ᠤᠯᠠᠭᠠᠨᠬᠠᠳᠠ ᠬᠤᠲᠠ᠎ᠶ᠋ᠢᠨ ᠪᠠᠭᠠᠷᠢᠨ ᠪᠠᠷᠠᠭᠤᠨ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠵᠡᠷᠭᠡ᠎ᠪᠠᠷ ᠬᠡᠷᠡᠭ᠌ᠯᠡᠨ ᠥᠯᠥ᠍ ᠬᠥᠳᠡᠯᠬᠦ᠌ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠬᠦ᠌ ᠦᠢᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭᠰᠢᠯᠡᠭᠦᠯᠵᠦ ᠪᠤᠢ
2026-01-05

  ᠣᠢᠷ᠎ᠠ᠎ᠶ᠋ᠢᠨ ᠵᠢᠯ᠎ᠳᠤ᠂ ᠤᠯᠠᠭᠠᠨᠬᠠᠳᠠ ᠬᠤᠲᠠ᠎ᠶ᠋ᠢᠨ ᠪᠠᠭᠠᠷᠢᠨ ᠪᠠᠷᠠᠭᠤᠨ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠠᠷᠠᠳ᠎ᠲᠤ ᠲᠥᠬᠦᠮ ᠦᠵᠡᠭᠦᠯᠵᠦ᠍ ᠠᠵᠤ ᠠᠬᠤᠢᠯᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠦᠶ᠋ᠯᠡᠴᠢᠯᠡᠭᠡᠨ᠎ᠤ ᠵᠠᠭ᠍ᠪᠤᠷ᠎ᠢ ᠱᠢᠯᠢᠳᠡᠭ᠌ᠵᠢᠭᠦᠯᠬᠦ᠂ ᠭᠦᠶ᠋ᠴᠡᠳᠭᠡᠬᠦ᠌ ᠶᠠᠪᠤᠴᠠ᠎ᠶ᠋ᠢ ᠳᠥᠭᠦᠮᠴᠢᠯᠡᠬᠦ᠂ ᠦᠶ᠋ᠯᠡᠴᠢᠯᠡᠭᠡᠨ᠎ᠤ ᠠᠷᠭ᠎ᠠ ᠵᠠᠮ᠎ᠢ ᠥᠷᠭᠡᠳᠭᠡᠬᠦ᠌᠎ᠪᠠᠷ ᠳᠠᠮᠵᠢᠭᠤᠯᠤᠨ᠂ ᠥᠯᠥ᠍ ᠬᠥᠳᠡᠯᠬᠦ᠌ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠬᠦ᠌ ᠦᠶ᠋ᠯᠡᠴᠢᠯᠡᠭᠡᠨ᠎ᠤ ᠦᠷ᠎ᠡ ᠪᠦᠲᠦᠮᠵᠢ ᠪᠠ ᠶᠠᠰᠤ ᠴᠢᠨᠠᠷ᠎ᠢ ᠬᠦᠴᠦᠯᠡᠨ ᠳᠡᠭᠡᠭ᠌ᠰᠢᠯᠡᠭᠦᠯᠵᠦ᠍᠂ ᠣᠯᠠᠨ ᠲᠦᠮᠡᠨ᠎ᠤ ᠪᠠᠴᠢᠮ ᠪᠡᠷᠬᠡ ᠵᠣᠪᠠᠨᠢᠯ᠎ᠲᠠᠢ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠭᠰᠡᠨ ᠪᠠᠢ᠌ᠨ᠎ᠠ᠃

  ᠦᠢᠯᠡᠴᠢᠯᠡᠭᠡᠨ᠎ᠤ ᠵᠠᠭ᠍ᠪᠤᠷ᠎ᠢ ᠱᠢᠯᠢᠳᠡᠭ᠌ᠵᠢᠭᠦᠯᠵᠦ᠍᠂ ᠠᠷᠠᠳ᠎ᠲᠤ ᠲᠥᠬᠦᠮ ᠦᠵᠡᠭᠦᠯᠵᠦ᠍ ᠲᠠᠰ ᠳᠡᠪᠱᠢᠭᠦᠯᠬᠦ᠌᠎ᠶ᠋ᠢ ᠠᠬᠢᠭᠤᠯᠤᠨ᠎ᠠ᠃ 《ᠬᠡᠷ ᠲᠤᠰᠢᠶᠠᠮᠠᠭᠴᠠ ᠳᠠᠷᠤᠶ ᠦᠨᠡᠮᠯᠡᠯ ᠣᠯᠭᠤᠬᠤ》 ᠦᠶ᠋ᠯᠡᠴᠢᠯᠡᠭᠡᠨ᠎ᠤ ᠵᠠᠭ᠍ᠪᠤᠷ᠎ᠢ ᠬᠡᠷᠡᠭ᠌ᠵᠢᠭᠦᠯᠵᠦ᠍᠂ ᠣᠲᠣ ᠦᠶ᠎ᠡ᠎ᠶ᠋ᠢᠨ ᠪᠠᠷᠠᠭᠠᠨ᠎ᠤ ᠭᠦᠶ᠋ᠯᠭᠡᠭᠡᠨ᠎ᠤ ᠬᠦᠷᠢᠶᠡᠯᠡᠩ ᠲᠣᠭᠤᠷᠢᠭ᠎ᠤᠨ ᠡᠯᠧᠺᠲᠷᠣᠨ ᠬᠤᠳᠠᠯᠳᠤᠭᠠᠨ᠎ᠤ ᠪᠠᠷᠠᠭᠠᠨ᠎ᠤ ᠭᠦᠶ᠋ᠯᠭᠡᠭᠡᠨ᠎ᠤ ᠬᠥᠮᠥᠷᠭᠡᠯᠡᠨ ᠬᠠᠳᠠᠭᠠᠯᠠᠵᠤ ᠲᠥᠪᠯᠡᠷᠡᠭᠦᠯᠦᠨ ᠲᠠᠷᠬᠠᠭᠠᠬᠤ ᠲᠥᠪ᠎ᠤᠨ ᠲᠥᠷᠥᠯ ᠵᠦᠶ᠋ᠯ᠎ᠢᠶᠠᠷ ᠲᠤᠷᠱᠢᠯᠲᠠ᠎ᠶ᠋ᠢᠨ ᠴᠡᠭ ᠪᠣᠯᠭᠠᠵᠤ᠂ ᠬᠡᠷ ᠲᠤᠱᠢᠶᠠᠬᠤ ᠪᠠ ᠦᠨᠡᠮᠯᠡᠯ ᠣᠯᠭᠤᠬᠤ 《ᠲᠡᠭ ᠴᠠᠭ᠎ᠤᠨ ᠵᠥᠷᠢᠶ᠎ᠡ》 ᠎ᠶ᠋ᠢ ᠪᠡᠶᠡᠯᠡᠭᠦᠯᠦᠨ᠎ᠡ᠃ ᠨᠠᠰᠤᠲᠠᠢᠴᠤᠳ᠂ ᠵᠡᠮᠳᠡᠭ᠌ᠴᠦᠳ ᠵᠡᠷᠭᠡ ᠣᠨᠴᠠᠭᠠᠶ ᠬᠠᠮᠲᠤᠯᠢᠭ᠎ᠲᠤ ᠴᠢᠭ᠌ᠯᠡᠭᠦᠯᠦᠨ᠂ ᠬᠡᠷ᠎ᠲᠤᠨᠢ ᠬᠦᠷᠴᠦ᠍ ᠦᠶ᠋ᠯᠡᠴᠢᠯᠡᠬᠦ᠌ ᠪᠥᠭᠡᠳ ᠴᠤᠩᠬᠤᠪᠴᠢ᠎ᠳᠤ ᠬᠠᠢᠷ᠎ᠠ ᠬᠠᠯᠠᠮᠵᠢ᠎ᠶ᠋ᠢᠨ ᠲᠤᠰᠭᠠᠶ ᠰᠠᠭᠤᠳᠠᠯ ᠭᠠᠷᠭᠠᠵᠤ᠂ ᠦᠶ᠋ᠯᠡᠴᠢᠯᠡᠭᠡ᠎ᠶ᠋ᠢ ᠨᠠᠩ ᠬᠠᠯᠠᠭᠤᠨ ᠳᠤᠯᠠᠭᠠᠨ ᠪᠣᠯᠭᠠᠨ᠎ᠠ᠃

  ᠭᠦᠢᠴᠡᠳᠭᠡᠬᠦ᠌ ᠶᠠᠪᠤᠴᠠ᠎ᠶ᠋ᠢ ᠳᠥᠭᠦᠮᠴᠢᠯᠡᠵᠦ᠍᠂ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃ 《ᠣᠯᠠᠨ ᠬᠡᠮᠵᠢᠯᠲᠡ᠎ᠶ᠋ᠢ ᠨᠢᠭᠡᠳᠭᠡᠬᠦ᠌》᠂ 《ᠡᠯᠧᠺᠲᠷᠣᠨ ᠦᠨᠡᠮᠯᠡᠯ》 ᠎ᠤᠨ ᠬᠡᠷᠡᠭ᠌ᠯᠡᠯᠲᠡ᠎ᠶ᠋ᠢ ᠪᠥᠬᠦ᠌ ᠲᠠᠯ᠎ᠠ᠎ᠪᠠᠷ ᠳᠡᠯᠭᠡᠷᠡᠭᠦᠯᠵᠦ᠍᠂ ᠬᠢᠨᠠᠨ ᠵᠥᠪᠱᠢᠶᠡᠷᠡᠬᠦ᠌ ᠴᠢᠬᠤᠯᠠ ᠨᠥᠬᠦᠴᠡᠯ᠎ᠢ ᠴᠣᠮᠬᠠᠳᠭᠠᠨ᠂ ᠭᠦᠢᠴᠡᠳᠭᠡᠬᠦ᠌ ᠭᠤᠭ᠍ᠴᠤᠭ᠎ᠠ᠎ᠶ᠋ᠢ ᠪᠠᠭᠠᠰᠭᠠᠨ᠎ᠠ᠃ ᠪᠠᠷᠢᠴᠠᠭᠠᠯᠠᠨ ᠳᠠᠩᠰᠠᠯᠠᠬᠤ ᠲᠤᠬᠠᠢᠯᠠᠭ᠍ᠰᠠᠨ ᠠᠵᠢᠯ᠎ᠢ ᠪᠠᠩᠬᠢ᠎ᠶ᠋ᠢᠨ ᠲᠣᠤᠷ ᠴᠡᠭ ᠬᠦᠷᠲᠡᠯ᠎ᠡ ᠥᠷᠭᠡᠳᠭᠡᠵᠦ᠍᠂ ᠱᠢᠨ᠎ᠡ᠎ᠪᠡᠷ ᠨᠡᠮᠡᠭ᠌ᠳᠡᠭ᠌ᠰᠡᠨ ᠢᠲᠡᠭᠡᠮᠵᠢ᠎ᠶ᠋ᠢᠨ ᠬᠣᠷᠱᠢᠶ᠎ᠠ ᠵᠢᠴᠢ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠎ᠶ᠋ᠢᠨ ᠠᠷᠠᠳ᠎ᠲᠤ ᠳᠥᠭᠥᠮ ᠦᠵᠡᠭᠦᠯᠬᠦ᠌ ᠦᠢᠯᠡᠴᠢᠯᠡᠭᠡᠨ᠎ᠦ ᠴᠡᠭ ᠎ᠢ 《 ᠠᠭᠤᠯᠵᠠᠬᠤ ᠦᠭᠡᠢ 》 ᠪᠡᠷᠢᠴᠠᠭᠠᠨ᠎ᠤ ᠭᠠᠷ ᠭᠦᠢᠴᠡᠳᠬᠡᠯ᠎ᠢ ᠬᠡᠷᠡᠭᠵᠢᠭᠦᠯᠵᠦ ᠂ ᠣᠯᠠᠨ ᠲᠦᠮᠡᠨ᠎ᠦ ᠭᠦᠶᠦᠬᠦ᠌ ᠤᠳᠠᠭ᠎ᠠ᠎ᠶ᠋ᠢ ᠪᠠᠭ᠋ᠠᠰᠬᠠᠨ᠎ᠠ᠃

  ᠦᠢᠯᠡᠴᠢᠯᠡᠭᠡᠨ᠎ᠤ ᠪᠠᠲᠤᠯᠠᠭ᠎ᠠ᠎ᠶ᠋ᠢ ᠱᠢᠯᠢᠳᠡᠭ᠌ᠵᠢᠭᠦᠯᠵᠦ᠍᠂ ᠲᠡᠦᠬᠡ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠨ᠎ᠡ᠃ ᠬᠥᠳᠡᠭᠡ ᠲᠣᠰᠭᠤᠨ᠎ᠤ ᠣᠷᠣᠨ ᠰᠠᠭᠤᠴᠠ᠎ᠶ᠋ᠢᠨ ᠭᠠᠵᠠᠷ᠎ᠤᠨ 《ᠭᠡᠷ ᠪᠠᠢᠱᠢᠩ ᠭᠠᠵᠠᠷ ᠱᠢᠷᠣᠶ᠎ᠶ᠋ᠢ ᠨᠢᠭᠡ ᠴᠣᠭ᠍ᠴᠠᠵᠢᠭᠤᠯᠬᠤ》 ᠡᠷᠬᠡ᠎ᠶ᠋ᠢ ᠨᠤᠲᠠᠯᠠᠨ ᠳᠠᠩᠰᠠᠯᠠᠵᠤ ᠦᠨᠡᠮᠯᠡᠯ ᠣᠯᠭᠤᠬᠤ ᠠᠵᠢᠯ᠎ᠢ ᠯᠠᠪᠳᠠᠭᠤᠨ᠎ᠢᠶᠠᠷ ᠲᠦᠯᠬᠢᠨ ᠠᠬᠢᠭᠤᠯᠵᠤ᠂ ᠲᠥᠯᠥᠪᠯᠡᠭᠡ ᠶᠣᠰᠣᠭᠠᠷ ᠱᠠᠲᠤ ᠦᠶ᠎ᠡ᠎ᠶ᠋ᠢᠨ ᠡᠭᠦᠷᠭᠡ᠎ᠪᠠᠨ ᠪᠡᠶᠡᠯᠡᠭᠦᠯᠦᠨ᠎ᠡ᠃ ᠥᠯᠥ᠍ ᠬᠥᠳᠡᠯᠬᠦ᠌ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠬᠦ᠌ ᠬᠦᠴᠢᠷ ᠲᠦᠪᠡᠭ᠌ᠲᠡᠶ ᠠᠰᠠᠭᠤᠳᠠᠯ᠎ᠢ ᠪᠠᠢᠩᠭᠤᠵᠢᠭᠤᠯᠤᠨ ᠬᠢᠨᠠᠨ ᠵᠢᠯᠣᠭᠤᠳᠴᠤ᠌᠂ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠨ᠎ᠠ᠃

  ᠲᠠᠷᠠᠭᠠᠴᠢ᠎ᠶ᠋ᠢᠨ ᠠᠯᠬᠤᠮ᠎ᠳᠤ᠂ ᠪᠠᠭᠠᠷᠢᠨ ᠪᠠᠷᠠᠭᠤᠨ ᠬᠤᠱᠢᠭᠤᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ 《 ᠢᠨᠲ᠋ᠧᠷ ᠰᠦᠯᠵᠢᠶ᠎ᠡ + ᠥᠯᠥ᠍ ᠬᠥᠳᠡᠯᠬᠦ᠌ ᠬᠥᠷᠥᠩᠭᠡ᠎ᠶ᠋ᠢᠨ ᠳᠡᠩᠰᠡᠯᠡᠯᠲᠡ》 ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠳ᠋ᠡᠢ᠌ᠲ᠋ᠠ᠎ᠶ᠋ᠢ ᠬᠠᠮᠲᠤ᠎ᠪᠠᠷ ᠡᠳ᠋ᠯᠡᠵᠦ᠍ ᠬᠠᠷᠢᠯᠴᠠᠨ ᠨᠡᠪᠲᠡᠷᠡᠯᠴᠡᠬᠦ᠌᠎ᠶ᠋ᠢ ᠠᠬᠢᠭᠤᠯᠵᠤ᠂ ᠨᠠᠩ ᠣᠯᠠᠨ ᠲᠤᠬᠠᠢᠯᠠᠭ᠍ᠰᠠᠨ ᠠᠵᠢᠯ᠎ᠤᠨ ᠪᠥᠬᠦ᠌ ᠶᠠᠪᠤᠴᠠ᠎ᠶ᠋ᠢ ᠰᠦᠯᠵᠢᠶᠡᠨ ᠳᠡᠭᠡᠷ᠎ᠡ ᠭᠦᠶ᠋ᠴᠡᠳᠭᠡᠬᠦ᠌᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠵᠦ᠍᠂ ᠣᠯᠠᠨ ᠲᠦᠮᠡᠨ᠎ᠳᠤ ᠨᠠᠩ ᠳᠥᠭᠦᠮ ᠳᠥᠲᠡ ᠥᠨᠳᠥᠷ ᠪᠦᠲᠦᠮᠵᠢᠲᠡᠶ ᠦᠶ᠋ᠯᠡᠴᠢᠯᠡᠭᠡ ᠬᠠᠩᠭᠠᠨ᠎ᠠ᠃

ᠢᠷᠡᠯᠲᠡ᠄ ᠤᠯᠠᠭᠠᠨᠬᠠᠳᠠ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ