1 ᠳ᠋ᠦ᠍ᠭᠡᠷ ᠰᠠᠷ᠎ᠠ᠎ᠶ᠋ᠢᠨ 27 ᠤ ᠡᠳᠦᠷ᠂ 2026 ᠣᠨ᠎ᠤ ᠠᠯᠠᠱᠠ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠬᠤᠷᠠᠯ ᠪᠠᠶᠠᠨᠬᠤᠲᠠ᠎ᠳᠤ ᠬᠤᠷᠠᠯᠳᠤᠪᠠ᠃ ᠬᠤᠷᠠᠯ᠎ᠠᠴᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠤᠢ ᠪᠣᠯᠭᠠᠬᠤ ᠭᠤᠣᠯ ᠱᠢᠵᠢᠮ᠎ᠢ ᠪᠠᠲᠤ ᠡᠵᠡᠮᠳᠡᠵᠦ᠍᠂ ᠨᠠᠮ᠎ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠪᠦᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠬᠤᠷᠠᠯ ᠪᠣᠯᠤᠨ ᠠᠢᠮᠠᠭ᠎ᠤᠨ ᠨᠠᠮ᠎ᠤᠨ ᠬᠤᠷᠢᠶ᠎ᠠ᠎ᠶ᠋ᠢᠨ (ᠥᠷᠭᠡᠳᠭᠡᠭ᠌ᠰᠡᠨ) ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ 2025 ᠣᠨ ᠵᠢᠴᠢ 《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ᠎ᠤ ᠠᠵᠢᠯ᠎ᠢ ᠳ᠋ᠦᠩᠨᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤᠨ ᠬᠤᠭᠤᠴᠠᠭ᠎ᠠ ᠵᠢᠴᠢ 2026 ᠣᠨ᠎ᠤ ᠭᠤᠣᠯᠳᠠᠯᠭ᠎ᠠ᠎ᠲᠠᠢ ᠡᠭᠦᠷᠭᠡ᠎ᠶ᠋ᠢ ᠲᠤᠬᠢᠷᠠᠭᠤᠯᠤᠨ ᠪᠠᠢᠷᠢᠯᠠᠭᠤᠯᠪᠠ᠃
ᠬᠤᠷᠠᠯ᠎ᠠᠴᠠ᠂ 2025 ᠣᠨ᠎ᠳᠤ᠂ ᠪᠦᠬᠦ᠌ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ 《ᠬᠤᠶᠠᠷ᠎ᠢ ᠨᠢᠭᠡᠳᠭᠡᠬᠦ᠌》 ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠪᠠᠢᠭᠠᠯᠢ᠎ᠶ᠋ᠢᠨ ᠡᠬᠢ ᠪᠠᠶᠠᠯᠢᠭ᠎ᠢ ᠬᠢᠨᠠᠨ ᠵᠥᠪᠱᠢᠶᠡᠷᠡᠬᠦ᠌ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠠᠭᠤᠷᠬᠠᠢ ᠡᠷᠢᠬᠦ᠌ ᠠᠵᠢᠯᠯᠠᠭ᠎ᠠ᠎ᠶ᠋ᠢ ᠭᠦᠨᠵᠡᠭᠡᠢ ᠠᠬᠢᠭᠤᠯᠵᠤ᠂ ᠠᠭᠤᠷᠬᠠᠢ᠎ᠶ᠋ᠢᠨ ᠦᠢᠯᠡᠰ᠎ᠤᠨ ᠡᠷᠬᠡ᠎ᠶ᠋ᠢᠨ ᠬᠠᠮᠢᠶᠠᠷᠤᠯᠲᠠ᠎ᠶ᠋ᠢ ᠦᠷᠭᠦᠯᠵᠢᠯᠡᠨ ᠵᠢᠷᠤᠮᠵᠢᠭᠤᠯᠵᠤ᠂ ᠭᠠᠵᠠᠷ ᠬᠡᠷᠡᠭ᠌ᠯᠡᠬᠦ᠌ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠵᠦ᠍᠂ ᠲᠠᠷᠢᠶᠠᠨ ᠭᠠᠵᠠᠷ᠎ᠢ ᠬᠠᠮᠠᠭᠠᠯᠠᠬᠤ ᠲᠦᠷᠢᠮ᠎ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠮᠢ ᠠᠬᠤᠢ᠎ᠶ᠋ᠢᠨ ᠣᠷᠴᠢᠨ ᠲᠣᠭᠤᠷᠢᠨ᠎ᠤ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠢᠯᠡᠳᠲᠡ ᠪᠣᠯᠭᠠᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠥᠮᠴᠢᠯᠡᠯ᠎ᠤᠨ ᠡᠷᠬᠡ᠎ᠶ᠋ᠢᠨ ᠲᠦᠷᠢᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠍᠂ ᠰᠢᠪᠠᠳᠠᠨ ᠪᠠᠢᠴᠠᠭᠠᠵᠤ ᠬᠠᠤᠯᠢ ᠬᠡᠷᠡᠭ᠌ᠵᠢᠭᠦᠯᠬᠦ᠌ ᠦᠷ᠎ᠡ ᠪᠦᠲᠦᠮᠵᠢ᠎ᠶ᠋ᠢ ᠦᠷᠭᠦᠯᠵᠢᠯᠡᠨ ᠪᠠᠬᠢᠵᠢᠭᠦᠯᠵᠦ᠍᠂ ᠰᠠᠭᠤᠷᠢ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠠᠯᠬᠤᠮ ᠠᠯᠬᠤᠮ᠎ᠢᠶᠠᠷ ᠪᠠᠬᠢᠵᠢᠭᠦᠯᠵᠦ᠍᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠡᠯ᠎ᠡ ᠵᠦᠢᠯ᠎ᠤᠨ ᠠᠵᠢᠯ᠎ᠳᠤ ᠢᠳᠡᠪᠬᠢᠲᠡᠢ ᠦᠷ᠎ᠡ ᠪᠦᠲᠦᠮᠵᠢ ᠣᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤᠨ ᠡᠬᠢᠯᠡᠯᠲᠡ᠎ᠳᠦ ᠪᠠᠲᠤ ᠰᠠᠭᠤᠷᠢ᠎ᠶᠢ ᠲᠠᠯᠪᠢᠵᠤ ᠦᠭᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ 《ᠠᠷᠪᠠᠨ ᠲᠠᠪᠤᠳᠤᠭᠠᠷ ᠲᠠᠪᠤᠨ ᠵᠢᠯ》 ᠤᠨ ᠬᠤᠭᠤᠴᠠᠭ᠎ᠠ ᠪᠣᠯ ᠪᠦᠬᠦ᠌ ᠠᠢᠮᠠᠭ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠠᠩᠭᠢᠯᠠᠭ᠎ᠠ᠎ᠶ᠋ᠢᠨ ᠲᠠᠪᠤᠨ ᠵᠢᠯ ᠪᠣᠯᠤᠨ᠎ᠠ᠃ ᠪᠥᠬᠦ᠌ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠱᠢᠰᠲ᠋ᠧᠮ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠥᠬᠦᠳᠡ ᠬᠤᠷᠠᠯ᠂ ᠪᠥᠬᠦ᠌ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠬᠤᠷᠠᠯ᠂ ᠠᠢᠮᠠᠭ᠎ᠤᠨ ᠨᠠᠮ᠎ᠤᠨ ᠬᠤᠷᠢᠶᠠᠨ᠎ᠤ (ᠥᠷᠭᠡᠳᠭᠡᠭ᠌ᠰᠡᠨ) ᠬᠤᠷᠠᠯ᠎ᠤᠨ ᠡᠯ᠎ᠡ ᠵᠦᠢᠯ᠎ᠤᠨ ᠠᠵᠢᠯ᠎ᠤᠨ ᠪᠠᠢᠷᠢᠯᠠᠭᠤᠯᠤᠯᠲᠠ᠎ᠶ᠋ᠢᠨ ᠲᠣᠭᠤᠷᠢᠨ᠎ᠳᠤ᠂ ᠨᠠᠩ ᠥᠨᠳᠥᠷ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠴᠢᠩᠭ᠎ᠠ ᠰᠤᠷᠲᠠᠯ᠎ᠢᠶᠠᠷ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠱᠢᠨ᠎ᠡ ᠪᠠᠢᠳᠠᠯ᠎ᠢ ᠴᠢᠷᠮᠠᠢᠨ ᠡᠭᠦᠳᠬᠦ᠌ ᠬᠡᠷᠡᠭ᠌ᠲᠡᠶ᠃ ᠪᠥᠬᠦ᠌ ᠠᠢᠮᠠᠭ᠎ᠤᠨ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ᠎ᠤᠨ ᠭᠤᠤᠯ ᠬᠠᠷᠠᠯᠲᠠ ᠡᠭᠦᠷᠭᠡ ᠪᠣᠯ᠄ ᠪᠠᠢᠯᠳᠤᠬᠤ ᠪᠣᠳᠣᠯᠭ᠎ᠠ᠎ᠶ᠋ᠢᠨ ᠠᠭᠤᠷᠬᠠᠶ ᠡᠷᠢᠬᠦ᠌ ᠡᠷᠴᠢᠮ ᠲᠠᠰᠤᠷᠠᠯᠲᠠ ᠥᠬᠡᠶ ᠴᠢᠩᠭᠠᠷᠠᠵᠤ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠡᠮᠬᠢ ᠳᠢᠭ᠌ᠯᠢᠮ ᠲᠣᠭ᠍ᠲᠠᠭᠤᠨ ᠪᠥᠭᠡᠳ ᠡᠮᠬᠢ ᠵᠢᠷᠤᠮ᠎ᠲᠠᠢ ᠪᠠᠢᠵᠤ᠂ ᠭᠠᠵᠠᠷ ᠱᠢᠷᠣᠶ᠎ᠶ᠋ᠢᠨ ᠡᠬᠢ ᠪᠠᠶᠠᠯᠢᠭ᠎ᠤᠨ ᠬᠦᠴᠦᠨ ᠵᠦᠢᠯ᠎ᠤᠨ ᠪᠠᠲᠤᠯᠠᠭ᠎ᠠ᠎ᠶ᠋ᠢᠨ ᠴᠢᠳᠠᠪᠤᠷᠢ ᠲᠣᠭ᠍ᠲᠠᠭᠤᠨ᠎ᠢᠶᠠᠷ ᠳᠡᠭᠡᠭ᠌ᠰᠢᠯᠡᠵᠦ᠍᠂ ᠠᠮᠢ ᠠᠬᠤᠶ᠎ᠶ᠋ᠢ ᠰᠡᠷᠭᠦᠭᠡᠭ᠌ᠰᠡᠨ ᠦᠷ᠎ᠡ ᠪᠦᠲᠦᠭᠡᠯ ᠢᠯᠡᠳᠲᠡ ᠪᠣᠯᠵᠣ᠂ ᠶᠡᠷᠦᠩᠬᠡᠢᠯᠡᠨ ᠵᠠᠰᠠᠬᠤ ᠬᠢᠷᠢ ᠲᠦᠪᠱᠢᠨ ᠪᠥᠬᠦ᠌ ᠲᠠᠯ᠎ᠠ᠎ᠪᠠᠷ ᠳᠡᠭᠡᠭᠰᠢᠯᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤᠨ ᠡᠬᠢᠯᠡᠯᠲᠡ᠎ᠶ᠋ᠢᠨ ᠵᠢᠯ ᠪᠣᠯᠤᠨ᠎ᠠ᠂ ᠡᠯ᠎ᠡ ᠵᠦᠢᠯ᠎ᠦᠨ ᠠᠵᠢᠯ᠎ᠢᠶᠠᠨ ᠰᠠᠢᠲᠤᠷ ᠡᠬᠢᠯᠡᠭᠦᠯᠵᠦ᠂ ᠰᠠᠢᠨ ᠡᠬᠢᠯᠡᠯᠲᠡ᠎ᠲᠠᠢ ᠪᠣᠯᠭᠠᠬᠤ᠎ᠶᠢ ᠪᠠᠲᠤᠯᠠᠬᠤ᠎ᠶᠢᠨ ᠲᠥᠯᠥᠭᠡ᠂ ᠪᠠᠢᠭᠠᠯᠢ᠎ᠶ᠋ᠢᠨ ᠡᠬᠢ ᠪᠠᠶᠠᠯᠢᠭ᠎ᠤᠨ ᠬᠦᠷᠢᠶᠡᠨ᠎ᠳᠠᠬᠢ ᠬᠤᠳᠠᠯᠳᠤᠭ᠎ᠠ ᠡᠷᠬᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠂ ᠤᠯᠤᠰ᠎ᠤᠨ ᠭᠠᠵᠠᠷ ᠱᠢᠷᠣᠢ᠎ᠶ᠋ᠢᠨ ᠣᠷᠣᠨ ᠵᠠᠢ᠎ᠶ᠋ᠢᠨ ᠲᠥᠯᠥᠪᠵᠢᠭᠦᠯᠭᠡ᠎ᠶ᠋ᠢᠨ ᠬᠦᠳᠦᠯᠦᠨ ᠳᠠᠭᠠᠭᠤᠯᠬᠤ ᠦᠢᠯᠡᠳᠦᠯ᠎ᠢ ᠪᠠᠳᠠᠷᠠᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》 ᠤᠨ ᠡᠯ᠎ᠡ ᠲᠦᠷᠦᠯ᠎ᠤᠨ ᠲᠤᠰᠭᠠᠢ ᠲᠥᠯᠥᠪᠵᠢᠭᠦᠯᠭᠡ᠎ᠶ᠋ᠢ ᠴᠢᠨᠠᠷ ᠰᠠᠢᠲᠠᠢ ᠨᠠᠢᠷᠠᠭᠤᠯᠤᠨ ᠵᠣᠬᠢᠶᠠᠬᠤ᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠡᠷᠡᠰ ᠰᠠᠬᠢᠬᠤ᠂ ᠪᠠᠢᠯᠳᠤᠬᠤ ᠪᠤᠳᠤᠯᠭ᠎ᠠ᠎ᠶ᠋ᠢᠨ ᠠᠭᠤᠷᠬᠠᠢ ᠡᠷᠢᠬᠦ᠌ ᠠᠵᠢᠯᠯᠠᠭ᠎ᠠ᠎ᠶ᠋ᠢ ᠭᠦᠨᠵᠡᠭᠡᠢ ᠠᠬᠢᠭᠤᠯᠬᠤ᠂ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠢᠨ ᠪᠠᠢᠴᠠᠭᠠᠵᠤ ᠨᠡᠭᠡᠭᠡᠨ ᠠᠱᠢᠭ᠍ᠯᠠᠬᠤ ᠡᠮᠬᠢ ᠳᠢᠭ᠌ᠯᠢᠮ᠎ᠢ ᠵᠢᠷᠤᠮᠵᠢᠭᠤᠯᠬᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠥᠮᠴᠢᠯᠡᠯ᠎ᠤᠨ ᠡᠷᠬᠡ᠎ᠶ᠋ᠢᠨ ᠰᠠᠭᠤᠷᠢ᠎ᠶ᠋ᠢ ᠪᠠᠲᠤᠳᠭᠠᠬᠤ᠂ ᠭᠠᠵᠠᠷ ᠱᠢᠨᠵᠢᠯᠡᠭᠡᠨ᠎ᠤ ᠣᠷᠴᠢᠨ ᠨᠥᠬᠦᠴᠡᠯ᠎ᠢ ᠦᠷᠭᠦᠯᠵᠢᠯᠡᠨ ᠰᠠᠢᠵᠢᠷᠠᠭᠤᠯᠬᠤ᠎ᠶ᠋ᠢ ᠠᠬᠢᠭᠤᠯᠬᠤ᠂ ᠬᠡᠮᠵᠢᠨ ᠵᠢᠷᠤᠭᠯᠠᠯᠲᠠ ᠭᠠᠵᠠᠷ ᠵᠦᠢ᠎ᠶ᠋ᠢᠨ ᠮᠡᠳᠡᠭᠡ ᠵᠠᠩᠭᠢ᠎ᠶ᠋ᠢᠨ ᠲᠤᠯᠭᠠᠭᠤᠷᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠂ ᠰᠢᠪᠠᠳᠠᠨ ᠪᠠᠢᠴᠠᠭᠠᠵᠤ ᠬᠠᠤᠯᠢ ᠬᠡᠷᠡᠭ᠌ᠵᠢᠭᠦᠯᠬᠦ᠌ ᠪᠠ ᠠᠶᠤᠯ ᠦᠭᠡᠢ ᠦᠢᠯᠡᠳᠪᠦᠷᠢᠯᠡᠯ᠎ᠤᠨ ᠬᠠᠷᠢᠭᠤᠴᠠᠯᠭ᠎ᠠ᠎ᠶ᠋ᠢ ᠴᠢᠩᠭᠠᠳᠭᠠᠬᠤ ᠠᠷᠪᠠᠨ ᠲᠠᠯ᠎ᠠ᠎ᠶ᠋ᠢᠨ ᠠᠵᠢᠯ᠎ᠢ ᠭᠤᠣᠯᠳᠠᠯᠭ᠎ᠠ᠎ᠲᠠᠢ ᠰᠠᠢᠲᠤᠷ ᠠᠳᠭᠤᠬᠤ ᠬᠡᠷᠡᠭ᠌ᠲᠡᠢ ᠭᠡᠵᠦ ᠱᠠᠭ᠋ᠠᠷᠳᠠᠪᠠ᠃