ᠬᠢᠩᠭᠠᠨ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ᠌ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠤᠨ ᠣᠶ᠎ᠶ᠋ᠢ ᠳᠤᠷᠠᠰᠭᠠᠬᠤ ᠶᠡᠭᠡ ᠬᠤᠷᠠᠯ᠎ᠤᠨ ᠱᠢᠭᠤᠳ ᠨᠡᠪᠲᠡᠷᠡᠭᠦᠯᠭᠡ᠎ᠶ᠋ᠢ ᠵᠣᠬᠢᠶᠠᠨ ᠪᠠᠢᠭᠤᠯᠵᠤ ᠦᠵᠡᠪᠡ
2025-09-03

  ᠲᠡᠦᠬᠡ ᠪᠠᠨ ᠡᠷᠭᠢᠴᠡᠭᠦᠯᠵᠦ᠍᠂  ᠦᠨᠢ ᠡᠭᠦᠷᠢᠳᠡ ᠰᠡᠳᠭᠢᠯ᠎ᠳᠦ᠎ᠪᠡᠨ ᠬᠠᠳᠠᠩᠰᠢᠯᠠᠭᠤᠯᠤᠨ᠎ᠠ ᠃ 9 ᠳ᠋ᠦ᠍ᠭᠡᠷ ᠰᠠᠷ᠎ᠠ᠎ᠶ᠋ᠢᠨ 3 ᠎ᠤ ᠡᠳᠦᠷ᠎ᠤᠨ ᠦᠳᠡ᠎ᠶ᠋ᠢᠨ ᠡᠮᠦᠨ᠎ᠡ᠂ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ᠌ ᠲᠠᠢᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢᠨ᠎ᠤ ᠢᠯᠠᠯᠲᠠ ᠣᠯᠤᠭ᠍ᠰᠠᠨ 80 ᠵᠢᠯ᠎ᠤᠨ ᠤᠢ᠎ᠶ᠋ᠢ ᠳᠤᠷᠠᠰᠭᠠᠬᠤ ᠶᠡᠭᠡ ᠬᠤᠷᠠᠯ ᠪᠡᠭᠡᠵᠢᠩ᠎ᠤᠨ ᠲᠢᠶᠠᠨ ᠠᠨ ᠮᠧᠨ ᠲᠠᠯᠠᠪᠠᠢ᠎ᠳᠤ ᠦᠪᠡᠳᠡᠭ᠌ᠰᠢ ᠶᠡᠭᠡ᠎ᠪᠠᠷ ᠶᠠᠪᠤᠭ᠍ᠳᠠᠪᠠ᠃ ᠲᠡᠦᠬᠡ᠎ᠪᠠᠨ ᠪᠠᠲᠤ ᠴᠡᠭᠡᠵᠢᠯᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠨᠠᠮ᠎ᠤᠨ ᠭᠡᠱᠢᠭᠦᠨ ᠺᠠᠳ᠋ᠷᠴᠤᠳ᠎ᠤᠨ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠭᠢᠯᠭᠡ᠎ᠶ᠋ᠢ ᠬᠥᠭ᠌ᠵᠢᠭᠡᠵᠦ᠍᠂ ᠬᠤᠪᠢᠰᠭᠠᠯ᠎ᠤᠨ ᠤᠳᠤᠮᠱᠢᠯ᠎ᠢ ᠤᠯᠠᠮᠵᠢᠯᠠᠬᠤ᠎ᠶ᠋ᠢᠨ ᠲᠥᠯᠥᠭᠡ᠂ ᠲᠡᠦᠬᠡᠲᠦ ᠡᠭᠦᠷᠭᠡᠲᠦ ᠰᠡᠳᠭᠢᠯᠭᠡ ᠪᠠ ᠨᠡᠢᠭᠡᠮ᠎ᠤᠨ ᠬᠠᠷᠢᠭᠤᠴᠠᠯᠭᠠᠲᠤ ᠰᠡᠳᠭᠢᠯᠭᠡ᠎ᠪᠠᠨ ᠴᠢᠩᠭᠠᠳᠭᠠᠵᠤ᠂ ᠬᠢᠩᠭᠠᠨ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠪᠦᠬᠦ᠌ ᠺᠠᠳ᠋ᠷ ᠠᠵᠢᠯᠳᠠᠨ ᠠᠵᠢᠯᠴᠢᠨ᠎ᠢ ᠵᠣᠬᠢᠶᠠᠨ ᠪᠠᠢᠭᠤᠯᠵᠤ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ᠌ ᠲᠠᠢᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢᠨ᠎ᠤ ᠢᠯᠠᠯᠲᠠ ᠣᠯᠤᠭ᠍ᠰᠠᠨ 80 ᠵᠢᠯ᠎ᠤᠨ ᠤᠢ᠎ᠶ᠋ᠢ ᠳᠤᠷᠠᠰᠭᠠᠬᠤ ᠶᠡᠭᠡ ᠬᠤᠷᠠᠯ᠎ᠤᠨ ᠱᠢᠭᠤᠳ ᠨᠡᠪᠲᠡᠷᠡᠭᠦᠯᠭᠡ᠎ᠶ᠋ᠢ ᠰᠣᠨᠢᠷᠬᠠᠵᠠᠢ᠃

  ᠲᠣᠰ ᠤᠳᠠᠭᠠᠨ᠎ᠤ ᠱᠢᠭᠤᠳ ᠨᠡᠪᠲᠡᠷᠡᠭᠦᠯᠭᠡ᠎ᠶ᠋ᠢ ᠦᠵᠡᠬᠦ᠌ ᠠᠵᠢᠯᠯᠠᠭ᠎ᠠ᠎ᠨᠢ ᠪᠥᠬᠦ᠌ ᠺᠠᠳ᠋ᠷ ᠠᠵᠢᠯᠲᠠᠨ ᠠᠵᠢᠯᠴᠢᠨ᠎ᠤ ᠤᠯᠤᠰ ᠲᠥᠷᠥ᠎ᠶ᠋ᠢᠨ ᠤᠬᠠᠮᠰᠠᠷ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠲᠡᠭᠦᠨ᠎ᠳᠤ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ᠌ ᠳᠠᠢᠨ᠎ᠤ ᠠᠭᠤᠤ ᠶᠡᠭᠡ ᠥᠩᠭᠡᠷᠡᠯᠲᠡ᠂ ᠡᠷᠡᠯᠬᠡᠭ ᠪᠠᠭᠠᠲᠤᠷᠯᠢᠭ ᠠᠤᠭ᠎ᠠ ᠠᠵᠢᠯᠯᠠᠭ᠎ᠠ ᠪᠠ ᠲᠡᠦᠬᠡᠨ ᠲᠤᠷᠱᠢᠯᠭ᠎ᠠ᠎ᠶ᠋ᠢ ᠣᠢᠯᠠᠭᠠᠭᠤᠯᠵᠤ᠂ ᠲᠡᠤᠬᠡ᠎ᠶ᠋ᠢ ᠳᠠᠬᠢᠨ ᠡᠷᠭᠢᠴᠡᠭᠦᠯᠦᠭ᠌ᠰᠡᠨ᠂ ᠤᠯᠤᠰ᠎ᠤᠨ ᠢᠴᠢᠭᠦᠷᠢ ᠭᠤᠲᠤᠮᠱᠢᠭ᠎ᠢ ᠮᠠᠷᠲᠠᠵᠤ ᠪᠣᠯᠬᠤ ᠦᠭᠡᠢ᠂ ᠳᠤᠮᠳᠠᠳᠤ ᠤᠯᠤᠰ᠎ᠢᠶᠠᠨ ᠬᠦᠭᠵᠢᠭᠦᠯᠦᠨ ᠮᠠᠨᠳᠤᠭᠤᠯᠬᠤ ᠡᠬᠡ ᠤᠷᠤᠨᠴᠢ ᠦᠵᠡᠯ᠎ᠤᠨ ᠬᠥᠮᠦᠵᠢᠯ ᠪᠠᠢ᠌ᠵᠦ᠂ ᠪᠥᠬᠦ᠌ ᠺᠠᠳ᠋ᠷᠴᠤᠳ᠎ᠤᠨ ᠡᠷᠡᠯᠬᠡᠭ᠌ᠯᠡᠨ ᠲᠡᠮᠡᠴᠡᠵᠦ᠍᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠤᠬᠠᠮᠰᠠᠷ᠎ᠢ ᠬᠦᠴᠦᠲᠡᠶ ᠬᠥᠭ᠌ᠵᠢᠭᠡᠵᠦ᠍᠂ ᠲᠡᠤᠬᠡ᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠰᠡᠳᠭᠢᠯᠭᠡ᠎ᠪᠠᠨ ᠴᠢᠩᠭᠠᠳᠭᠠᠵᠤ᠂ ᠲᠡᠥᠬᠡ᠎ᠪᠡᠨ ᠥᠯᠥ᠍ ᠮᠠᠷᠲᠠᠨ᠂ ᠵᠣᠷᠢᠭ ᠱᠢᠭᠤᠳᠤᠨ ᠰᠡᠷᠭᠦᠨ ᠮᠠᠨᠳᠤᠯᠲᠠ ᠬᠢᠬᠦ᠌ ᠭᠦᠨ ᠵᠤᠵᠠᠭᠠᠨ ᠤᠯᠤᠰ᠎ᠢᠶᠠᠨ ᠬᠠᠢᠷᠠᠯᠠᠬᠤ ᠠᠭᠤᠷ ᠠᠮᠢᠰᠭᠤᠯ᠎ᠢ ᠪᠣᠶ ᠪᠣᠯᠭᠠᠭ᠍ᠰᠠᠨ ᠪᠠᠢᠨ᠎ᠠ᠃

  ᠠᠬᠤᠢ ᠲᠠᠯᠠᠪᠠᠢ᠎ᠳᠤ ᠱᠢᠭᠤᠳ ᠨᠡᠪᠲᠡᠷᠡᠭᠦᠯᠭᠡ᠎ᠶ᠋ᠢ ᠦᠵᠡᠭ᠌ᠰᠡᠨ ᠨᠠᠮ᠎ᠤᠨ ᠭᠡᠱᠢᠭᠦᠨ ᠺᠠᠳ᠋ᠷᠴᠤᠳ᠂ 《ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ᠌ ᠲᠠᠢᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠯᠠᠯᠳᠤᠭᠠᠨ᠂ ᠳᠤᠮᠳᠠᠳᠤ᠎ᠶ᠋ᠢᠨ ᠬᠥᠪᠡᠭᠦᠳ ᠥᠬᠢᠳ᠎ᠤᠨ ᠴᠢᠰᠤ ᠤᠷᠤᠰᠬᠠᠭᠰᠠᠨ ᠲᠡᠮᠡᠴᠡᠯ᠎ᠤᠨ ᠲᠡᠦᠬᠡ᠎ᠶ᠋ᠢ ᠳᠦᠭᠦᠷᠲᠡᠯ᠎ᠡ ᠲᠡᠮᠳᠡᠭᠯᠡᠵᠦ᠂ ᠮᠠᠨ᠎ᠤ ᠠᠬᠠᠮᠠᠳ ᠦᠶ᠎ᠡ᠎ᠶ᠋ᠢᠨ᠎ᠬᠢᠨ᠎ᠢ ᠬᠦᠨᠳᠦᠳᠭᠡᠨ ᠪᠢᠰᠢᠷᠡᠬᠦ ᠪᠠ ᠵᠣᠷᠢᠭ ᠰᠠᠨᠠᠭᠠᠨ᠎ᠤ ᠵᠠᠯᠭᠠᠮᠵᠢᠯᠠᠯ᠎ᠢ ᠳᠦᠭᠦᠷᠡᠩ ᠲᠡᠮᠳᠡᠭᠯᠡᠵᠦ ᠪᠠᠢ᠌ᠳᠠᠭ᠃ ᠰᠢᠨ᠎ᠡ ᠴᠠᠭ ᠦᠶ᠎ᠡ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠬᠥᠮᠦᠨ ᠪᠣᠯᠤᠭ᠍ᠰᠠᠨ᠎ᠤ ᠬᠤᠪᠢ᠎ᠳᠤ᠂ ᠶᠠᠫᠣᠨ᠎ᠢ ᠡᠰᠡᠷᠭᠦᠴᠡᠬᠦ᠌ ᠠᠭᠤᠤ ᠶᠡᠭᠡ ᠵᠣᠷᠢᠭ ᠰᠠᠨᠠᠭ᠎ᠠ᠎ᠶ᠋ᠢ ᠯᠠᠪᠲᠠᠶ ᠤᠯᠠᠮᠵᠢᠯᠠᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠢ ᠰᠠᠢᠲᠤᠷ ᠬᠢᠬᠦ᠌ ᠪᠣᠳᠠᠲᠤ ᠦᠷ᠎ᠡ ᠪᠦᠲᠦᠮᠵᠢ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠥᠬᠦ᠌ ᠲᠠᠯ᠎ᠠ᠎ᠪᠠᠷ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠢᠯᠡᠳᠭᠡᠵᠡᠭᠡᠪᠡ᠃ 

ᠢᠷᠡᠯᠲᠡ᠄ ᠬᠢᠩᠭᠠᠨ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠤᠪᠴᠢᠶ᠎ᠠ