ᠣᠷᠳᠣᠰ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠲᠠᠷᠢᠶᠠᠨ ᠭᠠᠵᠠᠷ᠎ᠢ ᠬᠠᠮᠠᠭᠠᠯᠠᠬᠤ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠵᠦ᠍ ᠲᠠᠷᠢᠶᠠᠨ ᠭᠠᠵᠠᠷ᠎ᠢ ᠬᠠᠮᠠᠭᠠᠯᠠᠬᠤ ᠤᠯᠠᠭᠠᠨ ᠱᠤᠭᠤᠮ᠎ᠢ ᠪᠠᠲᠤ ᠴᠣᠭ᠍ᠴᠠᠯᠠᠪᠠ
2025-09-05

  ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠢ ᠬᠠᠮᠠᠭᠠᠯᠠᠬᠤ ᠲᠤᠬᠠᠶ ᠴᠢᠬᠤᠯᠠ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠥᠬᠦ᠌ ᠬᠤᠲᠠ᠎ᠶ᠋ᠢᠨ ᠲᠠᠷᠢᠶᠠᠨ ᠭᠠᠵᠠᠷ᠎ᠢ ᠬᠠᠮᠠᠭᠠᠯᠠᠬᠤ ᠠᠵᠢᠯ᠎ᠤᠨ ᠡᠩᠨᠡᠭᠡ᠎ᠶ᠋ᠢᠨ ᠲᠤᠬᠠᠢᠯᠠᠭ᠍ᠰᠠᠨ ᠠᠵᠢᠯ᠎ᠤᠨ ᠴᠢᠳᠠᠪᠤᠷᠢ ᠬᠢᠭᠡᠳ ᠲᠥᠷᠥ᠎ᠶ᠋ᠢᠨ ᠪᠣᠳᠣᠯᠭ᠎ᠠ᠎ᠶ᠋ᠢᠨ ᠬᠡᠷᠡᠭ᠌ᠵᠢᠭᠦᠯᠬᠦ᠌ ᠬᠦᠴᠦᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ 9 ᠳ᠋ᠦ᠍ᠭᠡᠷ ᠰᠠᠷ᠎ᠠ᠎ᠶ᠋ᠢᠨ 5 ᠎ᠤ ᠡᠳᠦᠷ᠂ ᠣᠷᠳᠣᠰ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠪᠥᠬᠦ᠌ ᠬᠤᠲᠠ᠎ᠶ᠋ᠢᠨ ᠲᠠᠷᠢᠶᠠᠨ ᠭᠠᠵᠠᠷ᠎ᠢ ᠬᠠᠮᠠᠭᠠᠯᠠᠬᠤ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠵᠦ᠍᠂ ᠡᠯ᠎ᠡ ᠬᠤᠱᠢᠭᠤ ᠲᠣᠭᠤᠷᠢᠭ᠎ᠤᠨ ᠲᠠᠷᠢᠶᠠᠨ ᠭᠠᠵᠠᠷ᠎ᠢ ᠬᠠᠮᠠᠭᠠᠯᠠᠬᠤ ᠲᠤᠬᠠᠢᠯᠠᠭ᠍ᠰᠠᠨ ᠠᠵᠢᠯ᠎ᠤᠨ ᠬᠠᠷᠢᠭᠤᠴᠠᠯᠭᠠᠲᠠᠨ᠂ ᠠᠵᠢᠯᠲᠠᠨ ᠵᠢᠴᠢ ᠨᠢᠭᠡᠳᠦᠭᠡᠷ ᠹᠷᠣᠨᠲ᠎ᠤᠨ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ ᠪᠣᠯᠪᠠᠰᠤᠷᠠᠯ᠎ᠳᠤ ᠣᠷᠣᠯᠴᠠᠪᠠ᠃

  ᠪᠣᠯᠪᠠᠰᠤᠷᠠᠯ᠎ᠳᠤ᠂ ᠥᠪᠥᠷ ᠮᠣᠩᠭᠤᠯ ᠪᠥᠬᠦ᠌ ᠤᠯᠤᠰ᠎ᠤᠨ ᠲᠠᠷᠢᠶᠠᠨ ᠭᠠᠵᠠᠷ᠎ᠤᠨ ᠬᠠᠳᠠᠭᠠᠯᠠᠮᠵᠢ᠎ᠨᠢ ᠳ᠋ᠦᠩᠱᠢᠭᠤᠷ ᠮᠦ᠍ ᠎ᠠᠴᠠ ᠬᠡᠲᠦᠷᠡᠭ᠌ᠰᠡᠨ ᠲᠠᠪᠤᠨ ᠮᠤᠵᠢ ᠣᠷᠣᠨ᠎ᠤ ᠨᠢᠭᠡ ᠪᠣᠯᠤᠭ᠍ᠰᠠᠨ᠎ᠤ ᠬᠤᠪᠢ᠎ᠳᠤ᠂ ᠲᠠᠷᠢᠶᠠᠨ ᠭᠠᠵᠠᠷ᠎ᠢ ᠬᠠᠮᠠᠭᠠᠯᠠᠬᠤ ᠬᠠᠷᠢᠭᠤᠴᠠᠯᠭ᠎ᠠ ᠬᠦᠨᠳᠦ ᠶᠡᠭᠡ ᠪᠠᠢᠨ᠎ᠠ᠃ ᠡᠷᠬᠡᠪᠰᠢ ᠲᠠᠷᠢᠶᠠᠨ ᠭᠠᠵᠠᠷ᠎ᠢ ᠬᠠᠮᠠᠭᠠᠯᠠᠬᠤ ᠬᠠᠮᠤᠭ᠎ᠤᠨ ᠴᠢᠩᠭ᠎ᠠ ᠲᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠲᠠᠷᠢᠶᠠᠨ ᠭᠠᠵᠠᠷ᠎ᠤᠨ ᠤᠯᠠᠭᠠᠨ ᠱᠤᠭᠤᠮ ᠪᠠ ᠠᠮᠤ ᠪᠤᠳᠠᠭᠠᠨ᠎ᠤ ᠠᠮᠤᠷ ᠲᠦᠪᠱᠢᠨ᠎ᠤ ᠬᠤᠷᠢᠭ᠎ᠠ ᠱᠤᠭᠤᠮ᠎ᠢ ᠡᠷᠡᠰ ᠪᠠᠲᠤ ᠰᠠᠬᠢᠬᠤ ᠬᠡᠷᠡᠭ᠌ᠲᠡᠶ᠃ ᠪᠣᠯᠪᠠᠰᠤᠷᠠᠯ᠎ᠳᠤ ᠣᠷᠣᠯᠴᠠᠭ᠍ᠰᠠᠳ ᠤᠯᠤᠰ ᠲᠥᠷᠥ᠎ᠶ᠋ᠢᠨ ᠵᠣᠭ᠍ᠰᠣᠴᠠ᠎ᠪᠠᠨ ᠦᠨᠡᠨ ᠬᠦ᠌ ᠳᠡᠭᠡᠭ᠌ᠰᠢᠯᠡᠭᠦᠯᠵᠦ᠍᠂ ᠱᠢᠨ᠎ᠡ ᠪᠠᠢᠳᠠᠯ ᠳᠣᠤᠷᠠᠬᠢ ᠲᠠᠷᠢᠶᠠᠨ ᠭᠠᠵᠠᠷ᠎ᠢ ᠬᠠᠮᠠᠭᠠᠯᠠᠬᠤ᠎ᠶ᠋ᠢᠨ ᠲᠦᠢᠯ᠎ᠤᠨ ᠴᠢᠬᠤᠯᠠ ᠴᠢᠨᠠᠷ᠎ᠢ ᠭᠦᠨᠵᠡᠭᠡᠶ ᠲᠠᠨᠢᠵᠤ᠂ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢᠶᠠᠨ ᠪᠣᠳᠠᠲᠠᠶ ᠠᠵᠢᠯ᠎ᠤᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠲᠠᠷᠢᠶᠠᠨ ᠭᠠᠵᠠᠷ᠎ᠢ ᠬᠠᠮᠠᠭᠠᠯᠠᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ ᠬᠡᠷᠡᠭ᠌ᠲᠡᠶ᠃

  ᠲᠣᠰ ᠤᠳᠠᠭᠠᠨ᠎ᠤ ᠪᠣᠯᠪᠠᠰᠤᠷᠠᠯ᠎ᠤᠨ ᠰᠢᠨ᠎ᠡ᠎ᠶ᠋ᠢ ᠡᠭᠦᠳᠬᠦ᠌᠎ᠳᠤ 《ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠵᠦ᠍ ᠰᠣᠯᠢᠯᠴᠠᠨ ᠶᠠᠷᠢᠯᠴᠠᠬᠤ》 ᠵᠠᠭ᠍ᠪᠤᠷ᠎ᠢ ᠬᠡᠷᠡᠭ᠌ᠯᠡᠵᠦ᠍᠂ ᠬᠢᠴᠢᠶᠡᠯ᠎ᠤᠨ ᠠᠭᠤᠯᠭ᠎ᠠ᠎ᠨᠢ ᠪᠣᠳᠠᠲᠠᠶ ᠠᠵᠢᠯ᠎ᠤᠨ ᠬᠡᠷᠡᠭ᠌ᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠲᠠᠷᠢᠶᠠᠨ ᠭᠠᠵᠠᠷ᠎ᠢ ᠬᠠᠮᠠᠭᠠᠯᠠᠬᠤ ᠱᠠᠩᠨᠠᠵᠤ ᠲᠣᠷᠭᠠᠬᠤ ᠰᠠᠭᠤᠷᠢ ᠮᠥᠩᠭᠦ᠌᠂ ᠡᠵᠡᠯᠡᠬᠦ᠌ ᠨᠥᠬᠦᠪᠥᠷᠢᠯᠡᠬᠦ᠌᠎ᠶ᠋ᠢ ᠲᠡᠩᠴᠡᠭᠦᠷᠢᠲᠡᠶ ᠪᠠᠢᠯᠭᠠᠬᠤ᠂ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠬᠠᠮᠠᠭᠠᠯᠠᠬᠤ᠂ ᠪᠡᠯᠡᠳᠭᠡᠮᠵᠢᠳᠤ ᠲᠠᠷᠢᠶᠠᠯᠠᠩ᠎ᠳᠤ ᠬᠡᠷᠡᠭ᠌ᠯᠡᠬᠦ᠌ ᠭᠠᠵᠠᠷ᠎ᠢ ᠬᠢᠨᠠᠨ ᠬᠠᠮᠢᠶᠠᠷᠬᠤ᠂ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠮᠡᠳᠡᠭᠦᠯᠦᠨ ᠵᠥᠪᠱᠢᠶᠡᠷᠡᠭᠦᠯᠬᠦ᠂ ᠠᠭᠤᠷᠬᠠᠶ᠎ᠶ᠋ᠢᠨ ᠦᠢᠯᠡᠰ᠎ᠤᠨ ᠡᠷᠬᠡ᠎ᠶ᠋ᠢ ᠳᠠᠩᠰᠠᠯᠠᠬᠤ ᠵᠢᠴᠢ ᠲᠠᠷᠢᠶᠠᠨ ᠭᠠᠵᠠᠷ᠎ᠢ ᠬᠠᠮᠠᠭᠠᠯᠠᠬᠤ ᠬᠠᠷᠢᠭᠤᠴᠠᠯᠭ᠎ᠠ᠎ᠶ᠋ᠢ ᠬᠢᠨᠠᠨ ᠱᠢᠯᠭᠠᠬᠤ ᠵᠡᠷᠭᠡ ᠭᠤᠤᠯᠳᠠᠯᠭ᠎ᠠ᠎ᠲᠠᠢ ᠬᠦᠷᠢᠶ᠎ᠡ ᠴᠠᠷᠠᠭ᠎ᠠ᠎ᠶ᠋ᠢ ᠬᠠᠮᠤᠷᠴᠠᠶ᠃ ᠲᠤᠰᠭᠠᠶ ᠰᠡᠳᠦᠪᠲᠦ ᠲᠠᠢᠯᠤᠮᠵᠢ ᠪᠠ ᠱᠢᠰᠲ᠋ᠧᠮ᠎ᠤᠨ ᠪᠣᠳᠠᠲᠤ ᠠᠵᠢᠯᠯᠠᠭ᠎ᠠ᠎ᠶ᠋ᠢ ᠤᠶᠠᠯᠳᠤᠭᠤᠯᠬᠤ᠎ᠪᠠᠷ ᠳᠠᠮᠵᠢᠭᠤᠯᠤᠨ᠂ ᠲᠥᠷᠥ᠎ᠶ᠋ᠢᠨ ᠪᠣᠳᠣᠯᠭ᠎ᠠ᠎ᠶ᠋ᠢᠨ ᠵᠢᠷᠤᠮᠵᠢᠯ ᠪᠠ ᠪᠣᠳᠠᠲᠤ ᠶᠠᠪᠤᠳᠠᠯ᠎ᠤᠨ ᠠᠵᠢᠯᠯᠠᠭ᠎ᠠ᠎ᠶ᠋ᠢ ᠳᠣᠪᠤᠢᠯᠭᠠᠵᠤ᠂ ᠠᠵᠢᠯᠲᠠᠨ᠎ᠤ ᠲᠤᠬᠠᠢᠯᠠᠭ᠍ᠰᠠᠨ ᠠᠵᠢᠯ᠎ᠤᠨ ᠬᠢᠷᠢ ᠬᠡᠮᠵᠢᠶ᠎ᠡ ᠪᠠ ᠱᠢᠰᠲ᠋ᠧᠮ᠎ᠤᠨ ᠬᠡᠷᠡᠭ᠌ᠯᠡᠭᠡᠨ᠎ᠤ ᠴᠢᠳᠠᠪᠤᠷᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠦᠨ᠎ᠡ᠃

  ᠪᠣᠯᠪᠠᠰᠤᠷᠠᠯ᠎ᠤᠨ ᠬᠤᠷᠠᠯ᠎ᠤᠨ ᠳᠠᠷᠠᠭ᠎ᠠ᠂ ᠣᠷᠳᠣᠰ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠪᠥᠬᠦ᠌ ᠬᠤᠲᠠ᠎ᠶ᠋ᠢᠨ ᠲᠠᠷᠢᠶᠠᠨ ᠭᠠᠵᠠᠷ᠎ᠢ ᠬᠠᠮᠠᠭᠠᠯᠠᠬᠤ ᠲᠤᠬᠠᠢᠯᠠᠭ᠍ᠰᠠᠨ ᠠᠵᠢᠯ᠎ᠤᠨ ᠰᠣᠯᠢᠯᠴᠠᠭᠠᠨ᠎ᠤ ᠶᠠᠷᠢᠯᠴᠠᠬᠤ ᠬᠤᠷᠠᠯ᠎ᠢ ᠵᠣᠬᠢᠶᠠᠨ ᠪᠠᠢᠭᠤᠯᠤᠨ ᠬᠤᠷᠠᠯᠳᠤᠭᠤᠯᠪᠠ᠃ ᠡᠯ᠎ᠡ ᠬᠤᠱᠢᠭᠤ ᠲᠣᠭᠤᠷᠢᠭ᠎ᠤᠨ ᠲᠥᠯᠥᠭᠡᠯᠡᠭ᠌ᠴᠢᠳ ᠣᠳᠣᠬᠠᠨ᠎ᠤ ᠲᠠᠷᠢᠶᠠᠨ ᠭᠠᠵᠠᠷ᠎ᠢ ᠬᠠᠮᠠᠭᠠᠯᠠᠬᠤ ᠠᠵᠢᠯ᠎ᠤᠨ ᠠᠬᠢᠴᠠ᠂ ᠣᠷᠣᠱᠢᠵᠤ ᠪᠠᠢᠭ᠎ᠠ ᠠᠰᠠᠭᠤᠳᠠᠯ ᠵᠢᠴᠢ ᠲᠠᠷᠠᠭᠠᠴᠢ᠎ᠶ᠋ᠢᠨ ᠠᠯᠬᠤᠮ᠎ᠤᠨ ᠲᠥᠯᠥᠪᠯᠡᠭᠡ᠎ᠪᠠᠨ ᠬᠠᠷᠢᠭᠤ ᠮᠡᠳᠡᠭᠦᠯᠵᠦ᠍᠂ ᠣᠳᠣᠬᠠᠨ᠎ᠤ ᠠᠵᠢᠯ᠎ᠤᠨ ᠳᠤᠮᠳᠠ ᠲᠤᠯᠭᠠᠷᠠᠭ᠍ᠰᠠᠨ ᠬᠦᠴᠢᠷ ᠲᠦᠪᠡᠭ᠌ᠲᠡᠶ ᠠᠰᠠᠭᠤᠳᠠᠯ᠎ᠢ ᠢᠳᠡᠪᠬᠢᠲᠡᠶ ᠰᠤᠳᠤᠯᠤᠨ ᠶᠠᠷᠢᠯᠴᠠᠬᠤ᠎ᠶ᠋ᠢᠨ ᠬᠠᠮᠲᠤ ᠪᠣᠯᠪᠠᠰᠤᠷᠠᠯ᠎ᠤᠨ ᠬᠢᠴᠢᠶᠡᠯ᠎ᠲᠠᠢ ᠤᠶᠠᠯᠳᠤᠭᠤᠯᠤᠨ ᠲᠣᠰ ᠲᠣᠰ᠎ᠤᠨ ᠲᠤᠷᠱᠢᠯᠭ᠎ᠠ ᠠᠷᠭ᠎ᠠ ᠬᠢᠳᠡᠯ᠎ᠢᠶᠠᠨ ᠬᠤᠪᠢᠶᠠᠯᠴᠠᠵᠤ᠂ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠤᠬᠠᠶ᠎ᠶ᠋ᠢᠨ ᠲᠠᠯᠠᠪᠠᠶ᠎ᠳᠤ ᠰᠡᠵᠢᠭ᠎ᠢ ᠠᠯᠳᠠᠷᠠᠭᠠᠵᠤ᠂ ᠬᠠᠮᠲᠤ᠎ᠶ᠋ᠢᠨ ᠲᠠᠨᠢᠯᠲᠠ᠎ᠶ᠋ᠢ ᠤᠯᠠᠮ ᠨᠢᠭᠡ ᠠᠯᠬᠤᠮ ᠨᠢᠭ᠍ᠲᠠᠷᠠᠭᠤᠯᠤᠨ᠂ ᠭᠤᠤᠯᠳᠠᠯᠭ᠎ᠠ᠎ᠶ᠋ᠢ ᠲᠣᠳᠣᠷᠬᠠᠢᠯᠠᠵᠤ᠂ ᠪᠥᠬᠦ᠌ ᠬᠤᠲᠠ᠎ᠶ᠋ᠢᠨ ᠲᠠᠷᠢᠶᠠᠨ ᠭᠠᠵᠠᠷ᠎ᠢ ᠬᠠᠮᠠᠭᠠᠯᠠᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠬᠤ᠎ᠳᠤ ᠰᠠᠭᠤᠷᠢ᠎ᠶ᠋ᠢ ᠪᠠᠬᠢᠵᠢᠭᠦᠯᠪᠡ᠃

ᠢᠷᠡᠯᠲᠡ᠄ ᠤᠷᠳᠤᠰ ᠬᠤᠳᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠤᠪᠴᠢᠶ᠎ᠠ