ᠠᠯᠠᠱᠠ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ 2026 ᠣᠨ᠎ᠤ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ
2026-01-16

  1 ᠳ᠋ᠦ᠍ᠭᠡᠷ ᠰᠠᠷ᠎ᠠ᠎ᠶ᠋ᠢᠨ 15 ᠎ᠤ ᠡᠳᠦᠷ᠂ ᠠᠯᠠᠱᠠ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠲᠤᠰᠭᠠᠶ ᠰᠡᠳᠦᠪᠲᠦ ᠰᠤᠷᠤᠯᠴᠠᠯᠭ᠎ᠠ᠎ᠶ᠋ᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠬᠤᠷᠢᠳᠤᠭᠠᠷ ᠬᠤᠭᠤᠴᠠᠭᠠᠨ᠎ᠤ ᠲᠥᠪ᠎ᠤᠨ ᠰᠠᠬᠢᠯᠭ᠎ᠠ ᠪᠠᠲᠤ ᠪᠠᠢᠴᠠᠭᠠᠬᠤ ᠬᠤᠷᠢᠶᠠᠨ᠎ᠤ ᠲᠠᠪᠤᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ ᠶᠣᠣ ᠶᠦᠩ ᠪᠥᠸᠧ᠎ᠶ᠋ᠢᠨ 2026 ᠣᠨ᠎ᠤ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠬᠤᠷᠠᠯ᠎ᠤᠨ ᠴᠣᠬᠤᠯᠠᠪᠤᠷᠢ᠎ᠶ᠋ᠢ ᠤᠯᠠᠮᠵᠢᠯᠠᠨ ᠰᠤᠷᠤᠯᠴᠠᠵᠤ᠂ 2026 ᠣᠨ᠎ᠤ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠬᠢᠨᠠᠮᠠᠭᠠᠶ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃

  ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ 《1571》 ᠠᠵᠢᠯ᠎ᠤᠨ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠡᠯ᠎ᠡ ᠵᠦᠢᠯ᠎ᠤᠨ ᠠᠵᠢᠯ᠎ᠤᠨ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠠᠯᠠᠱᠠ ᠠᠢᠮᠠᠭ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠤ ᠬᠠᠯᠬᠠᠪᠴᠢ ᠪᠣᠯᠤᠨ ᠡᠨᠧᠷᠭᠢ᠎ᠶ᠋ᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠨ᠂ ᠬᠠᠷᠠᠯᠲᠠ᠎ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠠᠵᠢᠯ᠎ᠤᠨ ᠭᠠᠷᠳᠠᠬᠤ ᠴᠡᠭ ᠪᠣᠯᠤᠨ ᠬᠦᠴᠦᠯᠡᠬᠦ᠌ ᠴᠡᠭ᠎ᠢᠶᠠᠨ ᠣᠨᠣᠪᠴᠢᠲᠠᠶ ᠣᠯᠵᠤ᠂ 2026 ᠣᠨ᠎ᠤ ᠪᠥᠬᠦ᠌ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠰᠠᠢᠲᠤᠷ ᠠᠳᠭᠤᠬᠤ ᠬᠡᠷᠡᠭ᠌ᠲᠡᠶ᠃ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢ ᠬᠥᠲᠥᠯᠦᠨ ᠳᠠᠭᠠᠭᠤᠯᠬᠤ᠎ᠶ᠋ᠢ ᠴᠢᠩᠭᠠᠳᠭᠠᠵᠤ᠂ ᠠᠢᠮᠠᠭ᠎ᠤᠨ ᠣᠷᠣᠨ ᠵᠠᠶ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠦᠨ᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠠᠮᠢᠶᠠᠷᠤᠯᠲᠠ ᠪᠠ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ 《ᠨᠢᠭᠡ ᠵᠢᠷᠤᠭ》 ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠭᠠᠵᠠᠷ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠴᠢᠩᠭ᠎ᠠ ᠰᠠᠬᠢᠬᠤ ᠬᠡᠷᠡᠭ᠌ᠲᠡᠶ; ᠱᠢᠨ᠎ᠡ ᠨᠢᠭᠡ ᠡᠭᠡᠯᠵᠢ᠎ᠶ᠋ᠢᠨ ᠠᠭᠤᠷᠬᠠᠶ ᠡᠷᠢᠬᠦ᠌ ᠪᠠᠢᠯᠳᠤᠬᠤ ᠪᠤᠳᠤᠯᠭ᠎ᠠ᠎ᠶ᠋ᠢᠨ ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠢᠨ ᠪᠠᠢᠴᠠᠭᠠᠵᠤ ᠨᠡᠭᠡᠭᠡᠨ ᠠᠱᠢᠭ᠍ᠯᠠᠬᠤ᠎ᠶ᠋ᠢ ᠭᠦᠨᠵᠡᠭᠡᠢᠷᠡᠭᠦᠯᠦᠨ᠂ ᠬᠠᠶᠠᠭ᠍ᠳᠠᠮᠠᠯ ᠠᠭᠤᠷᠬᠠᠶ᠎ᠶ᠋ᠢ ᠵᠠᠰᠠᠬᠤ ᠪᠠ ᠪᠣᠬᠢᠷᠲᠤᠯ ᠦᠭᠡᠢ ᠠᠭᠤᠷᠬᠠᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠤ ᠬᠠᠯᠬᠠᠪᠴᠢ᠎ᠶ᠋ᠢ ᠪᠠᠬᠢᠵᠢᠭᠦᠯᠦᠨ᠎ᠡ; ᠬᠠᠤᠯᠢ ᠬᠡᠷᠡᠭ᠌ᠵᠢᠭᠦᠯᠦᠯᠲᠡ᠎ᠶ᠋ᠢᠨ ᠬᠢᠨᠠᠯᠲᠠ ᠬᠠᠮᠢᠶᠠᠷᠤᠯᠲᠠ ᠪᠠ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠪᠥᠬᠦ᠌ ᠬᠦᠴᠦᠨ᠎ᠢᠶᠠᠷ᠎ᠢᠶᠠᠨ ᠳᠡᠭᠡᠭ᠌ᠰᠢᠯᠡᠭᠦᠯᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠤᠨ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠬᠡᠷᠡᠭ᠌ᠲᠡᠢ ᠭᠡᠵᠦ ᠴᠢᠬᠤᠯᠠᠴᠢᠯᠠᠪᠠ᠃

  ᠠᠯᠠᠱᠠ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶᠠᠨ᠎ᠤ ᠪᠠᠢᠭᠤᠯᠭ᠎ᠠ᠎ᠶ᠋ᠢᠨ ᠬᠠᠷᠢᠭᠤᠴᠠᠯᠭᠠᠲᠠᠨ᠂ ᠲᠣᠪᠴᠢᠶᠠᠨ᠎ᠤ ᠬᠠᠷᠢᠶ᠎ᠠ ᠠᠵᠢᠯ ᠦᠢᠯᠡᠰ᠎ᠤᠨ ᠨᠢᠭᠡᠴᠢ᠎ᠶ᠋ᠢᠨ ᠬᠠᠷᠢᠭᠤᠴᠠᠯᠭᠠᠲᠠᠨ ᠬᠤᠷᠠᠯ᠎ᠳᠤ ᠣᠷᠣᠯᠴᠠᠪᠠ᠃

ᠢᠷᠡᠯᠲᠡ᠄ ᠠᠯᠠᠱᠠ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ