ᠳᠡᠭᠡᠳᠦ ᠲᠠᠰ᠎ᠤᠨ ᠴᠢᠳᠠᠪᠤᠷᠢᠲᠠᠨ᠎ᠤ ᠵᠢᠱ᠌ᠢᠭᠳᠡᠭᠴᠢ ᠵᠢ ᠣᠷᠣᠭᠤᠯᠤᠨ ᠠᠪᠴᠢᠷᠠᠬᠤ ᠲᠤᠬᠠᠶ ᠵᠠᠷᠯᠠᠯ
2024-10-28

  《〈ᠴᠢᠳᠠᠪᠤᠷᠢᠲᠠᠨ ᠵᠶ᠋ᠠᠷ ᠥᠪᠥᠷ ᠮᠣᠩᠭᠤᠯ ᠵᠶ᠋ᠠᠨ ᠮᠠᠨᠳᠤᠭᠤᠯᠬᠤ〉 ᠢᠨᠵᠧᠨᠧᠷᠢᠩ᠎ᠢ ᠬᠡᠷᠡᠭᠵᠢᠭᠦᠯᠬᠦ ᠲᠥᠷᠥ ᠵᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ》 (ᠥᠪᠥᠷ ᠨᠠᠮ ᠠᠯᠪᠠᠨ ᠲᠠᠷᠬᠠᠭ᠋ᠠᠭᠰᠠᠨ [2024] 18 ᠳ᠋ᠤᠭ᠋ᠠᠷ ᠲᠣᠭ᠋ᠠᠲᠤ)᠎ᠤᠨ ᠬᠤᠯᠪᠣᠭᠳᠠᠯ ᠪᠥᠬᠦᠶ ᠱᠠᠭ᠋ᠠᠷᠳᠠᠯᠭ᠎ᠠ ᠶᠣᠰᠣᠭ᠋ᠠᠷ᠂ ᠤᠷᠢᠨ ᠡᠯᠰᠡᠬᠦ ᠨᠢᠭᠡᠴᠢ᠎ᠠᠴᠠ ᠠᠯᠪᠠᠨ ᠵᠠᠷ ᠨᠡᠶ᠋ᠢᠲᠡᠯᠡᠬᠦ᠂ ᠲᠤᠰᠬᠠᠶ ᠮᠡᠷᠭᠡᠵᠢᠯᠲᠡᠨ᠎ᠢ ᠦᠨᠡᠯᠡᠨ ᠵᠢᠱ᠌ᠢᠵᠦ ᠮᠠᠭ᠋ᠠᠳᠯᠠᠨ ᠲᠣᠭᠲᠠᠭ᠋ᠠᠬᠤ᠂ ᠪᠡᠶ᠎ᠡ ᠵᠢᠨ ᠪᠠᠶ᠋ᠢᠴᠠᠭ᠋ᠠᠯᠲᠠ ᠬᠢᠬᠦ᠂ ᠰᠢᠨᠵᠢᠯᠡᠨ ᠪᠠᠶ᠋ᠢᠴᠠᠭ᠋ᠠᠬᠤ᠂ ᠵᠠᠷᠯᠠᠨ ᠨᠡᠶ᠋ᠢᠲᠡᠯᠡᠬᠦ᠂ ᠤᠳᠤᠷᠢᠳᠬᠤ ᠪᠠᠭ᠎ᠤᠨ ᠬᠠᠮᠲᠤ ᠵᠢᠨ ᠰᠤᠳᠤᠯᠭ᠋ᠠᠨ ᠬᠢᠬᠦ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠨᠡᠶ᠋ᠢᠲᠡ 5 ᠨᠥᠬᠦᠳ ᠮᠠᠨ᠎ᠤ ᠲᠢᠩᠬᠢᠮ᠎ᠤᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠣᠷᠣᠭᠤᠯᠤᠨ ᠠᠪᠬᠤ᠎ᠪᠠᠷ ᠪᠠᠶ᠋ᠢᠭ᠎ᠠ ᠴᠢᠳᠠᠪᠤᠷᠢᠲᠠᠨ᠎ᠤ ᠬᠡᠪᠴᠢᠶᠡᠨ᠎ᠳᠤ ᠣᠷᠣᠵᠤ᠂ ᠣᠲᠣ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ ᠵᠶ᠋ᠠᠷ ᠵᠢᠱ᠌ᠢᠭᠳᠡᠭᠰᠡᠳ ᠵᠢᠴᠢ ᠣᠷᠣᠭᠤᠯᠤᠨ ᠠᠪᠴᠢᠷᠠᠬᠤ᠎ᠪᠠᠷ ᠪᠠᠶ᠋ᠢᠭ᠎ᠠ ᠨᠢᠭᠡᠴᠢ ᠵᠢ ᠢᠯᠡ ᠨᠡᠶ᠋ᠢᠲᠡᠯᠡᠪᠡ᠃

   ᠨᠢᠭᠡ᠂ ᠢᠯᠡ ᠨᠡᠶ᠋ᠢᠲᠡᠯᠡᠬᠦ ᠡᠲᠡᠭᠡᠳ

   ᠳᠡᠭᠡᠳᠦ ᠳᠡᠰ ᠳᠠᠪᠬᠤᠷᠭ᠎ᠠ ᠵᠢᠨ ᠴᠢᠳᠠᠪᠤᠷᠢᠲᠠᠨ ᠵᠶ᠋ᠠᠷ ᠵᠢᠱ᠌ᠢᠭᠳᠡᠭᠰᠡᠳ ᠵᠢᠴᠢ ᠣᠷᠣᠭᠤᠯᠤᠨ ᠠᠪᠴᠢᠷᠠᠬᠤ ᠨᠢᠭᠡᠴᠢ ᠵᠢᠨ ᠨᠡᠷᠡᠰ᠎ᠢ ᠳᠠᠭ᠋ᠠᠯᠳᠤᠭᠤᠯᠤᠯ᠎ᠳᠤ ᠦᠵᠡ

   ᠬᠤᠶᠠᠷ᠂ ᠢᠯᠡ ᠨᠡᠶ᠋ᠢᠲᠡᠯᠡᠬᠦ ᠴᠠᠭ ᠬᠤᠭᠤᠴᠠᠭ᠎ᠠ ᠵᠢᠴᠢ ᠭᠥᠯᠢᠶᠡᠨ ᠠᠪᠴᠤ ᠰᠢᠢ᠍ᠳᠪᠦᠷᠢᠯᠡᠬᠦ ᠠᠷᠭ᠎ᠠ ᠬᠡᠯᠪᠡᠷᠢ

   ᠵᠠᠷᠯᠠᠨ ᠨᠡᠶ᠋ᠢᠲᠡᠯᠡᠬᠦ ᠴᠠᠭ᠎ᠨᠢ 2024 ᠣᠨ᠎ᠤ 10 ᠳ᠋ᠤᠭ᠋ᠠᠷ ᠰᠠᠷ᠎ᠠ ᠵᠢᠨ 29᠎ᠤ ᠡᠳᠦᠷ᠎ᠠᠴᠠ 2024 ᠣᠨ᠎ᠤ 11 ᠳ᠋ᠦ᠍ᠭᠡᠷ ᠰᠠᠷ᠎ᠠ ᠵᠢᠨ 4᠎ᠤ ᠡᠳᠦᠷ ᠪᠣᠯᠲᠠᠯ᠎ᠠ᠃

   ᠨᠢᠭᠡᠴᠢ ᠪᠠ ᠬᠤᠪᠢ ᠬᠥᠮᠦᠨ ᠰᠤᠷᠪᠤᠯᠵᠢᠯᠠᠯ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠢᠯᠡ ᠨᠡᠶ᠋ᠢᠲᠡᠯᠡᠭᠰᠡᠨ ᠡᠲᠡᠭᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠢ ᠪᠠᠶ᠋ᠢᠴᠠᠭ᠋ᠠᠨ ᠬᠠᠷᠭᠤᠭᠤᠯᠬᠤ᠎ᠳᠤ ᠲᠥᠬᠦᠮ ᠪᠠᠶ᠋ᠢᠯᠭ᠋ᠠᠬᠤ ᠵᠢᠨ ᠲᠥᠯᠥᠭᠡ᠂ ᠠᠰᠠᠭᠤᠳᠠᠯ᠎ᠢ ᠲᠤᠰᠬᠠᠬᠤ ᠦᠶ᠎ᠡ᠎ᠳᠤ ᠬᠤᠯᠪᠣᠭᠳᠠᠯ ᠪᠥᠬᠦᠶ ᠰᠦᠪᠡᠭᠴᠢ ᠬᠠᠩᠭ᠋ᠠᠬᠤ ᠵᠢᠴᠢ ᠲᠣᠰ ᠬᠥᠮᠦᠨ᠎ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠵᠤ ᠪᠠᠶ᠋ᠢᠭ᠎ᠠ ᠨᠢᠭᠡᠴᠢ ᠵᠡᠷᠭᠡ ᠮᠡᠳᠡᠭᠡ ᠵᠠᠩᠭᠢ ᠵᠢ ᠬᠠᠩᠭ᠋ᠠᠵᠤ᠂ ᠪᠢᠳᠡ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ᠂ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠭᠦᠢ᠍ᠴᠡᠳᠬᠡᠵᠦ᠂ ᠬᠢᠨᠠᠨ ᠬᠠᠷᠭᠤᠭᠤᠯᠤᠭᠰᠠᠨ ᠪᠠᠶ᠋ᠢᠳᠠᠯ ᠵᠶ᠋ᠠᠨ ᠴᠠᠭ ᠲᠤᠬᠠᠶ᠎ᠳᠤᠨᠢ ᠬᠠᠷᠢᠭᠤ ᠲᠤᠰᠬᠠᠨ᠎ᠠ᠃

   ᠬᠦᠯᠢᠶᠡᠨ ᠠᠪᠴᠤ ᠰᠢᠢ᠍ᠳᠪᠦᠷᠢᠯᠡᠬᠦ ᠴᠠᠭ᠄ ᠠᠵᠢᠯᠯᠠᠬᠤ ᠡᠳᠦᠷ᠎ᠤᠨ 9᠄ 00 — 12᠄ 00 14᠄ 30 — 17᠄ 30 ᠴᠠᠭ

   ᠬᠦᠯᠢᠶᠡᠨ ᠠᠪᠴᠤ ᠰᠢᠢ᠍ᠳᠪᠦᠷᠢᠯᠡᠬᠦ ᠤᠲᠠᠰᠤ᠄ 0471 — 4215873 (ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ)

  0471 —4215805 (ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ)

   ᠭᠥᠯᠢᠶᠡᠨ ᠠᠪᠴᠤ ᠰᠢᠢ᠍ᠳᠪᠦᠷᠢᠯᠡᠬᠦ ᠬᠠᠶᠢᠭ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠡᠮᠦᠨ᠎ᠡ ᠬᠤᠶᠠᠳᠤᠭ᠋ᠠᠷ ᠲᠣᠭᠤᠷᠢᠯ 11 ᠳ᠋ᠤᠭᠡᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ 1010 ᠲᠠᠰᠤᠭ᠂ 806 ᠲᠠᠰᠤᠭ

   ᠣᠨᠴᠠᠭ᠋ᠠᠶ᠋ᠢᠯᠠᠨ ᠵᠠᠷᠯᠠᠨ ᠨᠡᠶ᠋ᠢᠲᠡᠯᠡᠪᠡ᠃

   ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ

  2024 ᠣᠨ᠎ᠤ 10 ᠳ᠋ᠤᠭ᠋ᠠᠷ ᠰᠠᠷ᠎ᠠ ᠵᠢᠨ 28᠎ᠤ ᠡᠳᠦᠷ

   ᠳᠠᠭ᠋ᠠᠯᠳᠤᠭᠤᠯᠤᠯ᠎ᠢ ᠪᠠᠭᠤᠯᠭ᠋ᠠᠬᠤ᠄ ᠳᠡᠭᠡᠳᠦ ᠲᠠᠰ᠎ᠤᠨ ᠴᠢᠳᠠᠪᠤᠷᠢᠲᠠᠨ᠎ᠤ ᠵᠢᠱ᠌ᠢᠭᠳᠡᠭᠴᠢ ᠵᠢ ᠣᠷᠣᠭᠤᠯᠤᠨ ᠠᠪᠴᠢᠷᠠᠬᠤ ᠵᠢᠴᠢ ᠣᠷᠣᠭᠤᠯᠤᠨ ᠠᠪᠴᠢᠷᠠᠬᠤ᠎ᠪᠠᠷ ᠪᠠᠶ᠋ᠢᠭ᠎ᠠ ᠨᠢᠭᠡᠴᠢ ᠵᠢᠨ ᠨᠡᠷᠡᠰ. xlsx

 

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ