ᠣᠢᠷ᠎ᠠ᠎ᠶᠢᠨ ᠵᠢᠯᠦ᠋ᠳᠲᠦ᠍᠂ ᠳᠠᠩᠰᠠ ᠡᠪᠬᠡᠮᠡᠯᠦ᠋ᠨ ᠬᠠᠮᠢᠶᠠᠷᠤᠯᠲᠠ᠎ᠶᠢ ᠵᠢᠷᠤᠮᠵᠢᠭᠤᠯᠬᠤ ᠪᠠᠢᠭᠤᠯᠤᠯᠲᠠ᠎ᠶᠢ ᠤᠯᠠᠮ ᠨᠢᠭᠡ ᠠᠯᠬᠤᠮ ᠴᠢᠩᠭᠠᠳᠭᠠᠵᠤ᠂ ᠳᠠᠩᠰᠠ ᠡᠪᠬᠡᠮᠡᠯᠦ᠋ᠨ ᠠᠵᠢᠯ᠎ᠤ᠋ᠨ ᠪᠠᠷᠢᠮᠵᠢᠶᠠᠵᠢᠭᠤᠯᠬᠤ ᠂ ᠳᠦᠷᠢᠮᠵᠢᠭᠦᠯᠬᠦ᠌ ᠬᠢᠷᠢ ᠲᠦᠪᠰᠢᠨ᠎ᠢ᠋ ᠳᠡᠭᠡᠭ᠌ᠱᠢᠯᠡᠭᠦᠯᠬᠦ᠌ᠶᠢᠨ ᠲᠤᠰᠠᠳᠠ᠂ ᠪᠠᠶᠠᠨᠨᠠᠭᠤᠷ ᠬᠣᠲᠠ᠎ᠶᠢᠨ ᠪᠠᠢᠭᠠᠯᠢ᠎ᠶᠢᠨ ᠡᠬᠢ ᠪᠠᠶᠠᠯᠢᠭ᠎ᠤ᠋ᠨ ᠲᠣᠪᠴᠢᠶ᠎ᠠ ᠣᠯᠠᠨ ᠵᠦᠢᠯ᠎ᠦ᠋ᠨ ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠬᠠᠳᠠᠭᠠᠯᠠᠵᠤ ᠪᠠᠢᠭ᠎ᠠ ᠳᠠᠩᠰᠠ ᠡᠪᠬᠡᠮᠡᠯᠢ᠋ ᠡᠮᠬᠢᠯᠡᠬᠦ᠌ ᠶᠠᠰᠤ ᠴᠢᠨᠠᠷ᠎ᠢ᠋ ᠰᠢᠯᠢᠳᠡᠭᠵᠢᠭᠦᠯᠵᠦ᠂ ᠬᠥᠮᠥᠷᠭᠡᠳ᠋ᠦ᠍ ᠬᠠᠳᠠᠭᠠᠯᠠᠵᠤ ᠪᠠᠢᠭ᠎ᠠ ᠳᠠᠩᠰᠠ ᠡᠪᠬᠡᠮᠡᠯᠢ᠋ ᠡᠮᠬᠢᠯᠡᠵᠦ᠍ ᠳᠠᠩᠰᠠ ᠡᠪᠬᠡᠮᠡᠯ᠎ᠳ᠋ᠦ᠍ ᠣᠷᠣᠭᠤᠯᠬᠤ ᠠᠵᠢᠯ᠎ᠢ᠋ ᠯᠠᠪᠳᠠᠭᠤᠨ ᠪᠠᠲᠤᠲᠠᠢ ᠠᠬᠢᠭᠤᠯᠵᠤ᠂ ᠳᠠᠩᠰᠠ ᠡᠪᠬᠡᠮᠡᠯᠢ᠋ ᠠᠮᠤᠷ ᠲᠦᠪᠰᠢᠨ ᠬᠠᠮᠢᠶᠠᠷᠬᠤ ᠪᠠ ᠥᠨᠳᠥᠷ ᠪᠦᠲᠦᠮᠵᠢᠲᠡᠢ ᠠᠱᠢᠭ᠍ᠯᠠᠬᠤᠳ᠋ᠤ ᠪᠠᠲᠤ ᠪᠡᠬᠢ ᠰᠠᠭᠤᠷᠢ ᠲᠠᠯᠪᠢᠪᠠ᠃
ᠭᠠᠳᠠᠭ᠍ᠰᠢ ᠳᠠᠭᠠᠭᠠᠴᠢᠯᠠᠭᠤᠯᠬᠤ ᠦᠢᠯᠡᠴᠢᠯᠡᠭᠡᠨ᠎ᠤ ᠬᠠᠮᠢᠶᠠᠷᠤᠯᠲᠠ᠎ᠶ᠋ᠢ ᠵᠢᠷᠤᠮᠵᠢᠭᠤᠯᠵᠤ᠂ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠪᠠᠬᠢ ᠪᠠᠢᠭᠤᠯᠤᠨ᠎ᠠ᠃ ᠲᠠᠩᠰᠠ ᠡᠪᠬᠡᠮᠡᠯ᠎ᠤᠨ ᠦᠢᠯᠡᠴᠢᠯᠡᠭᠡ᠎ᠶ᠋ᠢ ᠭᠠᠳᠠᠭ᠍ᠰᠢ ᠳᠠᠭᠠᠭᠠᠴᠢᠯᠠᠭᠤᠯᠬᠤ ᠪᠥᠬᠦ᠌ ᠴᠤᠪᠤᠷᠠᠯ᠎ᠤᠨ ᠬᠢᠨᠠᠯᠲᠠ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠭᠠᠳᠠᠭ᠍ᠰᠢ ᠳᠠᠭᠠᠭᠠᠴᠢᠯᠠᠭᠤᠯᠬᠤ ᠭᠡᠷ᠎ᠡ ᠲᠣᠭ᠍ᠲᠠᠭᠠᠭ᠍ᠰᠠᠨ᠎ᠤ ᠳᠠᠷᠠᠭ᠎ᠠ᠂ ᠭᠠᠳᠠᠭ᠍ᠰᠢ ᠳᠠᠭᠠᠭᠠᠴᠢᠯᠠᠭᠤᠯᠬᠤ ᠪᠠᠢᠭᠤᠯᠤᠮᠵᠢ᠎ᠶ᠋ᠢᠨ ᠮᠡᠳᠡᠭᠡ ᠵᠠᠩᠭᠢ᠂ ᠭᠡᠷ᠎ᠡ᠎ᠶ᠋ᠢᠨ ᠬᠠᠭᠤᠯᠪᠤᠷᠢ ᠵᠢᠴᠢ ᠠᠵᠢᠯᠯᠠᠭ᠍ᠴᠢ᠎ᠶ᠋ᠢᠨ ᠪᠦᠷᠢᠳᠭᠡᠨ ᠳᠠᠩᠰᠠᠯᠠᠬᠤ ᠬᠦᠰᠦᠨᠦᠭ᠌ᠲᠦ᠍᠎ᠶ᠋ᠢ ᠴᠠᠭ ᠲᠤᠬᠠᠶ᠎ᠳᠤᠨᠢ ᠬᠤᠲᠠ᠎ᠶ᠋ᠢᠨ ᠲᠠᠩᠰᠠ ᠡᠪᠬᠡᠮᠡᠯ᠎ᠤᠨ ᠲᠣᠪᠴᠢᠶ᠎ᠠ᠎ᠳᠤ ᠮᠡᠳᠡᠭᠦᠯᠦᠨ ᠬᠦᠷᠭᠡᠵᠦ᠍ ᠳᠠᠩᠰᠠᠯᠠᠭᠤᠯᠤᠨ᠎ᠠ᠃ ᠭᠠᠳᠠᠭ᠍ᠰᠢ ᠳᠠᠭᠠᠭᠠᠴᠢᠯᠠᠭᠤᠯᠬᠤ ᠠᠵᠤ ᠠᠬᠤᠢᠯᠠᠯ᠎ᠯᠤᠭ᠎ᠠ ᠨᠢᠭᠤᠴᠠ᠎ᠶ᠋ᠢ ᠬᠠᠮᠠᠭᠠᠯᠠᠬᠤ ᠠᠮᠠᠯᠠᠯᠲᠠ᠎ᠶ᠋ᠢᠨ ᠪᠢᠴᠢᠭ ᠲᠣᠭ᠍ᠲᠠᠵᠤ᠂ ᠬᠡᠷᠡᠭ᠎ᠤᠨ ᠡᠮᠦᠨᠡᠬᠢ᠂ ᠬᠡᠷᠡᠭ᠎ᠤᠨ ᠳᠤᠮᠳᠠᠬᠢ᠂ ᠬᠡᠷᠡᠭ᠎ᠤᠨ ᠳᠠᠷᠠᠭᠠᠬᠢ ᠡᠯ᠎ᠡ ᠵᠠᠩᠭᠢᠯᠠᠭ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢ ᠲᠣᠳᠣᠷᠬᠠᠢᠯᠠᠨ᠂ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠤᠬᠠᠮᠰᠠᠷ᠎ᠢᠶᠠᠨ ᠴᠢᠩᠭᠠᠷᠠᠭᠤᠯᠵᠤ᠂ 《ᠨᠢᠭᠡ᠎ᠶ᠋ᠢ ᠳᠠᠭ᠋ᠠᠭ᠋ᠠᠴᠢᠯᠠᠪᠠᠯ ᠪᠣᠯᠴᠢᠬᠠᠬᠤ》 ᠶ᠋ᠢ ᠡᠷᠡᠰ ᠬᠤᠷᠢᠭ᠍ᠯᠠᠬᠤ ᠬᠡᠷᠡᠭ᠌ᠲᠡᠶ᠃
ᠵᠠᠩᠭᠢᠯᠠᠭ᠎ᠠ᠎ᠶ᠋ᠢ ᠨᠠᠷᠢᠯᠢᠭ ᠡᠵᠡᠮᠳᠡᠵᠦ᠍᠂ ᠬᠠᠮᠢᠶᠠᠷᠤᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ 《ᠬᠤᠷᠠᠮᠳᠤᠭᠤᠯᠤᠨ ᠬᠠᠳᠠᠭᠠᠯᠠᠬᠤ᠂ ᠨᠢᠭᠡᠳᠦᠯᠲᠡᠶ ᠰᠠᠪᠠᠯᠠᠬᠤ》 ᠵᠠᠷᠴᠢᠮ᠎ᠢ ᠵᠢᠷᠤᠮᠯᠠᠨ᠂ ᠴᠤᠭ᠍ᠯᠠᠭᠤᠯᠤᠭ᠍ᠰᠠᠨ ᠪᠢᠴᠢᠭ ᠬᠠᠷ᠎ᠠ᠎ᠶ᠋ᠢᠨ ᠲᠠᠩᠰᠠ ᠡᠪᠬᠡᠮᠡᠯ᠎ᠢ ᠲᠥᠷᠥᠯ ᠬᠤᠪᠢᠶᠠᠨ ᠡᠮᠬᠢᠯᠡᠵᠦ᠍᠂ ᠵᠢᠭ᠍ᠰᠠᠭᠠᠬᠤ᠂ ᠨᠣᠮᠧᠷᠯᠠᠬᠤ᠂ ᠭᠠᠷᠴᠠᠭ᠍ᠯᠠᠬᠤ᠂ ᠬᠠᠢᠷᠴᠠᠭ᠍ᠯᠠᠬᠤ ᠳᠥᠷᠪᠡᠨ ᠵᠠᠮ᠎ᠤᠨ ᠪᠣᠭᠤᠮᠲᠠ᠎ᠶ᠋ᠢ ᠭᠤᠤᠯᠳᠠᠯᠭ᠎ᠠ᠎ᠲᠠᠢ ᠴᠢᠩᠭ᠎ᠠ ᠠᠳᠭᠤᠵᠤ᠂ ᠵᠢᠯ ᠪᠦᠷᠢ ᠵᠦᠷᠢᠶᠡᠴᠢᠯᠡᠨ ᠡᠮᠬᠢᠯᠡᠬᠦ᠌ ᠠᠵᠢᠯ᠎ᠢ ᠥᠷᠨᠢᠭᠦᠯᠵᠦ᠍᠂ ᠥᠩᠭᠡᠷᠡᠭ᠌ᠰᠡᠨ᠎ᠤ ᠪᠢᠴᠢᠭ ᠬᠠᠷ᠎ᠠ᠎ᠶ᠋ᠢᠨ ᠲᠠᠩᠰᠠ ᠡᠪᠬᠡᠮᠡᠯ᠎ᠤᠨ ᠲᠤᠭ᠎ᠠ ᠬᠡᠮᠵᠢᠶ᠎ᠡ᠎ᠪᠠᠷ ᠮᠤᠨᠳᠠᠭ ᠶᠡᠭᠡ᠂ ᠲᠠᠩᠰᠠ ᠡᠪᠬᠡᠮᠡᠯ᠎ᠳᠤ ᠣᠷᠣᠭᠤᠯᠤᠨ ᠡᠮᠬᠢ ᠵᠠᠮᠪᠠᠷᠠᠭ᠎ᠠ ᠥᠬᠡᠶ᠂ ᠪᠠᠢᠴᠠᠭᠠᠨ ᠯᠠᠪᠯᠠᠬᠤ᠎ᠳᠤ ᠳᠥᠭᠦᠮ ᠥᠬᠡᠶ ᠵᠡᠷᠭᠡ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠵᠦ᠍᠂ ᠲᠠᠩᠰᠠ ᠡᠪᠬᠡᠮᠡᠯ᠎ᠤᠨ ᠬᠠᠮᠢᠶᠠᠷᠤᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃
ᠳᠠᠩᠰᠠ ᠡᠪᠬᠡᠮᠡᠯ᠎ᠳᠤ ᠣᠷᠣᠭᠤᠯᠬᠤ ᠭᠤᠭ᠍ᠴᠤᠭ᠎ᠠ᠎ᠶ᠋ᠢ ᠴᠢᠩᠭ᠎ᠠ ᠵᠢᠷᠤᠮᠵᠢᠭᠤᠯᠵᠤ᠂ ᠳᠠᠩᠰᠠ ᠡᠪᠬᠡᠮᠡᠯ᠎ᠤᠨ ᠶᠠᠰᠤ ᠴᠢᠨᠠᠷ᠎ᠢ ᠪᠠᠲᠤᠯᠠᠨ᠎ᠠ᠃ ᠳᠠᠩᠰᠠ ᠡᠪᠬᠡᠮᠡᠯ᠎ᠳᠤ ᠣᠷᠣᠭᠤᠯᠬᠤ ᠶᠠᠪᠤᠴᠠ᠎ᠳᠤ᠂ ᠳᠠᠩᠰᠠ ᠡᠪᠬᠡᠮᠡᠯ᠎ᠤᠨ ᠬᠠᠢᠷᠴᠠᠭ᠎ᠲᠤ ᠪᠦᠷᠢᠨ ᠡᠪᠬᠡᠮᠡᠯ᠎ᠤᠨ ᠨᠣᠮᠧᠷ᠂ ᠬᠠᠳᠠᠭᠠᠯᠠᠨ ᠬᠠᠮᠢᠶᠠᠷᠬᠤ ᠬᠤᠭᠤᠴᠠᠭ᠎ᠠ ᠬᠢᠵᠠᠭᠠᠷ᠂ ᠪᠢᠴᠢᠭ ᠮᠠᠲ᠋ᠧᠷᠢᠶᠠᠯ᠎ᠤᠨ ᠨᠤᠮᠧᠷ ᠵᠡᠷᠭᠡ ᠮᠡᠳᠡᠭᠡ ᠵᠠᠩᠭᠢ᠎ᠶ᠋ᠢ ᠳᠦᠷᠢᠮᠵᠢᠭᠦᠯᠦᠨ ᠨᠠᠢᠷᠠᠭᠤᠯᠤᠨ ᠳᠠᠷᠤᠮᠠᠯᠯᠠᠵᠤ᠂ ᠦᠰᠦᠭ᠎ᠤᠨ ᠲᠢᠭ ᠲᠣᠳᠣᠷᠬᠠᠶ ᠪᠥᠭᠡᠳ ᠤᠳᠠᠭᠠᠨ ᠳᠠᠭᠠᠭᠠᠮᠠᠭᠠᠶ ᠪᠠᠢᠬᠤ᠎ᠶ᠋ᠢ ᠦᠨᠡᠨ ᠬᠦ᠌ ᠪᠠᠲᠤᠯᠠᠨ᠎ᠠ; ᠴᠢᠩᠭ᠎ᠠ ᠲᠥᠷᠥᠯ ᠬᠤᠪᠢᠶᠠᠬᠤ᠂ ᠵᠢᠷᠤᠮᠵᠢᠭᠤᠯᠤᠨ ᠡᠮᠬᠢᠯᠡᠬᠦ᠂ ᠲᠣᠳᠣᠷᠬᠠᠶ ᠳᠠᠩᠰᠠ ᠡᠪᠬᠡᠮᠡᠯ᠎ᠳᠤ ᠣᠷᠣᠭᠤᠯᠬᠤ᠎ᠪᠠᠷ ᠳᠠᠮᠵᠢᠭᠤᠯᠤᠨ᠂ ᠳᠠᠩᠰᠠ ᠡᠪᠬᠡᠮᠡᠯ᠎ᠤᠨ ᠮᠠᠲ᠋ᠧᠷᠢᠶᠠᠯ᠎ᠤᠨ ᠠᠮᠤᠷ ᠲᠦᠪᠱᠢᠨ ᠴᠢᠨᠠᠷ᠂ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠪᠠ ᠳᠦᠷᠢᠮᠵᠢᠯᠲᠦ ᠴᠢᠨᠠᠷ᠎ᠢ ᠦᠨᠡᠨᠬᠦ᠌ ᠪᠠᠲᠤᠯᠠᠨ᠎ᠠ᠃
ᠱᠢᠯᠭᠠᠨ ᠠᠪᠬᠤ ᠪᠠᠷᠢᠮᠵᠢᠶ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠴᠢᠩᠭᠠᠳᠭᠠᠵᠤ᠂ ᠠᠵᠢᠯ᠎ᠤᠨ ᠦᠷ᠎ᠡ ᠪᠦᠲᠦᠮᠵᠢ᠎ᠶ᠋ᠢ ᠪᠠᠬᠢᠵᠢᠭᠦᠯᠦᠨ᠎ᠡ᠃ ᠭᠠᠳᠠᠭ᠍ᠰᠢ ᠳᠠᠭᠠᠭᠠᠴᠢᠯᠠᠭᠤᠯᠤᠭ᠍ᠰᠠᠨ ᠠᠵᠤ ᠠᠬᠤᠢᠯᠠᠯ᠎ᠲᠠᠢ ᠡᠮᠬᠢᠯᠡᠨ ᠲᠢᠭ᠌ᠯᠡᠵᠦ᠍ ᠱᠢᠯᠭᠠᠨ ᠠᠪᠬᠤ ᠪᠠᠷᠢᠮᠵᠢᠶ᠎ᠠ᠎ᠶ᠋ᠢ ᠲᠣᠳᠣᠷᠬᠠᠢᠯᠠᠵᠤ᠂ ᠣᠯᠵᠤ ᠮᠡᠳᠡᠭ᠌ᠰᠡᠨ ᠨᠢᠭᠤᠷ᠎ᠤᠨ ᠨᠣᠮᠧᠷ᠎ᠨᠢ ᠪᠤᠷᠤᠭᠤ᠂ ᠭᠤᠭᠤᠵᠢᠭ᠍ᠰᠠᠨ᠂ ᠭᠠᠷᠴᠠᠭ ᠬᠢᠭᠡᠳ ᠠᠭᠤᠯᠭ᠎ᠠ᠎ᠨᠢ ᠨᠡᠢᠴᠡᠬᠦ᠌ ᠥᠬᠡᠶ ᠵᠡᠷᠭᠡ ᠠᠰᠠᠭᠤᠳᠠᠯ᠎ᠢ ᠬᠤᠭᠤᠴᠠᠭ᠎ᠠ ᠬᠢᠵᠠᠭᠠᠷᠯᠠᠨ ᠴᠡᠭ᠌ᠴᠡᠯᠡᠨ ᠰᠠᠢᠵᠢᠷᠠᠭᠤᠯᠬᠤ᠎ᠶ᠋ᠢ ᠱᠠᠭᠠᠷᠳᠠᠪᠠ; ᠡᠮᠬᠢᠯᠡᠨ ᠳᠢᠭ᠌ᠯᠡᠬᠦ᠌ ᠠᠵᠢᠯ᠎ᠢ ᠣᠨ᠎ᠤ ᠲᠣᠭ᠍ᠲᠠᠮᠠᠯ ᠪᠤᠰᠤ ᠲᠠᠩᠰᠠ ᠡᠪᠬᠡᠮᠡᠯ᠎ᠢ ᠰᠤᠭᠤᠴᠢᠨ ᠪᠠᠢᠴᠠᠭᠠᠬᠤ᠎ᠲᠠᠢ ᠬᠠᠷᠢᠯᠴᠠᠨ ᠤᠶᠠᠯᠳᠤᠭᠤᠯᠵᠤ᠂ ᠡᠮᠬᠢᠯᠡᠨ ᠳᠢᠭ᠌ᠯᠡᠬᠦ᠌ ᠶᠠᠰᠤ ᠴᠢᠨᠠᠷ᠎ᠨᠢ ᠪᠠᠷᠢᠮᠵᠢᠶ᠎ᠠ᠎ᠳᠤ ᠬᠦᠷᠦᠭ᠌ᠰᠡᠨ᠎ᠤ ᠳᠠᠷᠠᠭ᠎ᠠ ᠰᠠᠶᠢ ᠱᠢᠯᠭᠠᠨ ᠠᠪᠬᠤ᠎ᠶ᠋ᠢ ᠪᠡᠶᠡᠯᠡᠭᠦᠯᠵᠦ᠍᠂ ᠲᠠᠩᠰᠠ ᠡᠪᠬᠡᠮᠡᠯ᠎ᠢ ᠡᠮᠬᠢᠯᠡᠨ ᠳᠢᠭ᠌ᠯᠡᠭ᠌ᠰᠡᠨ ᠦᠷ᠎ᠡ ᠪᠦᠲᠦᠮᠵᠢ᠎ᠶ᠋ᠢ ᠦᠨᠡᠨ ᠬᠦ᠌ ᠪᠠᠲᠤᠯᠠᠨ᠎ᠠ᠃
ᠠᠯᠢ ᠣᠯᠠᠨ ᠠᠷᠭ᠎ᠠ ᠬᠡᠮᠵᠢᠶ᠎ᠡ᠎ᠨᠢ ᠲᠠᠩᠰᠠ ᠡᠪᠬᠡᠮᠡᠯ᠎ᠤᠨ ᠬᠠᠳᠠᠭᠠᠯᠠᠬᠤ ᠣᠷᠴᠢᠨ ᠲᠣᠭᠤᠷᠢᠨ᠎ᠢ ᠱᠢᠯᠢᠳᠡᠭ᠌ᠵᠢᠭᠦᠯᠵᠦ᠍᠂ ᠲᠠᠩᠰᠠ ᠡᠪᠬᠡᠮᠡᠯ᠎ᠤᠨ ᠬᠠᠮᠢᠶᠠᠷᠤᠯᠲᠠ᠎ᠶ᠋ᠢᠨ ᠵᠢᠷᠤᠮᠵᠢᠭ᠍ᠰᠠᠨ᠂ ᠨᠠᠷᠢᠯᠢᠬ᠍ᠵᠢᠭᠤᠯᠤᠭ᠍ᠰᠠᠨ ᠬᠢᠷᠢ ᠲᠦᠪᠱᠢᠨ᠎ᠢ ᠢᠯᠡᠳᠲᠡ ᠳᠡᠭᠡᠭ᠌ᠰᠢᠯᠡᠭᠦᠯᠦᠨ᠂ ᠪᠥᠬᠦ᠌ ᠲᠠᠯ᠎ᠠ᠎ᠶ᠋ᠢᠨ ᠡᠯ᠎ᠡ ᠵᠦᠢᠯ᠎ᠤᠨ ᠲᠤᠬᠠᠢᠯᠠᠭ᠍ᠰᠠᠨ ᠠᠵᠢᠯ᠎ᠢ ᠥᠨᠳᠥᠷ ᠪᠦᠲᠦᠮᠵᠢᠲᠡᠶ᠎ᠪᠠᠷ ᠥᠷᠨᠢᠭᠦᠯᠬᠦ᠌᠎ᠳᠤ ᠪᠠᠲᠤ ᠪᠠᠬᠢ ᠮᠡᠳᠡᠭᠡ ᠵᠠᠩᠭᠢ᠎ᠶ᠋ᠢᠨ ᠲᠤᠯᠭᠠᠭᠤᠷᠢᠯᠠᠯ ᠪᠠ ᠲᠤᠭ᠎ᠠ ᠪᠠᠷᠢᠮᠲᠠ᠎ᠶ᠋ᠢᠨ ᠪᠠᠲᠤᠯᠠᠭ᠎ᠠ ᠬᠠᠩᠭᠠᠵᠤ᠂ ᠲᠠᠷᠠᠭᠠᠴᠢ᠎ᠶ᠋ᠢᠨ ᠠᠯᠬᠤᠮ᠎ᠳᠤ᠂ ᠪᠠᠶᠠᠨᠨᠠᠭᠤᠷ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠲᠠᠩᠰᠠ ᠡᠪᠬᠡᠮᠡᠯ᠎ᠤᠨ ᠬᠠᠮᠢᠶᠠᠷᠤᠯᠲᠠ᠎ᠪᠠᠨ ᠦᠷᠭᠦᠯᠵᠢᠯᠡᠨ ᠴᠢᠩᠭᠠᠳᠭᠠᠵᠤ᠂ ᠲᠠᠩᠰᠠ ᠡᠪᠬᠡᠮᠡᠯ᠎ᠤᠨ ᠠᠵᠢᠯ᠎ᠤᠨ ᠪᠥᠬᠦ᠌ ᠲᠠᠯ᠎ᠠ᠎ᠳᠤ ᠨᠠᠩ ᠰᠠᠢᠲᠤᠷ ᠦᠢᠯᠡᠴᠢᠯᠡᠬᠦ᠌᠎ᠶ᠋ᠢ ᠳᠥᠯᠭᠢᠨ ᠠᠬᠢᠭᠤᠯᠵᠤ᠂ ᠡᠯ᠎ᠡ ᠵᠦᠢᠯ᠎ᠤᠨ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠪᠠ ᠬᠡᠷᠡᠭ᠌ᠵᠢᠭᠦᠯᠦᠨ ᠨᠠᠢᠳᠠᠪᠤᠷᠢᠵᠢᠭᠤᠯᠬᠤ᠎ᠳᠤ ᠨᠠᠩ ᠬᠦᠴᠦᠲᠡᠶ ᠳᠡᠮᠵᠢᠯᠭᠡ ᠬᠠᠩᠭᠠᠬᠤ ᠪᠣᠯᠤᠨ᠎ᠠ᠃