ᠰᠢ ᠶ᠋ᠢᠨ ᠫᠢᠩ᠎ᠤᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠦᠢᠯᠡᠳᠦᠯᠭᠡᠵᠢᠭᠦᠯᠵᠦ᠍᠂ 《ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ》ᠭᠡᠬᠦ᠌ ᠣᠢᠯᠠᠭᠠᠭ᠍ᠳᠠᠬᠤᠨ᠎ᠢ ᠪᠠᠲᠤ ᠪᠠᠬᠢ ᠪᠣᠶ ᠪᠣᠯᠭᠠᠨ ᠦᠢᠯᠡᠳᠦᠯᠭᠡᠵᠢᠭᠦᠯᠬᠦ᠌᠎ᠶ᠋ᠢᠨ ᠲᠥᠯᠥᠭᠡ᠂ ᠣᠷᠳᠣᠰ ᠬᠤᠲᠠ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠯᠲᠡ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠭᠤᠷᠬᠠᠶ᠎ᠶ᠋ᠢᠨ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠬᠤ᠂ ᠬᠥᠮᠦᠨ ᠬᠢᠭᠡᠳ ᠪᠠᠢᠭᠠᠯᠢ᠎ᠶ᠋ᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠱᠢᠬᠤ᠎ᠶ᠋ᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠱᠢᠰᠲ᠋ᠧᠮ᠎ᠲᠠᠢ ᠲᠥᠯᠥᠪᠵᠢᠭᠦᠯᠵᠦ᠍᠂ ᠪᠥᠬᠦ᠌ ᠴᠠᠷᠠᠭ᠎ᠠ᠎ᠪᠠᠷ ᠠᠬᠢᠭᠤᠯᠤᠨ᠂ ᠪᠥᠬᠦ᠌ ᠬᠤᠲᠠ᠎ᠶ᠋ᠢᠨ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠤᠨ ᠱᠠᠲᠤᠴᠢ ᠴᠢᠨᠠᠷᠲᠠᠶ ᠢᠯᠡᠳᠲᠡ ᠦᠷ᠎ᠡ ᠪᠦᠲᠦᠮᠵᠢ ᠤᠯᠬᠤ᠎ᠶ᠋ᠢ ᠠᠬᠢᠭᠤᠯᠪᠠ᠃
2025 ᠣᠨ᠎ᠤ 12 ᠳ᠋ᠤᠭ᠋ᠠᠷ ᠰᠠᠷ᠎ᠠ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠤᠷᠢᠳ ᠬᠤᠵᠢᠳ ᠬᠤᠶᠠᠷ ᠪᠦᠯᠦᠭ᠎ᠢ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ᠎ᠶ᠋ᠢᠨ ᠨᠡᠷᠡᠰ᠎ᠤᠨ ᠵᠢᠭ᠍ᠰᠠᠭᠠᠯᠲᠠ᠎ᠳᠤ ᠣᠷᠣᠭᠤᠯᠵᠤ᠂ ᠣᠷᠳᠣᠰ ᠬᠤᠲᠠ᠎ᠶ᠋ᠢᠨ 20 ᠠᠭᠤᠷᠬᠠᠶ᠎ᠶ᠋ᠢ ᠬᠥᠮᠥᠷᠭᠡ᠎ᠳᠤ ᠠᠮᠵᠢᠯᠲᠠ᠎ᠲᠠᠢ᠎ᠪᠠᠷ ᠣᠷᠣᠭᠤᠯᠬᠤ ᠪᠣᠯᠤᠨ᠎ᠠ᠃ ᠣᠲᠣ ᠪᠣᠯᠲᠠᠯ᠎ᠠ᠂ ᠪᠥᠬᠦ᠌ ᠬᠤᠲᠠ᠎ᠳᠤ ᠨᠡᠢᠲᠡ 191 ᠪᠣᠬᠢᠷᠲᠤᠯ ᠥᠬᠡᠶ ᠠᠭᠤᠷᠬᠠᠶ᠎ᠶ᠋ᠢ ᠪᠠᠢᠭᠤᠯᠵᠤ᠂ ᠡᠭᠦᠨ᠎ᠳᠤ ᠤᠯᠤᠰ᠎ᠤᠨ ᠲᠠᠰ᠎ᠤᠨ 19 ᠰᠠᠭᠤᠷᠢ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ 172 ᠰᠠᠭᠤᠷᠢ ᠪᠠᠢᠵᠤ᠂ ᠶᠡᠷᠦᠩᠬᠡᠶ ᠲᠤᠭ᠎ᠠ᠎ᠨᠢ ᠪᠥᠬᠦ᠌ ᠣᠷᠣᠨ᠎ᠤ ᠲᠡᠷᠢᠭᠦᠨ᠎ᠳᠤ ᠣᠷᠣᠪᠠ᠃ ᠢᠯᠠᠩᠭᠤᠶ᠎ᠠ 2024 ᠣᠨ᠎ᠤ 4 ᠳ᠋ᠦ᠍ᠭᠡᠷ ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠭ᠌ᠰᠡᠨ᠎ᠡᠴᠡ ᠨᠠᠭ᠋ᠠᠰᠢ᠂ ᠪᠥᠬᠦ᠌ ᠬᠤᠲᠠ᠎ᠳᠤ 43 ᠪᠣᠬᠢᠷᠲᠤᠯ ᠥᠬᠡᠶ ᠠᠭᠤᠷᠬᠠᠶ᠎ᠶ᠋ᠢ ᠱᠢᠨ᠎ᠡ᠎ᠪᠠᠷ ᠪᠠᠢᠭᠤᠯᠪᠠ᠃
ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠵᠢᠯ᠎ᠤᠨ ᠡᠮᠬᠢ ᠵᠢᠷᠤᠮ᠎ᠲᠠᠢ ᠥᠷᠨᠢᠬᠦ᠌᠎ᠶ᠋ᠢ ᠯᠠᠪᠳᠠᠭᠤᠨ ᠪᠠᠲᠤᠲᠠᠶ ᠠᠬᠢᠭᠤᠯᠬᠤ᠎ᠶ᠋ᠢᠨ ᠲᠥᠯᠥᠭᠡ᠂ ᠣᠷᠳᠣᠰ ᠬᠤᠲᠠ ᠱᠢᠰᠲ᠋ᠧᠮ᠎ᠲᠠᠢ᠎ᠪᠠᠷ ᠲᠥᠷᠥ᠎ᠶ᠋ᠢᠨ ᠪᠣᠳᠣᠯᠭ᠎ᠠ ᠬᠡᠷᠡᠭ᠌ᠵᠢᠭᠦᠯᠬᠦ᠂ ᠨᠠᠷᠢᠯᠢᠭ ᠣᠨᠣᠴᠠᠲᠠᠶ᠎ᠪᠠᠷ ᠬᠦᠴᠦᠯᠡᠬᠦ᠌᠎ᠶ᠋ᠢ ᠪᠠᠷᠢᠮᠲᠠᠯᠠᠨ᠂ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ 《ᠣᠷᠳᠣᠰ ᠬᠤᠲᠠ᠎ᠶ᠋ᠢᠨ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠲᠦᠷᠢᠮ》 ᠢ ᠤᠷᠢᠳᠠᠪᠠᠷ ᠲᠣᠭ᠍ᠲᠠᠭᠠᠨ ᠨᠡᠢᠲᠡᠯᠡᠵᠦ᠍᠂ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠦᠨᠳᠦᠰᠦᠯᠡᠯ᠎ᠢ ᠪᠡᠶᠡᠯᠡᠭᠦᠯᠪᠡ; ᠪᠠᠷᠢᠮᠵᠢᠶ᠎ᠠ᠎ᠶ᠋ᠢᠨ ᠱᠢᠰᠲ᠋ᠧᠮ᠎ᠢ ᠪᠦᠷᠢᠨᠱᠢᠬᠦᠯᠵᠦ᠍᠂ 《ᠣᠷᠳᠣᠰ ᠬᠤᠲᠠ᠎ᠶ᠋ᠢᠨ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭᠠᠨ᠎ᠤ ᠵᠢᠯᠣᠭᠤᠳᠭᠤ ᠪᠢᠴᠢᠭ》 《ᠣᠷᠳᠣᠰ ᠬᠤᠲᠠ᠎ᠶ᠋ᠢᠨ ᠵᠡᠭᠦᠨᠭᠠᠷ — ᠳ᠋ᠦᠩᠱᠧᠩ ᠪᠣᠬᠢᠷᠲᠤᠯ ᠥᠬᠡᠶ ᠠᠭᠤᠷᠬᠠᠶ᠎ᠶ᠋ᠢᠨ ᠦᠢᠯᠡᠰ᠎ᠤᠨ ᠵᠢᠱ᠌ᠢᠶ᠎ᠡ ᠦᠵᠡᠭᠦᠯᠬᠦ᠌ ᠣᠷᠣᠨ᠎ᠤ ᠪᠥᠲᠥᠭᠡᠨ ᠪᠠᠢᠭᠤᠯᠤᠯᠲᠠ᠎ᠶ᠋ᠢᠨ ᠲᠥᠰᠦᠯ》 ᠢ ᠨᠡᠢᠲᠡᠯᠡᠵᠦ᠍ ᠳᠠᠭᠤᠰᠭᠠᠨ᠂ ᠠᠵᠤ ᠠᠬᠤᠢᠯᠠᠯ᠎ᠢ ᠬᠥᠲᠥᠯᠦᠨ ᠵᠢᠯᠣᠭᠤᠳᠴᠤ᠌ ᠪᠠᠢᠭᠠᠳ 《ᠰᠠᠨᠠᠭᠠᠴᠢᠯᠠᠭᠠᠲᠤ ᠪᠤᠰᠤ᠎ᠪᠠᠷ ᠴᠡᠭ᠌ᠴᠡᠯᠡᠨ ᠰᠠᠢᠵᠢᠷᠠᠭᠤᠯᠵᠤ》 ᠪᠠᠢᠭ᠍ᠰᠠᠨ᠎ᠠᠴᠠ 《ᠰᠠᠨᠠᠭᠠᠴᠢᠯᠠᠭ᠎ᠠ᠎ᠠᠴᠠ᠎ᠪᠠᠨ ᠡᠭᠦᠳᠦᠨ ᠪᠠᠢᠭᠤᠯᠬᠤ》 ᠲᠡᠢᠰᠢ ᠱᠢᠯᠵᠢᠭᠦᠯᠪᠡ; ᠵᠢᠱ᠌ᠢᠶ᠎ᠡ ᠦᠵᠡᠭᠦᠯᠬᠦ᠌ ᠦᠢᠯᠡᠳᠦᠯ᠎ᠢ ᠪᠠᠳᠠᠷᠠᠭᠤᠯᠵᠤ᠂ ᠤᠷᠢᠳ ᠬᠤᠵᠢᠳ 2 ᠤᠳᠠᠭ᠎ᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ᠂ 3 ᠤᠳᠠᠭ᠎ᠠ ᠪᠥᠬᠦ᠌ ᠬᠤᠲᠠ᠎ᠶ᠋ᠢᠨ ᠪᠣᠬᠢᠷᠲᠤᠯ ᠥᠬᠡᠶ ᠠᠭᠤᠷᠬᠠᠶ᠎ᠶ᠋ᠢᠨ ᠠᠬᠤᠢ ᠲᠠᠯᠠᠪᠠᠢ᠎ᠶᠢᠨ ᠬᠤᠷᠠᠯ᠎ᠢ ᠳᠠᠭᠠᠭᠠᠴᠢᠯᠠᠨ ᠡᠷᠭᠢᠯᠡᠵᠦ᠍᠂ 38 ᠠᠭᠤᠷᠬᠠᠢ᠎ᠶᠢᠨ ᠵᠢᠱ᠌ᠢᠶ᠎ᠡ ᠦᠵᠡᠭᠦᠯᠬᠦ ᠪᠦᠲᠦᠭᠡᠨ ᠪᠠᠢᠭᠤᠯᠤᠯᠲᠠ ᠶᠢ ᠠᠬᠢᠭᠤᠯᠵᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠲᠤᠷᠱᠢᠯᠭ᠎ᠠ᠎ᠶ᠋ᠢᠨ ᠵᠠᠭ᠍ᠪᠤᠷ᠎ᠢ ᠪᠣᠶ ᠪᠣᠯᠭᠠᠪᠠ᠃
ᠲᠠᠷᠠᠭᠠᠴᠢ᠎ᠶ᠋ᠢᠨ ᠠᠯᠬᠤᠮ᠎ᠳᠤ᠂ ᠣᠷᠳᠣᠰ ᠬᠤᠲᠠ ᠪᠣᠬᠢᠷᠲᠤᠯ ᠥᠬᠡᠶ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠦᠷᠭᠦᠯᠵᠢᠯᠡᠨ ᠭᠦᠨᠵᠡᠭᠡᠶ ᠲᠤᠭᠤᠰᠢᠯᠠᠭᠤᠯᠵᠤ᠂ ᠣᠲᠣ᠎ᠶ᠋ᠢᠨ ᠪᠠᠢᠭ᠎ᠠ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢᠶᠠᠨ ᠪᠠᠬᠢᠵᠢᠭᠦᠯᠵᠦ᠍᠂ ᠣᠷᠳᠣ ᠬᠤᠭᠤᠴᠠᠭᠠᠨ᠎ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭ᠍ᠲᠠᠴᠠ᠎ᠶ᠋ᠢ ᠪᠠᠢᠭᠤᠯᠤᠨ ᠪᠦᠷᠢᠨᠱᠢᠬᠦᠯᠵᠦ᠍᠂ ᠦᠷᠭᠦᠯᠵᠢᠯᠡᠨ ᠬᠦᠴᠦᠯᠡᠵᠦ᠍᠂ ᠣᠷᠳᠣ ᠬᠤᠭᠤᠴᠠᠭ᠎ᠠ᠎ᠪᠠᠷ ᠴᠢᠷᠮᠠᠢᠨ ᠠᠵᠢᠯᠯᠠᠵᠤ᠂ ᠠᠭᠤᠷᠬᠠᠢ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ ᠪᠣᠯᠣᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠢ᠍ᠢᠯᠭᠠᠬᠤ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠨ᠎ᠡ᠃