ᠮᠠᠨᠵᠤᠤᠷ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠬᠠᠯᠠᠮᠱᠢᠯ ᠤᠲᠠᠰᠤ᠎ᠶ᠋ᠢᠨ ᠠᠵᠢᠯ᠎ᠤᠨ ᠬᠠᠭᠤᠳᠠᠰᠤ᠎ᠶ᠋ᠢ ᠰᠠᠢᠲᠤᠷ ᠡᠷᠭᠢᠯᠡᠵᠦ᠍ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭᠰᠢᠯᠡᠭᠦᠯᠦᠨ᠎ᠡ
2026-01-19

  ᠮᠠᠨᠵᠤᠤᠷ ᠬᠣᠲᠠ᠎ᠶᠢᠨ ᠪᠠᠢᠭᠠᠯᠢ᠎ᠶᠢᠨ ᠡᠬᠢ ᠪᠠᠶᠠᠯᠢᠭ᠎ᠤ᠋ᠨ ᠲᠣᠪᠴᠢᠶ᠎ᠠ 12345 ᠬᠠᠯᠠᠭᠤᠨ ᠤᠲᠠᠰᠤᠨ᠎ᠤ᠋ ᠠᠵᠢᠯ᠎ᠤ᠋ᠨ ᠬᠠᠭᠤᠳᠠᠰᠤ᠎ᠶᠢ ᠰᠠᠢᠲᠤᠷ ᠡᠷᠬᠢᠯᠡᠬᠦ᠌᠎ᠪᠡᠷ ᠭᠠᠷᠳᠠᠨ ᠬᠢᠬᠦ᠌ ᠴᠡᠭ ᠪᠣᠯᠭᠠᠵᠤ᠂ ᠠᠵᠤ ᠠᠬᠤᠢᠯᠠᠯ ᠪᠣᠯᠤᠨ ᠣᠯᠠᠨ ᠲᠦᠮᠡᠨ᠎ᠦ᠌《 ᠪᠠᠴᠢᠮᠳᠠᠵᠤ ᠬᠦᠴᠢᠷᠳᠡᠵᠦ  ᠵᠤᠪᠠᠵᠦ ᠬᠦᠰᠡᠵᠦ 》ᠪᠠᠢ᠌ᠭ᠎ᠠ᠎ᠳᠤ ᠰᠡᠳᠭᠢᠯ ᠲᠠᠯᠪᠢᠨ ᠰᠢᠢ᠍ᠳᠪᠦᠷᠢᠯᠡᠵᠦ᠂《ᠬᠠᠯᠠᠭᠤᠨ ᠤᠲᠠᠰᠤᠨ᠎ᠤ᠋ ᠠᠵᠢᠯ᠎ᠤ᠋ᠨ ᠬᠠᠭᠤᠳᠠᠰᠤ》᠎ᠶᠢ 《ᠬᠠᠨᠤᠮᠵᠢᠲᠠᠢ ᠠᠵᠢᠯ᠎ᠤ᠋ᠨ ᠬᠠᠭᠤᠳᠠᠰᠤ》 ᠲᠡᠢ᠌ᠰᠢ ᠯᠠᠪᠳᠠᠭᠤᠨ ᠪᠠᠲᠤᠲᠠᠢ ᠬᠤᠪᠢᠷᠠᠭᠤᠯᠬᠤ᠎ᠶᠢ ᠲᠦᠯᠬᠢᠨ ᠠᠬᠢᠭᠤᠯᠤᠨ᠎ᠠ ᠃

  ᠠᠵᠢᠯ᠎ᠤᠨ ᠬᠠᠭᠤᠳᠠᠰᠤ᠎ᠶ᠋ᠢᠨ ᠠᠵᠢᠯᠯᠠᠭᠠᠨ᠎ᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠬᠦᠰᠡᠯ ᠱᠠᠭᠠᠷᠳᠠᠯᠭ᠎ᠠ᠎ᠶ᠋ᠢ ᠬᠠᠷᠢᠭᠤ ᠲᠤᠰᠭᠠᠬᠤ ᠨᠣᠷᠮ᠎ᠠ᠎ᠶ᠋ᠢ ᠪᠠᠲᠤᠯᠠᠨ᠎ᠠ᠃ 《ᠪᠠᠴᠢᠮ ᠶᠠᠪᠤᠳᠠᠯ᠎ᠢ ᠲᠦᠷᠭᠡᠨ ᠱᠢᠢᠳᠪᠦᠷᠢᠯᠡᠬᠦ᠂ ᠴᠢᠬᠤᠯᠠ ᠶᠠᠪᠤᠳᠠᠯ᠎ᠢ ᠠᠩᠬᠠᠷᠤᠨ ᠱᠢᠢᠳᠪᠦᠷᠢᠯᠡᠬᠦ᠂ ᠶᠠᠷᠱᠢᠭ᠍ᠲᠠᠢ ᠶᠠᠪᠤᠳᠠᠯ᠎ᠢ ᠳᠥᠭᠦᠮᠴᠢᠯᠡᠨ ᠱᠢᠢᠳᠪᠦᠷᠢᠯᠡᠬᠦ᠌》 ᠠᠵᠢᠯ᠎ᠤᠨ ᠲᠦᠷᠢᠮ᠎ᠢ ᠪᠠᠢᠭᠤᠯᠵᠤ᠂ ᠲᠤᠰᠭᠠᠶ ᠬᠥᠮᠦᠨ᠎ᠢᠶᠠᠷ ᠬᠠᠷᠢᠭᠤᠴᠠᠯᠭ᠎ᠠ᠎ᠶ᠋ᠢ ᠮᠥᠷᠳᠡᠨ ᠪᠣᠳᠠᠲᠠᠢᠵᠢᠭᠤᠯᠵᠤ᠂ ᠬᠠᠯᠠᠮᠱᠢᠯ ᠤᠲᠠᠰᠤᠨ᠎ᠤ ᠠᠵᠢᠯ᠎ᠤᠨ ᠬᠠᠭᠤᠳᠠᠰᠤ᠎ᠶ᠋ᠢ ᠪᠥᠬᠦ᠌ ᠶᠠᠪᠤᠴᠠ᠎ᠳᠤ ᠬᠢᠨᠠᠨ ᠬᠢᠯᠭᠡᠵᠦ᠍᠂ ᠭᠤᠭ᠍ᠴᠤᠭ᠎ᠠ ᠨᠢᠭᠡᠪᠦᠷᠢ᠎ᠶ᠋ᠢ ᠴᠥᠮ ᠠᠳᠭᠤᠬᠤ ᠬᠥᠮᠦᠨ᠎ᠲᠠᠢ᠂ ᠬᠠᠮᠢᠶᠠᠷᠬᠤ ᠬᠥᠮᠦᠨ᠎ᠲᠠᠢ ᠪᠠᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠱᠢᠢᠳᠪᠦᠷᠢᠯᠡᠵᠦ᠍ ᠳᠠᠭᠤᠰᠭᠠᠬᠤ ᠴᠠᠭ ᠬᠤᠭᠤᠴᠠᠭ᠎ᠠ ᠣᠢᠷᠠᠳᠤᠭ᠍ᠰᠠᠨ ᠠᠵᠢᠯ᠎ᠤᠨ ᠬᠠᠭᠤᠳᠠᠰᠤ᠎ᠶ᠋ᠢ ᠴᠠᠭ ᠲᠤᠬᠠᠶ᠎ᠳᠤᠨᠢ ᠱᠢᠪᠠᠳᠠᠨ ᠱᠢᠢᠳᠪᠦᠷᠢᠯᠡᠭᠦᠯᠵᠦ᠍᠂ ᠬᠤᠭᠤᠴᠠᠭ᠎ᠠ᠎ᠠᠴᠠ ᠬᠡᠲᠦᠷᠡᠭᠦᠯᠦᠨ ᠭᠦᠢᠴᠡᠳᠭᠡᠬᠦ᠌ ᠦᠵᠡᠭ᠌ᠳᠡᠯ᠎ᠢ ᠴᠢᠩᠭ᠎ᠠ ᠰᠡᠷᠭᠡᠢᠯᠡᠵᠦ᠍᠂ ᠣᠯᠠᠨ ᠲᠦᠮᠡᠨ᠎ᠤ ᠭᠤᠮᠣᠳᠠᠯ ᠱᠠᠭᠠᠷᠳᠠᠯᠭ᠎ᠠ᠎ᠳᠤ ᠦᠨᠡᠨ ᠬᠦ᠌ ᠥᠨᠳᠥᠷ ᠪᠦᠲᠦᠮᠵᠢᠲᠡᠶ ᠬᠠᠷᠢᠭᠤᠯᠲᠠ ᠥᠭ᠌ᠬᠦ᠎ᠶ᠋ᠢ ᠪᠡᠶᠡᠯᠡᠭᠦᠯᠬᠦ᠌ ᠬᠡᠷᠡᠭ᠌ᠲᠡᠶ᠃

  ᠳᠣᠲᠣᠭᠠᠳᠤ ᠰᠠᠯᠠᠭ᠎ᠠ ᠮᠥᠴᠢᠷ ᠬᠠᠮᠵᠢᠯᠴᠠᠨ ᠠᠵᠢᠯᠯᠠᠬᠤ ᠬᠠᠭᠤᠳᠠᠰᠤ᠎ᠶᠢ ᠰᠢᠢ᠍ᠳᠪᠦᠷᠢᠯᠡᠬᠦ ᠨᠣᠷᠮ᠎ᠠ᠎ᠶᠢ ᠳᠡᠭᠡᠭᠰᠢᠯᠡᠭᠦᠯᠦᠨ᠎ᠡ᠃ ᠬᠠᠤᠯᠢ᠎ᠠᠴᠠ ᠵᠥᠷᠢᠴᠡᠭ᠌ᠰᠡᠨ ᠪᠦᠲᠦᠭᠡᠨ ᠪᠠᠢᠭᠤᠯᠤᠯᠲᠠ᠎ᠶ᠋ᠢᠨ ᠠᠰᠠᠭᠤᠳᠠᠯ᠎ᠳᠤ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠠᠪᠴᠤ᠌ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠲᠡ᠎ᠳᠤ ᠦᠵᠡᠭᠦᠯᠬᠦ᠌ ᠨᠥᠯᠥᠭᠡ᠎ᠶ᠋ᠢ ᠠᠷᠢᠯᠭ᠋ᠠᠨ᠎ᠠ; ᠦᠨᠡᠮᠯᠡᠯ ᠠᠪᠬᠤ᠎ᠳᠤ ᠬᠦᠴᠢᠷᠲᠠᠢ ᠠᠰᠠᠭᠤᠳᠠᠯ᠎ᠳᠤ᠂ ᠣᠷᠣᠨ ᠰᠠᠭᠤᠴᠠ ᠪᠠ ᠬᠤᠲᠠ ᠬᠥᠳᠡᠭᠡ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠪᠴᠢᠶ᠎ᠠ᠂ ᠭᠠᠢᠯᠢ᠎ᠶ᠋ᠢᠨ ᠶᠠᠪᠤᠳᠠᠯ᠎ᠤᠨ ᠲᠣᠪᠴᠢᠶ᠎ᠠ ᠵᠢᠴᠢ ᠭᠡᠷ ᠪᠠᠢᠱᠢᠩ ᠭᠠᠵᠠᠷ ᠬᠥᠷᠥᠩᠭᠡ᠎ᠶ᠋ᠢᠨ ᠨᠡᠭᠡᠭᠡᠯᠲᠡ᠎ᠶ᠋ᠢᠨ ᠠᠵᠤ ᠠᠬᠤᠢᠯᠠᠯ᠎ᠢ ᠵᠣᠬᠢᠴᠠᠭᠤᠯᠵᠤ᠂ ᠣᠯᠠᠨ ᠲᠦᠮᠡᠨ᠎ᠢ ᠳᠤᠲᠠᠭᠤ ᠭᠦᠶᠦᠯᠭᠡᠵᠦ᠍᠂ ᠥᠨᠳᠥᠷ ᠪᠦᠲᠦᠮᠵᠢᠲᠡᠶ᠎ᠪᠠᠷ ᠦᠨᠡᠮᠯᠡᠯ ᠠᠪᠤᠨ᠎ᠠ; ᠥᠨᠳᠥᠷ ᠳᠠᠪᠲᠠᠮᠵᠢᠲᠤ ᠭᠤᠮᠣᠳᠠᠯ ᠱᠠᠭᠠᠷᠳᠠᠯᠭ᠎ᠠ᠂ ᠬᠠᠯᠠᠮᠰᠢᠯ ᠴᠡᠭ᠎ᠤᠨ ᠠᠰᠠᠭᠤᠳᠠᠯ᠎ᠳᠤ ᠨᠢᠭᠡᠳ ᠨᠢᠭᠡ᠎ᠪᠠᠷ ᠬᠠᠷᠢᠭᠤᠯᠲᠠ ᠥᠭ᠌ᠴᠦ᠂ ᠬᠤᠷᠢᠶᠠᠩᠭᠤᠢᠯᠠᠭ᠍ᠰᠠᠨ᠎ᠤ ᠳᠠᠷᠠᠭ᠎ᠠ 12345 ᠡᠭᠦᠯᠡᠨ ᠮᠡᠳᠡᠯᠭᠡ᠎ᠶ᠋ᠢᠨ ᠬᠥᠮᠥᠷᠭᠡ᠎ᠳᠤ ᠳᠠᠮᠵᠢᠭᠤᠯᠵᠤ᠂ ᠥᠷᠭᠡᠨ ᠣᠯᠠᠨ ᠬᠤᠲᠠ᠎ᠶ᠋ᠢᠨ ᠠᠷᠠᠳ᠎ᠲᠤ ᠨᠠᠩ ᠣᠯᠠᠨ᠂ ᠨᠠᠩ ᠪᠦᠷᠢᠨ᠂ ᠨᠠᠩ ᠳᠥᠭᠦᠮ ᠳᠥᠲᠡ᠂ ᠨᠠᠩ ᠪᠦᠲᠦᠮᠵᠢᠲᠡᠶ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠠᠵᠢᠯ᠎ᠤᠨ ᠬᠠᠭᠤᠳᠠᠰᠤ᠎ᠶ᠋ᠢ ᠱᠢᠢᠳᠪᠦᠷᠢᠯᠡᠬᠦ᠌ ᠨᠣᠷᠮ᠎ᠠ᠎ᠶ᠋ᠢ ᠳᠡᠭᠡᠭᠰᠢᠯᠡᠭᠦᠯᠦᠨ᠎ᠡ᠃

  ᠡᠬᠢ ᠡᠭᠦᠰᠦᠯ᠎ᠠᠴᠠ᠎ᠨᠢ ᠵᠠᠰᠠᠬᠤ ᠤᠳᠤᠷᠢᠳᠤᠮᠵᠢ᠎ᠶ᠋ᠢ ᠪᠠᠷᠢᠮᠲᠠᠯᠠᠵᠤ᠂ ᠦᠢᠯᠡᠴᠢᠯᠡᠭᠡᠨ᠎ᠤ ᠬᠠᠨᠤᠮᠵᠢ᠎ᠶ᠋ᠢᠨ ᠨᠤᠷᠮ᠎ᠠ᠎ᠶ᠋ᠢ ᠨᠡᠮᠡᠭ᠌ᠳᠡᠭᠦᠯᠦᠨ᠎ᠡ᠃ ᠬᠠᠯᠠᠮᠰᠢᠯ ᠤᠲᠠᠰᠤᠨ᠎ᠤ ᠠᠵᠢᠯ᠎ᠤᠨ ᠭᠠᠭ᠍ᠴᠠ ᠨᠡᠢᠳᠡᠴᠢ ᠴᠢᠨᠠᠷᠲᠠᠶ ᠠᠰᠠᠭᠤᠳᠠᠯ ᠵᠢᠴᠢ ᠬᠠᠯᠠᠮᠰᠢᠯ ᠴᠡᠭ᠎ᠤᠨ ᠬᠦᠰᠡᠯ ᠱᠠᠭᠠᠷᠳᠠᠯᠭ᠎ᠠ᠎ᠶ᠋ᠢ ᠵᠠᠳᠠᠯᠤᠨ ᠰᠤᠳᠤᠯᠵᠤ ᠮᠠᠭᠠᠳᠯᠠᠬᠤ᠎ᠶ᠋ᠢ ᠴᠢᠩᠭᠠᠳᠭᠠᠵᠤ᠂ ᠠᠰᠠᠭᠤᠳᠠᠯ᠎ᠤᠨ ᠦᠨᠳᠦᠰᠦ ᠰᠤᠷᠪᠤᠯᠵᠢ᠎ᠶ᠋ᠢ ᠭᠦᠨ ᠠᠭᠤᠳᠠᠯᠤᠨ᠎ᠠ᠃ ᠬᠡᠷᠡᠭ ᠶᠠᠪᠤᠳᠠᠯ᠎ᠢ ᠭᠦᠢᠴᠡᠳᠭᠡᠬᠦ᠌ ᠴᠤᠪᠤᠷᠠᠯ᠎ᠢ ᠱᠢᠯᠢᠳᠡᠭ᠌ᠵᠢᠭᠦᠯᠵᠦ᠍᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠤ ᠬᠠᠨᠤᠮᠵᠢ᠎ᠶ᠋ᠢᠨ ᠨᠣᠷᠮ᠎ᠠ᠎ᠶ᠋ᠢ ᠳᠡᠭᠡᠭ᠌ᠰᠢᠯᠡᠭᠦᠯᠦᠨ᠎ᠡ᠃ 2025 ᠣᠨ᠎ᠳᠤ ᠨᠡᠶ᠋ᠢᠲᠡ 361 ᠬᠠᠯᠠᠮᠰᠢᠯ ᠤᠲᠠᠰᠤᠨ᠎ᠤ ᠠᠵᠢᠯ᠎ᠤᠨ ᠬᠠᠭᠤᠳᠠᠰᠤ᠎ᠶᠢ ᠭᠥᠯᠢᠶᠡᠨ ᠠᠪᠴᠤ᠂ ᠪᠥᠬᠥ ᠵᠢᠯ᠎ᠳᠦ ᠬᠤᠭᠤᠴᠠᠭ᠎ᠠ᠎ᠠᠴᠠ ᠬᠡᠲᠦᠷᠡᠭᠰᠡᠨ ᠠᠵᠢᠯ᠎ᠤᠨ ᠬᠠᠭᠤᠳᠠᠰᠤ ᠭᠠᠷᠤᠭᠰᠠᠨ ᠦᠭᠡᠢ ᠪᠠᠢ᠌ᠳᠠᠭ᠃

ᠢᠷᠡᠯᠲᠡ᠄ ᠮᠠᠨᠵᠤᠤᠷ ᠬᠤᠳᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠤᠪᠴᠢᠶ᠎ᠠ