᠠᠮᠢᠶᠠᠷᠤᠯᠲᠠ᠎ᠶ᠋ᠢ  ᠵᠢᠷᠤᠮᠵᠢᠭᠤᠯᠪᠠ᠃ ᠠᠭᠤᠷᠬᠠᠶ᠎ᠶ᠋ᠢᠨ ᠠᠮᠢ ᠠᠬᠤᠶ᠎ᠶ᠋ᠢ ᠰᠡᠷᠭᠦᠭᠡᠬᠦ᠌ 《ᠳᠠᠬᠢᠨ ᠨᠣᠭᠤᠭᠠᠷᠠᠭᠤᠯᠬᠤ ᠲᠥᠯᠥᠪᠯᠡᠭᠡ》ᠵᠢᠴᠢ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠷᠢᠶᠡᠨ ᠎ᠳᠠᠬᠢ ᠠᠶᠤᠯ ᠥᠬᠡᠶ ᠦᠢᠯᠡᠳᠪᠦᠷᠢᠯᠡᠯ᠎ᠤᠨ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢᠨ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠠᠭᠤᠷᠬᠠᠶ᠎ᠶ᠋ᠢᠨ ᠠᠵᠤ ᠠᠬᠤᠢᠯᠠᠯ᠎ᠤᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠶ᠋ᠢ ᠦᠷᠭᠦᠯᠵᠢᠯᠡᠨ ᠴᠢᠩᠭᠠᠳᠭᠠᠬᠤ ᠬᠡᠷᠡᠭ᠌ᠲᠡᠶ᠃ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠪᠦᠬᠦ᠌ ᠶᠠᠪᠤᠴᠠ᠎ᠶ᠋ᠢᠨ ᠬᠥᠳᠡᠯᠦᠩᠭᠦᠢ᠎ᠪᠠᠷ ᠲᠣᠭᠤᠷᠢᠨ ᠪᠠᠢᠴᠠᠭᠠᠬᠤ ᠡᠷᠴᠢᠮ ᠎ᠢᠶᠠᠨ ᠴᠢᠩᠭᠠᠷᠠᠭᠤᠯᠵᠤ᠂ ᠲᠣᠭᠤᠷᠢᠨ ᠪᠠᠢᠴᠠᠭᠠᠬᠤ ᠳᠤᠮᠳᠠ ᠢᠯᠡᠷᠡᠭᠦᠯᠦᠭ᠌ᠰᠡᠨ ᠠᠰᠠᠭᠤᠳᠠᠯ ᠪᠠ ᠲᠣᠭ᠍ᠲᠠᠭᠠᠯ ᠎ᠠᠴᠠ ᠵᠥᠷᠢᠴᠡᠭ᠌ᠰᠡᠨ ᠠᠵᠢᠯᠯᠠᠭ᠎ᠠ᠎ᠶ᠋ᠢ ᠲᠡᠷᠡ ᠳᠠᠷᠤᠢ ᠎ᠳᠤ ᠨᠢ ᠬᠠᠤᠯᠢ ᠶᠣᠰᠣᠭᠠᠷ ᠴᠡᠭ᠌ᠴᠡᠯᠡᠨ ᠰᠠᠢᠵᠢᠷᠠᠭᠤᠯᠬᠤ ᠮᠡᠳᠡᠭ᠌ᠳᠡᠯ᠎ᠤᠨ ᠪᠢᠴᠢᠭ ᠪᠠᠭᠤᠯᠭᠠᠬᠤ᠎ᠶ᠋ᠢᠨ ᠬᠠᠮᠲᠤ ᠮᠥᠷᠳᠡᠨ ᠬᠢᠨᠠᠨ ᠵᠢᠯᠣᠭᠤᠳᠴᠤ᠌᠂ ᠬᠤᠭᠤᠴᠠᠭ᠎ᠠ ᠲᠣᠭ᠍ᠲᠠᠭᠠᠨ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠪᠠᠲᠤᠯᠠᠵᠤ᠂ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠡᠮᠬᠢ ᠳᠢᠭ᠌ᠯᠢᠮ᠎ᠤᠨ ᠦᠷᠭᠦᠯᠵᠢᠯᠡᠨ ᠰᠠᠢᠵᠢᠷᠠᠬᠤ᠎ᠶ᠋ᠢ ᠠᠬᠢᠭᠤᠯᠬᠤ ᠬᠡᠷᠡᠭ᠌ᠲᠡᠢ᠃

  ᠪᠠᠷᠢᠯᠭ᠎ᠠ᠎ᠶ᠋ᠢᠨ ᠠᠵᠢᠯ᠎ᠳᠤ ᠴᠢᠭ᠌ᠯᠡᠭᠦᠯᠦᠨ᠂ ᠲᠥᠷᠥᠯ ᠵᠦᠢᠯ᠎ᠤᠨ ᠳᠠᠯᠳᠠ ᠬᠡᠮ᠎ᠢ ᠠᠷᠢᠯᠭᠠᠪᠠ᠃ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ ᠲᠥᠷᠥᠯ᠎ᠤᠨ ᠬᠦᠷᠢᠶᠡᠨ᠎ᠳᠠᠬᠢ ᠡᠯ᠎ᠡ ᠲᠥᠷᠥᠯ᠎ᠤᠨ ᠪᠠᠢᠭᠤᠯᠵᠤ ᠪᠠᠢᠭ᠎ᠠ ᠪᠠᠷᠢᠯᠭ᠎ᠠ᠎ᠶ᠋ᠢᠨ ᠲᠥᠷᠥᠯ ᠵᠦᠢᠯ᠎ᠤᠨ ᠠᠮᠤᠷ ᠲᠦᠪᠱᠢᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠲᠥᠷᠥᠯ ᠵᠦᠢᠯ᠎ᠤᠨ ᠡᠯ᠎ᠡ ᠲᠠᠯ᠎ᠠ᠎ᠶ᠋ᠢᠨ ᠠᠮᠤᠷ ᠲᠦᠪᠱᠢᠨ᠎ᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ ᠪᠠ ᠪᠣᠳᠠᠲᠠᠶ ᠰᠡᠷᠭᠡᠢᠯᠡᠨ ᠬᠠᠮᠠᠭᠠᠯᠠᠬᠤ ᠠᠷᠭ᠎ᠠ ᠬᠡᠮᠵᠢᠶ᠎ᠡ᠎ᠶ᠋ᠢ ᠲᠣᠳᠣᠷᠬᠠᠢᠯᠠᠪᠠ᠃ ᠡᠯ᠎ᠡ ᠲᠥᠷᠥᠯ ᠵᠦᠢᠯ᠎ᠢ ᠬᠡᠷᠡᠭ᠌ᠵᠢᠭᠦᠯᠬᠦ᠌ ᠨᠢᠭᠡᠴᠢ᠎ᠶ᠋ᠢ ᠱᠠᠭᠠᠷᠳᠠᠵᠤ ᠪᠠᠢᠭᠠᠳ ᠠᠮᠤᠷ ᠲᠦᠪᠱᠢᠨ᠎ᠤ ᠳᠠᠯᠳᠠ ᠭᠡᠮ᠎ᠢ ᠥᠪᠡᠷ ᠎ᠢᠶᠡᠨ ᠪᠠᠢᠴᠠᠭᠠᠵᠤ ᠥᠪᠡᠰᠦᠪᠡᠨ ᠵᠠᠯᠠᠷᠠᠭᠤᠯᠬᠤ᠎ᠶ᠋ᠢ ᠭᠦᠨᠵᠡᠭᠡᠶ ᠥᠷᠨᠢᠭᠦᠯᠵᠦ᠍᠂ ᠳᠠᠯᠳᠠ ᠭᠡᠮ᠎ᠤᠨ ᠡᠬᠡ ᠳᠠᠩᠰᠠ ᠪᠠᠢᠭᠤᠯᠤᠨ᠂ ᠴᠠᠭ ᠲᠤᠬᠠᠶ᠎ᠳᠤ ᠨᠢ ᠴᠡᠭ᠌ᠴᠡᠯᠡᠨ ᠰᠠᠢᠵᠢᠷᠠᠭᠤᠯᠵᠤ ᠠᠷᠢᠯᠭᠠᠨ᠂ ᠪᠢᠲᠡᠭᠦᠦ ᠴᠠᠭᠠᠷᠢᠭ᠎ᠤᠨ ᠬᠠᠮᠢᠶᠠᠷᠤᠯᠲᠠ᠎ᠶ᠋ᠢ ᠪᠦᠷᠢᠯᠳᠦᠭᠦᠯᠵᠦ᠍᠂ ᠲᠥᠷᠥᠯ ᠵᠦᠢᠯ᠎ᠤᠨ ᠪᠦᠲᠦᠭᠡᠨ ᠪᠠᠢᠭᠤᠯᠤᠯᠲᠠ᠎ᠶ᠋ᠢᠨ ᠠᠮᠤᠷ ᠲᠦᠪᠱᠢᠨ ᠲᠣᠭ᠍ᠲᠠᠭᠤᠨ᠎ᠢᠶᠠᠷ ᠠᠬᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃

  ᠳᠠᠷᠠᠭᠠᠴᠢ᠎ᠶ᠋ᠢᠨ ᠠᠯᠬᠤᠮ᠎ᠳᠤ᠂ ᠪᠠᠭᠠᠷᠢᠨ ᠵᠡᠭᠦᠨ ᠬᠤᠱᠢᠭᠤᠨ᠎ᠤ ᠪᠠᠢᠭᠠᠯᠢ ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠥᠨᠳᠥᠷ ᠳᠠᠷᠤᠯᠲᠠᠲᠤ ᠪᠠᠢᠳᠠᠯ᠎ᠢᠶᠠᠨ ᠦᠷᠭᠦᠯᠵᠢᠯᠡᠨ ᠪᠠᠲᠤᠯᠠᠵᠤ᠂ ᠠᠶᠤᠯ ᠦᠭᠡᠢ ᠦᠢᠯᠡᠳᠪᠦᠷᠢᠯᠡᠯ᠎ᠤᠨ ᠡᠯ᠎ᠡ ᠵᠦᠢᠯ᠎ᠤᠨ ᠠᠵᠢᠯ᠎ᠢ ᠪᠠᠢᠩᠭᠤᠵᠢᠭᠤᠯᠤᠨ ᠰᠠᠢᠲᠤᠷ ᠠᠳᠭᠤᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠷᠢᠶᠡᠨ᠎ᠤ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠡᠷᠡᠰ ᠪᠠᠲᠤ ᠰᠠᠬᠢᠬᠤ ᠪᠣᠯᠤᠨ᠎ᠠ᠃

ᠢᠷᠡᠯᠲᠡ᠄ ᠤᠯᠠᠭᠠᠨᠬᠠᠳᠠ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ