ᠣᠷᠳᠣᠰ ᠬᠤᠲᠠ ᠨᠡᠭᠦᠷᠡᠰᠦᠨ᠎ᠤ ᠪᠤᠰᠤ ᠠᠭᠤᠷᠬᠠᠶ᠎ᠶ᠋ᠢᠨ ᠠᠵᠢᠯ ᠲᠥᠷᠥᠯ᠎ᠤᠨ ᠬᠠᠮᠢᠶᠠᠷᠤᠯᠲᠠ ᠬᠢᠭᠡᠳ ᠠᠶᠤᠯ ᠦᠭᠡᠢ ᠦᠢᠯᠡᠳᠪᠦᠷᠢᠯᠡᠯ᠎ᠤᠨ ᠬᠤᠯᠪᠣᠭᠠᠯᠠᠨ ᠰᠤᠭᠤᠴᠢᠨ ᠪᠠᠢᠴᠠᠭᠠᠬᠤ ᠠᠵᠢᠯ ᠥᠷᠨᠢᠭᠦᠯᠪᠡ
2026-01-16

  1 ᠳ᠋ᠦ᠍ᠭᠡᠷ ᠰᠠᠷ᠎ᠠ᠎ᠶ᠋ᠢᠨ 13 ᠎ᠤ ᠡᠳᠦᠷ᠎ᠠᠴᠠ 16 ᠎ᠤ ᠡᠳᠦᠷ ᠪᠣᠯᠲᠠᠯ᠎ᠠ᠂ ᠨᠡᠭᠦᠷᠡᠰᠦᠨ᠎ᠤ ᠪᠤᠰᠤ ᠠᠭᠤᠷᠬᠠᠶ᠎ᠶ᠋ᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠠᠶᠤᠯ ᠦᠭᠡᠢ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠂ ᠵᠢᠯ᠎ᠤᠨ ᠡᠴᠦᠰ ᠵᠢᠯ᠎ᠤᠨ ᠡᠬᠢᠨ᠎ᠤ ᠠᠶᠤᠯ ᠦᠭᠡᠢ ᠦᠢᠯᠡᠳᠪᠦᠷᠢᠯᠡᠯ᠎ᠤᠨ ᠪᠠᠢᠳᠠᠯ᠎ᠤᠨ ᠲᠣᠭ᠍ᠲᠠᠭᠤᠨ ᠪᠠᠢᠬᠤ᠎ᠶ᠋ᠢ ᠪᠠᠲᠤᠯᠠᠬᠤ᠎ᠶ᠋ᠢᠨ ᠲᠥᠯᠥᠭᠡ᠂ ᠣᠷᠳᠣᠰ ᠬᠤᠲᠠ᠎ᠶ᠋ᠢᠨ ᠨᠡᠭᠦᠷᠡᠰᠦᠨ᠎ᠤ ᠪᠤᠰᠤ ᠠᠭᠤᠷᠬᠠᠶ᠎ᠶ᠋ᠢᠨ ᠠᠵᠢᠯ ᠲᠥᠷᠥᠯ᠎ᠤᠨ ᠬᠠᠮᠢᠶᠠᠷᠤᠯᠲᠠ ᠵᠣᠬᠢᠴᠠᠭᠤᠯᠭ᠎ᠠ᠎ᠶ᠋ᠢᠨ ᠠᠵᠢᠯ᠎ᠤᠨ ᠲᠣᠭ᠍ᠲᠠᠴᠠ᠎ᠶ᠋ᠢᠨ ᠠᠯᠪᠠᠨ ᠬᠡᠷ᠎ᠠᠴᠠ ᠬᠠᠮᠢᠶ᠎ᠠ ᠪᠥᠬᠦᠶ ᠳᠤᠭᠤᠢ᠌ᠯᠠᠩ ᠨᠢᠭᠡᠴᠢ᠎ᠶ᠋ᠢ ᠵᠣᠬᠢᠶᠠᠨ ᠪᠠᠢᠭᠤᠯᠵᠤ᠂ 3 ᠬᠠᠮᠲᠤᠷᠠᠭ᠍ᠰᠠᠨ ᠠᠵᠢᠯᠯᠠᠬᠤ ᠳᠤᠭᠤᠢᠯᠠᠩ ᠪᠠᠢᠭᠤᠯᠤᠨ᠂ ᠳᠠᠯᠠᠳ ᠬᠤᠱᠢᠭᠤ᠂ ᠵᠡᠭᠦᠨᠭᠠᠷ ᠬᠤᠱᠢᠭᠤ ᠵᠡᠷᠭᠡ 6 ᠬᠤᠱᠢᠭᠤ ᠲᠣᠭᠤᠷᠢᠭ᠎ᠲᠤ ᠬᠦᠷᠴᠦ᠍᠂ ᠨᠡᠭᠦᠷᠡᠰᠦᠨ᠎ᠤ ᠪᠤᠰᠤ ᠠᠭᠤᠷᠬᠠᠶ᠎ᠶ᠋ᠢᠨ ᠠᠵᠢᠯ ᠲᠥᠷᠥᠯ᠎ᠤᠨ ᠬᠠᠮᠢᠶᠠᠷᠤᠯᠲᠠ ᠵᠢᠴᠢ ᠠᠶᠣᠯ ᠦᠭᠡᠢ ᠦᠢᠯᠡᠳᠪᠦᠷᠢᠯᠡᠯ᠎ᠤᠨ ᠬᠤᠲᠠ᠎ᠶ᠋ᠢᠨ ᠲᠠᠰ᠎ᠤᠨ ᠬᠠᠮᠲᠤᠷᠠᠭ᠍ᠰᠠᠨ ᠰᠤᠭᠤᠴᠢᠨ ᠪᠠᠢᠴᠠᠭᠠᠯᠲᠠ᠎ᠶ᠋ᠢ ᠥᠷᠨᠢᠭᠦᠯᠪᠡ᠃

  ᠲᠣᠰ ᠤᠳᠠᠭᠠᠨ᠎ᠤ ᠬᠠᠮᠲᠤᠷᠠᠭ᠍ᠰᠠᠨ ᠪᠠᠢᠴᠠᠭᠠᠯᠲᠠ ᠨᠢ 《ᠬᠠᠷᠢᠭᠤ ᠮᠡᠳᠡᠭᠦᠯᠦᠯᠲᠡ᠎ᠶ᠋ᠢ ᠰᠤᠨᠤᠰᠬᠤ + ᠲᠤᠬᠠᠶ᠎ᠶ᠋ᠢᠨ ᠭᠠᠵᠠᠷ᠎ᠲᠤᠨᠢ ᠰᠤᠭᠤᠴᠢᠨ ᠪᠠᠢᠴᠠᠭᠠᠬᠤ + ᠮᠠᠲᠧᠷᠢᠶᠠᠯ ᠬᠢᠨᠠᠨ ᠪᠠᠢᠴᠠᠭᠠᠬᠤ》 ᠎ᠶ᠋ᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ᠎ᠢᠶᠠᠷ ᠵᠢᠯ᠎ᠤᠨ ᠡᠴᠦᠰ ᠵᠢᠯ᠎ᠤᠨ ᠡᠬᠢᠨ᠎ᠤ ᠠᠶᠤᠯ ᠦᠭᠡᠢ ᠦᠢᠯᠡᠳᠪᠦᠷᠢᠯᠡᠯ᠎ᠤᠨ ᠳᠠᠯᠳᠠ ᠬᠡᠮ᠎ᠢ ᠵᠢᠭ᠍ᠰᠠᠭᠠᠨ ᠪᠠᠢᠴᠠᠭᠠᠭ᠍ᠰᠠᠨ ᠪᠠ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠂ ᠬᠤᠱᠢᠭᠤ ᠲᠣᠭᠤᠷᠢᠭ᠎ᠤᠨ ᠨᠡᠭᠦᠷᠡᠰᠦᠨ᠎ᠤ ᠪᠤᠰᠤ ᠠᠭᠤᠷᠬᠠᠶ᠎ᠶ᠋ᠢᠨ ᠠᠵᠢᠯ ᠲᠥᠷᠥᠯ᠎ᠤᠨ ᠬᠠᠮᠢᠶᠠᠷᠤᠯᠲᠠ᠎ᠶ᠋ᠢᠨ ᠠᠵᠢᠯ᠎ᠤᠨ ᠲᠣᠭ᠍ᠲᠠᠴᠠ᠎ᠶ᠋ᠢᠨ ᠠᠵᠢᠯᠯᠠᠭᠠᠨ᠎ᠤ ᠪᠣᠳᠠᠲᠤ ᠦᠷ᠎ᠡ ᠪᠦᠲᠦᠮᠵᠢ᠂ ᠨᠡᠭᠦᠷᠡᠰᠦᠨ᠎ᠤ ᠪᠤᠰᠤ ᠠᠭᠤᠷᠬᠠᠶ᠎ᠶ᠋ᠢᠨ ᠠᠮᠤᠷ ᠲᠦᠪᠱᠢᠨ᠎ᠤ ᠲᠦᠭ᠌ᠰᠢᠭᠦᠷᠢ᠎ᠶ᠋ᠢ ᠵᠢᠭ᠍ᠰᠠᠭᠠᠨ ᠪᠠᠢᠴᠠᠭᠠᠭ᠍ᠰᠠᠨ ᠪᠠ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠤᠭ᠍ᠰᠠᠨ ᠪᠠᠢᠳᠠᠯ ᠵᠡᠷᠭᠡ ᠭᠤᠷᠪᠠᠨ ᠲᠠᠯ᠎ᠠ᠎ᠶ᠋ᠢᠨ ᠲᠣᠭᠤᠷᠢᠨ᠎ᠳᠤ ᠭᠤᠤᠯᠳᠠᠯᠭ᠎ᠠ᠎ᠲᠠᠢ ᠥᠷᠨᠢᠭᠦᠯᠪᠡ᠃ ᠠᠵᠢᠯᠯᠠᠬᠤ ᠳᠤᠭᠤᠢᠯᠠᠩ᠎ᠤᠨ᠎ᠬᠢᠨ ᠡᠯ᠎ᠡ ᠬᠤᠱᠢᠭᠤ ᠲᠣᠭᠤᠷᠢᠭ᠎ᠤᠨ ᠠᠵᠢᠯ ᠲᠥᠷᠥᠯ᠎ᠤᠨ ᠬᠠᠮᠢᠶᠠᠷᠤᠯᠲᠠ᠎ᠶ᠋ᠢᠨ ᠲᠦᠷᠢᠮ᠎ᠤᠨ ᠪᠠᠢᠭᠤᠯᠤᠯᠲᠠ᠂ 《ᠭᠤᠷᠪᠠᠨ ᠨᠢᠭᠡ ᠪᠦᠯᠦᠭ》 ᠎ᠢ ᠲᠥᠷᠥᠯ ᠬᠤᠪᠢᠶᠠᠨ ᠱᠢᠢᠳᠪᠦᠷᠢᠯᠡᠬᠦ᠂ ᠠᠵᠢᠯ᠎ᠢᠶᠠᠨ ᠰᠡᠷᠭᠦᠭᠡᠵᠦ᠍ ᠦᠢᠯᠡᠳᠪᠦᠷᠢᠯᠡᠯ᠎ᠢᠶᠠᠨ ᠰᠡᠷᠭᠦᠭᠡᠬᠦ᠌ ᠬᠠᠮᠢᠶᠠᠷᠤᠯᠲᠠ᠂ ᠲᠥᠷᠥᠯ ᠵᠦᠢᠯ᠎ᠢ ᠬᠢᠨᠠᠨ ᠵᠥᠪᠱᠢᠶᠡᠷᠡᠵᠦ᠍ ᠳᠠᠩᠰᠠᠯᠠᠬᠤ ᠵᠢᠴᠢ  ᠠᠶᠣᠯ ᠦᠭᠡᠢ ᠦᠢᠯᠡᠳᠪᠦᠷᠢᠯᠡᠯ᠎ᠤᠨ ᠪᠠᠢᠳᠠᠯ᠎ᠢ ᠤᠢᠯᠠᠭᠠᠨ ᠵᠢᠭ᠍ᠰᠠᠭᠠᠬᠤ ᠵᠡᠷᠭᠡ ᠲᠠᠯ᠎ᠠ᠎ᠶ᠋ᠢᠨ ᠠᠵᠢᠯ᠎ᠤᠨ ᠠᠬᠢᠴᠠ᠎ᠶ᠋ᠢ ᠨᠠᠷᠢᠨ ᠨᠢᠮᠪᠠᠶ ᠬᠢᠨᠠᠨ ᠪᠠᠢᠴᠠᠭᠠᠬᠤ᠎ᠶ᠋ᠢᠨ ᠬᠠᠮᠲᠤ ᠠᠵᠤ ᠠᠬᠤᠢᠯᠠᠯ᠎ᠤᠨ ᠨᠢᠭᠡᠳᠦᠭᠡᠷ ᠹᠷᠣᠨᠲ᠎ᠲᠤ ᠭᠦᠨᠵᠡᠭᠡᠢᠷᠡᠵᠦ᠍᠂ ᠠᠶᠤᠯ ᠦᠭᠡᠢ ᠦᠢᠯᠡᠳᠪᠦᠷᠢᠯᠡᠯ᠎ᠤᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠭ᠍ᠰᠠᠨ᠂ ᠪᠠᠴᠢᠮ ᠪᠠᠢᠳᠠᠯ᠎ᠢ ᠠᠷᠭ᠋ᠠᠴᠠᠭ᠋ᠠᠬᠤ ᠪᠡᠯᠡᠳᠭᠡᠯ ᠲᠥᠰᠦᠯ᠎ᠢ ᠲᠣᠭ᠍ᠲᠠᠭᠠᠭ᠍ᠰᠠᠨ᠂ ᠠᠵᠢᠯᠲᠠᠨ᠎ᠤ ᠠᠮᠤᠷ ᠲᠦᠪᠱᠢᠨ᠎ᠤ ᠪᠣᠯᠪᠠᠰᠤᠷᠠᠯ ᠵᠡᠷᠭᠡ ᠪᠠᠢᠳᠠᠯ᠎ᠢ ᠲᠤᠬᠠᠶ᠎ᠶ᠋ᠢᠨ ᠭᠠᠵᠠᠷ᠎ᠲᠤᠨᠢ ᠪᠠᠢᠴᠠᠭᠠᠪᠠ᠃

  ᠪᠠᠢᠴᠠᠭᠠᠬᠤ ᠶᠠᠪᠤᠴᠠ᠎ᠳᠤ᠂ ᠠᠵᠢᠯᠯᠠᠬᠤ ᠳᠤᠭᠤᠢᠯᠠᠩ ᠬᠤᠱᠢᠭᠤ ᠲᠣᠭᠤᠷᠢᠭ᠎ᠤᠨ ᠰᠠᠭᠤᠷᠢ ᠳ᠋ᠡᠢ᠌ᠲ᠋ᠠ᠎ᠶ᠋ᠢᠨ ᠪᠦᠷᠢᠳᠭᠡᠯ᠂ ᠭᠤᠤᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ᠎ᠤᠨ ᠨᠠᠷᠢᠨ ᠳᠠᠩᠰᠠᠴᠢᠯᠡᠭ᠌ᠰᠡᠨ ᠬᠠᠮᠢᠶᠠᠷᠤᠯᠲᠠ᠂ ᠳᠠᠯᠳᠠ ᠭᠡᠮ᠎ᠢ ᠴᠡᠭ᠌ᠴᠡᠯᠡᠨ ᠰᠠᠢᠵᠢᠷᠠᠭᠤᠯᠬᠤ ᠪᠢᠲᠡᠭᠦᠤ ᠴᠠᠭᠠᠷᠢᠭ ᠵᠢᠴᠢ ᠰᠠᠯᠠᠭ᠎ᠠ ᠮᠥᠴᠢᠷ ᠠᠯᠤᠰᠯᠠᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠰᠦᠪᠡᠭ᠌ᠴᠢ᠎ᠶ᠋ᠢ ᠱᠢᠯᠵᠢᠭᠦᠯᠦᠨ ᠬᠦᠷᠭᠡᠬᠦ᠌ ᠵᠡᠷᠭᠡ ᠠᠵᠢᠯ᠎ᠢ ᠵᠡᠷᠭᠡᠪᠡᠷ ᠵᠢᠯᠣᠭᠤᠳᠭᠤ᠎ᠶ᠋ᠢᠨ ᠬᠠᠮᠲᠤ ᠪᠠᠢᠴᠠᠭᠠᠯᠲᠠ᠎ᠶ᠋ᠢᠨ ᠳᠤᠮᠳᠠ ᠣᠯᠵᠤ ᠮᠡᠳᠡᠭ᠌ᠰᠡᠨ ᠠᠰᠠᠭᠤᠳᠠᠯ᠎ᠳᠤ ᠴᠢᠭ᠌ᠯᠡᠭᠦᠯᠦᠨ ᠠᠬᠣᠢ ᠲᠠᠯᠠᠪᠠᠢ᠎ᠳᠤ ᠬᠠᠮᠢᠶ᠎ᠠ ᠪᠦᠬᠦᠢ ᠬᠤᠱᠢᠭᠤ ᠲᠣᠭᠤᠷᠢᠭ ᠵᠢᠴᠢ ᠠᠵᠤ ᠠᠬᠤᠢᠯᠠᠯ᠎ᠳᠤ ᠬᠠᠷᠢᠭᠤ ᠲᠤᠰᠭᠠᠵᠤ᠂ ᠴᠡᠭ᠌ᠴᠡᠯᠡᠨ ᠰᠠᠢᠵᠢᠷᠠᠭᠤᠯᠬᠤ ᠡᠬᠡ ᠳᠠᠩᠰᠠ ᠪᠠᠢᠭᠤᠯᠵᠤ᠂ ᠬᠠᠷᠢᠭᠤᠴᠠᠯᠭᠠᠲᠠᠨ ᠪᠣᠯᠤᠨ ᠴᠡᠭ᠌ᠴᠡᠯᠡᠨ ᠰᠠᠢᠵᠢᠷᠠᠭᠤᠯᠬᠤ ᠴᠠᠭ᠎ᠤᠨ ᠬᠢᠵᠠᠭᠠᠷ᠎ᠢ ᠲᠣᠳᠣᠷᠬᠠᠢᠯᠠᠵᠤ᠂ ᠠᠶᠤᠯ ᠲᠦᠭ᠌ᠰᠢᠭᠦᠷᠢ᠎ᠶ᠋ᠢᠨ ᠳᠠᠯᠳᠠ ᠭᠡᠮ᠎ᠢ ᠴᠠᠭ ᠲᠤᠬᠠᠶ᠎ᠳᠤᠨᠢ ᠠᠷᠢᠯᠭᠠᠬᠤ᠎ᠶ᠋ᠢ ᠠᠬᠢᠭᠤᠯᠵᠤ᠂ ᠪᠠᠢᠴᠠᠭᠠᠬᠤ᠎ᠪᠠᠷ ᠴᠡᠭ᠌ᠴᠡᠯᠡᠨ ᠰᠠᠢᠵᠢᠷᠠᠭᠤᠯᠬᠤ᠎ᠶ᠋ᠢ ᠠᠬᠢᠭᠤᠯᠬᠤ᠂ ᠥᠭᠡᠷᠡᠴᠢᠯᠡᠬᠦ᠌᠎ᠪᠠᠷ ᠠᠮᠤᠷ ᠲᠦᠪᠱᠢᠨ᠎ᠢ ᠠᠬᠢᠭᠤᠯᠬᠤ᠎ᠶ᠋ᠢ ᠪᠡᠶᠡᠯᠡᠭᠦᠯᠪᠡ᠃

  ᠲᠠᠷᠠᠭᠠᠴᠢ᠎ᠶ᠋ᠢᠨ ᠠᠯᠬᠤᠮ᠎ᠳᠤ᠂ ᠬᠤᠲᠠ᠎ᠶ᠋ᠢᠨ ᠨᠡᠭᠦᠷᠡᠰᠦᠨ᠎ᠤ ᠪᠤᠰᠤ ᠠᠭᠤᠷᠬᠠᠶ᠎ᠶ᠋ᠢᠨ ᠠᠵᠢᠯ ᠲᠥᠷᠥᠯ᠎ᠤᠨ ᠬᠠᠮᠢᠶᠠᠷᠤᠯᠲᠠ ᠵᠣᠬᠢᠴᠠᠭᠤᠯᠭ᠎ᠠ᠎ᠶ᠋ᠢᠨ ᠠᠵᠢᠯ᠎ᠤᠨ ᠲᠣᠭ᠍ᠲᠠᠴᠠ᠎ᠶ᠋ᠢᠨ ᠠᠯᠪᠠᠨ ᠬᠡᠷ ᠲᠣᠰ ᠤᠳᠠᠭᠠᠨ᠎ᠤ ᠬᠠᠮᠲᠤᠷᠠᠭ᠍ᠰᠠᠨ ᠪᠠᠢᠴᠠᠭᠠᠯᠲᠠ᠎ᠪᠠᠷ ᠠᠵᠠ ᠲᠣᠬᠢᠶᠠᠯ ᠪᠣᠯᠭᠠᠵᠤ᠂ ᠪᠦᠲᠦᠮᠵᠢᠲᠡᠶ ᠠᠷᠭ᠎ᠠ ᠬᠢᠳᠡᠯ᠎ᠢ ᠱᠢᠰᠲ᠋ᠧᠮ᠎ᠲᠠᠢ ᠳ᠋ᠦᠩᠨᠡᠵᠦ᠍᠂ ᠨᠡᠢᠲᠡᠯᠢᠭ ᠴᠢᠨᠠᠷᠲᠠᠶ ᠲᠣᠪᠤᠢᠮ᠎ᠠ ᠠᠰᠠᠭᠤᠳᠠᠯ᠎ᠢ ᠡᠮᠬᠢᠯᠡᠨ ᠳᠢᠭ᠌ᠯᠡᠵᠦ᠍᠂ ᠨᠡᠭᠦᠷᠡᠰᠦᠨ᠎ᠤ ᠪᠤᠰᠤ ᠠᠭᠤᠷᠬᠠᠶ᠎ᠶ᠋ᠢᠨ ᠠᠵᠢᠯ ᠲᠥᠷᠥᠯ᠎ᠤᠨ ᠣᠷᠳᠣ ᠬᠤᠭᠤᠴᠠᠭᠠᠨ᠎ᠤ ᠪᠦᠲᠦᠮᠵᠢᠲᠡᠶ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠮᠤᠷ ᠲᠦᠪᠱᠢᠨ᠎ᠤ ᠵᠠᠰᠠᠯᠲᠠ᠎ᠶ᠋ᠢᠨ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠪᠥᠬᠦ᠌ ᠬᠤᠲᠠ᠎ᠶ᠋ᠢᠨ ᠠᠶᠤᠯ ᠦᠭᠡᠢ ᠦᠢᠯᠡᠳᠪᠦᠷᠢᠯᠡᠯ᠎ᠤᠨ ᠪᠠᠢᠳᠠᠯ᠎ᠤᠨ ᠦᠷᠭᠦᠯᠵᠢᠯᠡᠨ ᠲᠣᠭ᠍ᠲᠠᠭᠤᠨ ᠪᠠᠢᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃

ᠢᠷᠡᠯᠲᠡ᠄ ᠤᠷᠳᠤᠰ ᠬᠤᠳᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠤᠪᠴᠢᠶ᠎ᠠ