ᠬᠣᠲᠠ᠎ᠶᠢᠨ ᠨᠠᠮ᠎ᠤ᠋ᠨ ᠬᠣᠷᠢᠶ᠎ᠠ᠂ ᠵᠠᠰᠠᠭ᠎ᠤ᠋ᠨ ᠣᠷᠳᠣᠨ᠎ᠤ᠋ ᠭᠣᠣᠯᠳᠠᠯᠭ᠎ᠠ᠎ᠲᠠᠢ ᠲᠥᠷᠥᠯ ᠵᠦᠢᠯ᠎ᠢ᠋ ᠡᠷᠲᠡ ᠨᠠᠢᠳᠠᠪᠤᠷᠢᠵᠢᠭᠤᠯᠬᠤ᠎ᠶᠢ ᠠᠬᠢᠭᠤᠯᠬᠤ᠂ ᠡᠷᠲᠡ ᠠᠵᠢᠯ ᠡᠬᠢᠯᠡᠭᠦᠯᠬᠦ᠌᠂ ᠡᠷᠲᠡ ᠦᠷ᠎ᠡ ᠪᠦᠲᠦᠮᠵᠢ ᠣᠯᠬᠤ ᠰᠢᠢ᠍ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢᠨ ᠲᠥᠯᠥᠭᠡ᠂ ᠣᠢᠷ᠎ᠠ᠎ᠶᠢᠨ ᠵᠢᠯ᠎ᠡᠴᠡ ᠨᠠᠭ᠋ᠠᠰᠢ᠂ ᠮᠠᠨᠵᠤᠤᠷ ᠬᠣᠲᠠ᠎ᠶᠢᠨ ᠪᠠᠢᠭᠠᠯᠢ᠎ᠶᠢᠨ ᠡᠬᠢ ᠪᠠᠶᠠᠯᠢᠭ᠎ᠤ᠋ᠨ ᠲᠣᠪᠴᠢᠶ᠎ᠠ ᠨᠠᠷᠢᠯᠢᠭ ᠤᠨᠤᠴᠠᠲᠠᠢ ᠦᠢᠯᠡᠴᠢᠯᠡᠬᠦ᠌᠎ᠪᠡᠷ ᠤᠳᠤᠷᠢᠳᠤᠮᠵᠢ ᠪᠣᠯᠭᠠᠵᠤ᠂ ᠦᠢᠯᠡᠴᠢᠯᠡᠭᠡᠨ᠎ᠦ᠌ ᠠᠷᠭ᠎ᠠ ᠮᠠᠶᠢᠭᠲᠤ᠌ ᠢᠳᠡᠪᠬᠢᠲᠡᠢ ᠰᠢᠨ᠎ᠡ᠎ᠶᠢ ᠡᠭᠦᠳᠴᠦ᠍᠂ ᠤᠷᠢᠳᠴᠢᠯᠠᠨ ᠣᠷᠣᠯᠴᠠᠬᠤ᠂ ᠰᠠᠯᠠᠭ᠎ᠠ ᠮᠥᠴᠢᠷ ᠬᠣᠯᠪᠣᠭᠠᠯᠠᠨ ᠬᠥᠳᠡᠯᠦᠯᠴᠡᠬᠦ᠌᠂ ᠶᠠᠪᠤᠴᠠ᠎ᠶᠢ ᠰᠢᠯᠢᠳᠡᠭᠵᠢᠭᠦᠯᠬᠦ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠲᠥᠷᠥᠯ ᠵᠦᠢᠯ᠎ᠦ᠋ᠨ ᠡᠮᠦᠨᠡᠬᠢ ᠬᠤᠭᠤᠴᠠᠭᠠᠨ᠎ᠤ᠋ ᠭᠠᠷ ᠭᠦᠢᠴᠡᠳᠭᠡᠯᠢ᠋ ᠭᠦᠢᠴᠡᠳᠭᠡᠬᠦ᠌᠎ᠶᠢᠨ ᠲᠦᠭᠵᠢᠷᠡᠯᠢ᠋ ᠪᠦᠬᠦ᠌ ᠬᠦᠴᠦᠨ᠎ᠢᠶᠡᠷ᠎ᠢᠶᠡᠨ ᠰᠢᠢ᠍ᠳᠪᠦᠷᠢᠯᠡᠵᠦ᠂ ᠭᠣᠣᠯᠳᠠᠯᠭ᠎ᠠ᠎ᠲᠠᠢ ᠲᠥᠷᠥᠯ ᠵᠦᠢᠯ᠎ᠳ᠋ᠦ᠍ ᠥᠨᠳᠥᠷ ᠪᠦᠲᠦᠮᠵᠢᠲᠡᠢ ᠴᠢᠬᠤᠯᠠ ᠬᠦᠴᠦᠨ ᠵᠦᠢᠯ᠎ᠦ᠋ᠨ ᠪᠠᠲᠤᠯᠠᠭ᠎ᠠ᠎ᠶᠢᠨ ᠦᠢᠯᠡᠴᠢᠯᠡᠭᠡ ᠬᠠᠩᠭ᠋ᠠᠨ᠎ᠠ᠃
ᠰᠠᠨᠠᠭᠠᠴᠢᠯᠠᠭ᠎ᠠ᠎ᠠᠴᠠ᠎ᠪᠠᠨ ᠤᠷᠢᠳᠴᠢᠯᠠᠨ ᠦᠢᠯᠡᠴᠢᠯᠡᠵᠦ᠍᠂ ᠠᠬᠢᠴᠠ᠎ᠶ᠋ᠢ ᠠᠮᠵᠢᠨ ᠲᠦᠭ᠌ᠵᠢᠷᠡᠯ᠎ᠢ ᠨᠡᠪᠲᠡᠷᠡᠭᠦᠯᠦᠨ᠎ᠡ᠃ ᠭᠤᠤᠯᠳᠠᠯᠭ᠎ᠠ᠎ᠲᠠᠢ ᠲᠥᠷᠥᠯ ᠵᠦᠢᠯ᠎ᠤᠨ ᠡᠮᠦᠨᠡᠬᠢ ᠬᠤᠭᠤᠴᠠᠭᠠᠨ᠎ᠤ ᠭᠠᠷᠳᠠᠮ᠎ᠤᠨ ᠭᠤᠭ᠍ᠴᠤᠭ᠎ᠠ ᠣᠯᠠᠨ᠂ ᠴᠠᠭ ᠪᠠᠴᠢᠮ᠂ ᠡᠭᠦᠷᠭᠡ ᠬᠦᠨᠳᠦ ᠪᠠᠢᠬᠤ ᠣᠨᠴᠠᠯᠢᠭᠲᠤ ᠴᠢᠭ᠌ᠯᠡᠭᠦᠯᠦᠨ᠂ 《 ᠰᠠᠭᠤᠵᠤ ᠪᠠᠢᠭᠠᠳ ᠬᠢᠨᠠᠨ ᠵᠥᠪᠰᠢᠶᠡᠷᠡᠬᠦ 》᠎ᠶᠢ 《ᠰᠠᠨᠠᠭᠠᠴᠢᠯᠠᠭ᠎ᠠ᠎ᠠᠴᠠ᠎ᠪᠠᠨ ᠭᠡᠷ ᠲᠤᠨᠢ ᠬᠦᠷᠬᠦ》 ᠪᠣᠯᠭᠠᠨ ᠬᠤᠪᠢᠷᠠᠭᠤᠯᠵᠤ᠂ ᠲᠤᠬᠠᠢᠯᠠᠭᠰᠠᠨ ᠠᠵᠢᠯ᠎ᠤᠨ ᠰᠠᠯᠠᠭ᠎ᠠ ᠠᠯᠪᠠᠨ ᠲᠠᠰᠤᠭ ᠪᠣᠯᠣᠨ ᠮᠡᠷᠭᠡᠵᠢᠯ᠎ᠦᠨ ᠨᠢᠭᠡᠴᠢ᠎ᠶᠢᠨ ᠰᠠᠨᠠᠭᠠᠴᠢᠯᠠᠭ᠎ᠠ᠎ᠠᠴᠠ᠎ᠪᠠᠨ ᠵᠠᠯᠭᠠᠬᠤ ᠲᠥᠷᠥᠯ ᠵᠦᠢᠯ᠎ᠦᠨ ᠨᠢᠭᠡᠴᠢ᠎ᠶᠢ ᠵᠣᠬᠢᠶᠠᠨ ᠪᠠᠢᠭᠤᠯᠵᠤ᠂ 《ᠨᠢᠭᠡᠳ ᠨᠢᠭᠡ ᠪᠡᠷ》 ᠨᠠᠷᠢᠯᠢᠭ ᠣᠨᠣᠴᠠᠲᠠᠶ᠎ᠪᠠᠷ ᠦᠢᠯᠡᠴᠢᠯᠡᠭᠦᠯᠦᠨ᠎ᠡ᠃ ᠤᠷᠢᠳᠴᠢᠯᠠᠨ ᠣᠷᠣᠯᠴᠠᠬᠤ᠂ ᠲᠥᠪᠯᠡᠷᠡᠭᠦᠯᠦᠨ ᠬᠠᠪᠰᠤᠷᠤᠨ ᠵᠢᠯᠣᠭᠤᠳᠭᠤ᠎ᠪᠠᠷ ᠳᠠᠮᠵᠢᠭᠤᠯᠤᠨ᠂ ᠭᠠᠵᠠᠷ ᠱᠢᠷᠣᠶ᠎ᠶ᠋ᠢ ᠤᠷᠢᠳᠴᠢᠯᠠᠨ ᠬᠢᠨᠠᠬᠤ᠂ ᠲᠥᠯᠥᠪᠵᠢᠭᠦᠯᠭᠡ᠎ᠶ᠋ᠢᠨ ᠵᠥᠪᠱᠢᠶᠡᠷᠡᠯ ᠵᠡᠷᠭᠡ ᠭᠤᠤᠯ ᠴᠢᠬᠤᠯᠠ ᠨᠥᠬᠦᠴᠡᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠱᠠᠭᠠᠷᠳᠠᠯᠭ᠎ᠠ᠂ ᠮᠠᠲ᠋ᠧᠷᠢᠶᠠᠯ᠎ᠤᠨ ᠨᠠᠷᠢᠨ ᠬᠠᠭᠤᠳᠠᠰᠤ ᠪᠠ ᠬᠢᠨᠠᠨ ᠵᠥᠪᠱᠢᠶᠡᠷᠡᠬᠦ᠌ ᠴᠤᠪᠤᠷᠠᠯ᠎ᠢ ᠨᠠᠷᠢᠨ ᠲᠠᠢᠯᠪᠤᠷᠢᠯᠠᠵᠤ᠂ ᠲᠥᠷᠥᠯ ᠵᠦᠢᠯ᠎ᠤᠨ ᠨᠢᠭᠡᠴᠢ᠎ᠶ᠋ᠢ ᠬᠠᠪᠰᠤᠷᠤᠨ ᠠᠷᠭ᠎ᠠ ᠵᠠᠮ᠎ᠢ᠎ᠨᠢ ᠲᠣᠳᠣᠷᠬᠠᠢᠯᠠᠵᠤ᠂ ᠤᠷᠢᠳᠴᠢᠯᠠᠨ ᠪᠡᠯᠡᠳᠭᠡᠵᠦ᠍᠂ ᠭᠠᠷᠳᠠᠮ᠎ᠢ ᠭᠦᠢᠴᠡᠳᠭᠡᠬᠦ᠌ ᠦᠶᠡᠯᠡᠯ᠎ᠤᠨ ᠬᠤᠭᠤᠴᠠᠭ᠎ᠠ᠎ᠶ᠋ᠢ ᠪᠦᠲᠦᠮᠵᠢᠲᠡᠶ ᠪᠣᠭᠤᠨᠢᠰᠭᠠᠨᠠ᠃
ᠰᠠᠯᠠᠭ᠎ᠠ ᠮᠥᠴᠢᠷ᠎ᠤᠨ ᠬᠠᠮᠵᠢᠯᠴᠠᠭ᠎ᠠ᠎ᠶ᠋ᠢ ᠴᠢᠩᠭᠠᠳᠭᠠᠵᠤ᠂ ᠬᠦᠴᠦᠨ ᠵᠦᠢᠯ᠎ᠤᠨ ᠪᠠᠲᠤᠯᠠᠭ᠎ᠠ᠎ᠶ᠋ᠢᠨ ᠨᠡᠢᠯᠡᠮᠡᠯ ᠬᠦᠴᠦᠨ᠎ᠢ ᠨᠢᠭᠲᠠᠷᠠᠭᠤᠯᠤᠨ᠎ᠠ᠃ ᠲᠥᠷᠥᠯ ᠵᠦᠢᠯ᠎ᠢ ᠨᠠᠢᠳᠠᠪᠤᠷᠢᠵᠢᠭᠤᠯᠬᠤ᠎ᠳᠤ ᠬᠤᠯᠪᠣᠭ᠍ᠳᠠᠬᠤ ᠣᠯᠠᠨ ᠬᠢᠨᠠᠨ ᠵᠥᠪᠱᠢᠶᠡᠷᠡᠬᠦ᠌ ᠭᠤᠭ᠍ᠴᠤᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠤᠤᠯᠳᠠᠯᠭ᠎ᠠ᠎ᠲᠠᠢ ᠲᠥᠷᠥᠯ ᠵᠦᠢᠯ᠎ᠤᠨ ᠦᠢᠯᠡᠴᠢᠯᠡᠭᠡᠨ᠎ᠤ ᠶᠠᠪᠤᠴᠠ᠎ᠳᠤ᠂ ᠬᠢᠨᠠᠨ ᠵᠥᠪᠱᠢᠶᠡᠷᠡᠬᠦ᠌ ᠬᠠᠮᠢᠶ᠎ᠠ ᠪᠥᠬᠦᠶ ᠰᠠᠯᠠᠭ᠎ᠠ ᠮᠥᠴᠢᠷ᠎ᠯᠦᠭᠡ᠎ᠶ᠋ᠢᠨ ᠨᠡᠪᠲᠡᠷᠡᠯᠴᠡᠭᠡ ᠵᠣᠬᠢᠴᠠᠭᠤᠯᠭ᠎ᠠ ᠬᠢᠭᠡᠳ ᠲᠤᠬᠠᠢᠯᠠᠭ᠍ᠰᠠᠨ ᠠᠵᠢᠯ᠎ᠤᠨ ᠬᠠᠮᠲᠤᠷᠠᠯᠴᠠᠭ᠎ᠠ᠎ᠶ᠋ᠢ ᠰᠠᠨᠠᠭᠠᠴᠢᠯᠠᠭ᠎ᠠ᠎ᠠᠴᠠ᠎ᠪᠠᠨ ᠴᠢᠩᠭᠠᠳᠭᠠᠬᠤ ᠬᠡᠷᠡᠭ᠌ᠲᠡᠶ᠃ ᠲᠥᠷᠥᠯ ᠵᠦᠢᠯ᠎ᠢ ᠠᠬᠢᠭᠤᠯᠬᠤ ᠳᠤᠮᠳᠠ ᠭᠠᠷᠴᠤ᠌ ᠮᠡᠳᠡᠬᠦ᠌ ᠲᠦᠭ᠌ᠵᠢᠷᠡᠯ᠎ᠳᠤ ᠴᠢᠭ᠌ᠯᠡᠭᠦᠯᠦᠨ᠂ ᠤᠷᠢᠳᠴᠢᠯᠠᠨ ᠣᠷᠣᠯᠴᠠᠵᠤ ᠰᠤᠳᠤᠯᠤᠨ ᠮᠠᠭᠠᠳᠯᠠᠵᠤ᠂ ᠴᠤᠪᠤᠷᠠᠯ᠎ᠢ ᠬᠠᠮᠵᠢᠯᠴᠠᠨ ᠡᠮᠬᠢᠯᠡᠬᠦ᠌᠎ᠶ᠋ᠢᠨ ᠬᠠᠮᠲᠤ ᠬᠠᠮᠢᠶ᠎ᠠ ᠪᠥᠬᠦᠶ ᠨᠢᠭᠡᠴᠢ᠎ᠲᠠᠢ ᠬᠠᠮᠲᠤᠷᠠᠨ ᠲᠤᠬᠠᠶ᠎ᠶ᠋ᠢᠨ ᠲᠠᠯᠠᠪᠠᠶ᠎ᠳᠤ ᠠᠵᠢᠯᠯᠠᠵᠤ᠂ ᠵᠡᠷᠭᠡ᠎ᠪᠠᠷ ᠵᠢᠭᠠᠨ ᠵᠢᠯᠣᠭᠤᠳᠴᠤ᠌᠂ ᠥᠨᠳᠥᠷ ᠪᠦᠲᠦᠮᠵᠢᠲᠡᠶ ᠬᠠᠮᠵᠢᠯᠴᠠᠭ᠍ᠰᠠᠨ ᠦᠢᠯᠡᠴᠢᠯᠡᠭᠡᠨ᠎ᠤ ᠨᠡᠢᠯᠡᠮᠡᠯ ᠬᠦᠴᠦᠨ᠎ᠢ ᠪᠣᠶ ᠪᠣᠯᠭᠠᠵᠤ᠂ ᠬᠢᠨᠠᠨ ᠵᠥᠪᠱᠢᠶᠡᠷᠡᠬᠦ᠌ ᠬᠡᠯᠬᠢᠶ᠎ᠡ᠎ᠶ᠋ᠢᠨ ᠰᠠᠭᠠᠳ ᠥᠬᠡᠶ ᠵᠣᠯᠭᠠᠯᠳᠤᠬᠤ᠎ᠶ᠋ᠢ ᠪᠠᠲᠤᠯᠠᠨ᠎ᠠ᠃
ᠦᠢᠯᠡᠴᠢᠯᠡᠭᠡᠨ᠎ᠤ ᠴᠠᠭ᠎ᠢ ᠤᠷᠲᠤᠳᠭᠠᠵᠤ᠂ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠳᠠᠬᠢᠨ ᠲᠦᠷᠭᠡᠳᠭᠡᠬᠦ᠌᠎ᠶ᠋ᠢ ᠪᠡᠶᠡᠯᠡᠭᠦᠯᠦᠨ᠎ᠡ᠃ ᠲᠥᠷᠥᠯ ᠵᠦᠢᠯ᠎ᠤᠨ ᠵᠠᠩᠭᠢᠯᠠᠭ᠎ᠠ᠎ᠶ᠋ᠢᠨ ᠴᠡᠭᠲᠤ᠌᠂ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ᠎ᠢ ᠵᠣᠬᠢᠶᠠᠨ ᠪᠠᠢᠭᠤᠯᠤᠨ ᠲᠥᠪᠯᠡᠷᠡᠭᠦᠯᠦᠨ ᠠᠵᠢᠯᠯᠠᠬᠤ᠂ ᠲᠤᠰᠭᠠᠶ ᠵᠦᠢᠯ᠎ᠢᠶᠠᠷ ᠵᠢᠯᠣᠭᠤᠳᠭᠤ ᠪᠠ ᠮᠠᠲ᠋ᠧᠷᠢᠶᠠᠯ᠎ᠢ ᠤᠷᠢᠳᠴᠢᠯᠠᠨ ᠬᠢᠨᠠᠬᠤ᠎ᠶ᠋ᠢ ᠥᠷᠨᠢᠭᠦᠯᠵᠦ᠍᠂ ᠦᠢᠯᠡᠴᠢᠯᠡᠭᠡ᠎ᠶ᠋ᠢ 《ᠲᠠᠰᠤᠯᠳᠠᠭᠤᠯᠬᠤ ᠥᠬᠡᠶ》᠂ ᠬᠢᠨᠠᠨ ᠵᠥᠪᠱᠢᠶᠡᠷᠡᠬᠦ᠌᠎ᠳᠤ 《ᠰᠢᠯᠤᠭᠤᠬᠠᠨ》 ᠪᠠᠢᠬᠤ᠎ᠶ᠋ᠢ ᠦᠨᠡᠨ ᠬᠦ᠌ ᠪᠠᠲᠤᠯᠠᠨ᠎ᠠ᠃ 《ᠪᠠᠭᠤᠯᠭ᠋ᠠᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠢᠨᠠᠨ ᠵᠥᠪᠱᠢᠶᠡᠷᠡᠬᠦ᠌ ᠴᠠᠭ᠎ᠤᠨ ᠬᠢᠵᠠᠭᠠᠷ᠎ᠢ ᠶᠡᠭᠡ᠎ᠪᠠᠷ ᠪᠠᠭᠠᠰᠭᠠᠨ᠂ ᠱᠢᠨ᠎ᠡ᠎ᠪᠠᠷ ᠨᠡᠮᠡᠭ᠌ᠳᠡᠭ᠌ᠰᠡᠨ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠤᠨ ᠲᠣᠰ ᠱᠠᠲᠤᠨ᠎ᠤ ᠬᠢᠨᠠᠨ ᠪᠠᠢᠴᠠᠭᠠᠬᠤ ᠴᠠᠭ᠎ᠤᠨ ᠬᠢᠵᠠᠭᠠᠷ᠎ᠢ 2 - 3 ᠠᠵᠢᠯᠯᠠᠬᠤ ᠡᠳᠦᠷ ᠪᠣᠯᠭᠠᠨ ᠪᠣᠭᠤᠨᠢᠰᠭᠠᠵᠤ᠂ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ ᠵᠢᠴᠢ ᠪᠦᠲᠦᠭᠡᠨ ᠪᠠᠢᠭᠤᠯᠤᠯᠲᠠ᠎ᠶᠢᠨ ᠪᠠᠷᠢᠯᠭ᠎ᠠ᠎ᠶᠢᠨ ᠲᠥᠯᠦᠪᠵᠢᠭᠦᠯᠭᠡ᠎ᠶᠢᠨ ᠵᠥᠪᠰᠢᠶᠡᠷᠡᠯ᠎ᠢ ᠬᠢᠨᠠᠨ ᠣᠯᠭᠣᠬᠤ ᠴᠠᠭ᠎ᠤᠨ ᠬᠢᠵᠠᠭᠠᠷ᠎ᠢ 3 ᠠᠵᠢᠯᠯᠠᠬᠤ ᠡᠳᠦᠷ ᠪᠣᠯᠭᠠᠨ ᠪᠤᠭᠤᠨᠢᠰᠬᠠᠵᠤ᠂ ᠲᠥᠷᠥᠯ ᠵᠦᠢᠯ᠎ᠢ ᠨᠠᠢᠳᠠᠪᠤᠷᠢᠵᠢᠭᠤᠯᠬᠤ᠎ᠳᠤ ᠦᠨᠡᠨᠬᠦ ᠴᠠᠭ᠎ᠢ 《ᠵᠠᠪᠳᠤᠵᠤ》᠂ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ ᠃
ᠲᠠᠷᠠᠭᠠᠴᠢ᠎ᠶ᠋ᠢᠨ ᠠᠯᠬᠤᠮ᠎ᠳᠤ᠂ ᠮᠠᠨᠵᠤᠤᠷ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ ᠪᠠ ᠲᠥᠷᠥᠯ ᠵᠦᠢᠯᠬᠡᠷᠡᠭ᠌ᠴᠡᠭᠡ ᠱᠠᠭᠠᠷᠳᠠᠯᠭ᠎ᠠ᠎ᠪᠠᠷ ᠤᠳᠤᠷᠢᠳᠤᠮᠵᠢ ᠪᠣᠯᠭᠠᠬᠤ᠎ᠶ᠋ᠢ ᠦᠷᠭᠦᠯᠵᠢᠯᠡᠨ ᠪᠠᠷᠢᠮᠲᠠᠯᠠᠵᠤ᠂ ᠤᠷᠢᠳᠠᠪᠠᠷ ᠦᠢᠯᠡᠴᠢᠯᠡᠬᠦ᠂ ᠬᠠᠮᠵᠢᠯᠴᠠᠨ ᠬᠠᠮᠲᠤᠷᠠᠨ ᠬᠥᠳᠡᠯᠦᠯᠴᠡᠬᠦ᠌ ᠠᠵᠢᠯ᠎ᠤᠨ ᠠᠷᠭ᠎ᠠ ᠮᠠᠶᠢᠭ᠎ᠢᠶᠠᠨ ᠤᠯᠠᠮ ᠨᠢᠭᠡ ᠠᠯᠬᠤᠮ ᠲᠣᠭ᠍ᠲᠠᠪᠤᠷᠢᠵᠢᠭᠤᠯᠵᠤ᠂ ᠰᠠᠯᠠᠭ᠎ᠠ ᠮᠥᠴᠢᠷ ᠠᠯᠤᠰᠯᠠᠭ᠍ᠰᠠᠨ ᠳ᠋ᠡᠢ᠌ᠲ᠋ᠠ᠎ᠶ᠋ᠢ ᠬᠠᠮᠲᠤ᠎ᠪᠠᠷ ᠡᠳ᠋ᠯᠡᠬᠦ᠌ ᠪᠠ ᠲᠤᠬᠠᠢᠯᠠᠭ᠍ᠰᠠᠨ ᠠᠵᠢᠯ᠎ᠤᠨ ᠬᠠᠮᠵᠢᠯᠴᠠᠭ᠎ᠠ᠎ᠪᠠᠨ ᠭᠦᠨᠵᠡᠭᠡᠢᠷᠡᠭᠦᠯᠵᠦ᠍᠂ ᠨᠠᠩ ᠱᠢᠯᠢᠳᠡᠭ ᠴᠤᠪᠤᠷᠠᠯ᠂ ᠨᠠᠩ ᠪᠣᠳᠠᠲᠠᠶ ᠰᠤᠷᠲᠠᠯ᠂ ᠨᠠᠩ ᠲᠦᠷᠭᠡᠨ ᠬᠤᠷᠳᠤᠴᠠ᠎ᠪᠠᠷ ᠭᠤᠤᠯᠳᠠᠯᠭ᠎ᠠ᠎ᠲᠠᠢ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠬᠠᠮᠠᠭᠠᠯᠠᠵᠤ᠂ ᠪᠥᠬᠦ᠌ ᠬᠤᠲᠠ᠎ᠶ᠋ᠢᠨ ᠠᠵᠤ ᠠᠬᠤᠶ ᠨᠡᠢᠭᠡᠮ᠎ᠤᠨ ᠴᠢᠨᠠᠷ ᠰᠠᠢᠲᠠᠶ ᠬᠥᠭ᠌ᠵᠢᠯᠲᠡ᠎ᠳᠤ ᠪᠠᠲᠤ ᠴᠢᠩᠭ᠎ᠠ ᠬᠦᠴᠦᠲᠡᠶ ᠪᠠᠢᠭᠠᠯᠢ᠎ᠶ᠋ᠢᠨ ᠡᠬᠢ ᠪᠠᠶᠠᠯᠢᠭ᠎ᠤᠨ ᠡᠯᠧᠮᠧᠨ᠋ᠲ᠎ᠤᠨ ᠪᠠᠲᠤᠯᠠᠭ᠎ᠠ ᠬᠠᠩᠭᠠᠨ᠎ᠠ᠃