《ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ (ᠰᠢᠲᠠᠮᠠᠬᠠᠶ ᠬᠡᠶ ᠵᠢᠨ ᠪᠤᠰᠤ)᠎ᠢ ᠨᠡᠭᠡᠭᠡᠨ ᠠᠰᠢᠭᠯᠠᠬᠤ ᠲᠥᠰᠦᠯ᠎ᠢ ᠨᠠᠶ᠋ᠢᠷᠠᠭᠤᠯᠤᠨ ᠵᠣᠬᠢᠶᠠᠬᠤ ᠵᠦᠭᠯᠡᠭᠦᠷ᠎ᠢ ᠳᠠᠷᠤᠮᠠᠯᠯᠠᠨ ᠶᠠᠪᠤᠭᠤᠯᠬᠤ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠪᠠᠶ᠋ᠢᠭ᠋ᠠᠯᠢ ᠵᠢᠨ ᠡᠬᠢ ᠪᠠᠶᠠᠯᠢᠭ ᠠᠯᠪᠠᠨ ᠲᠠᠷᠬᠠᠭ᠋ᠠᠭᠰᠠᠨ [2024] 33 ᠳ᠋ᠤᠭ᠋ᠠᠷ ᠲᠣᠭ᠋ᠠᠲᠤ)᠎ᠢ ᠬᠡᠷᠡᠭᠵᠢᠭᠦᠯᠬᠦ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ
2024-09-29

ᠠᠭᠤᠷᠬᠠᠢ ᠵᠢᠨ ᠠᠵᠤ ᠠᠬᠤᠢ᠌ᠯᠠᠯ᠎ᠳᠤ᠄

  2024 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠰᠦᠯ (ᠳᠣᠷᠣᠭᠰᠢ 《ᠨᠡᠭᠡᠭᠡᠨ ᠠᠰᠢᠭᠯᠠᠬᠤ ᠲᠥᠰᠦᠯ》 ᠭᠡᠵᠦ ᠲᠣᠪᠴᠢᠯᠠᠨ᠎ᠠ)᠎ᠢ ᠬᠢᠨᠠᠨ ᠪᠠᠶ᠋ᠢᠴᠠᠭ᠋ᠠᠬᠤ ᠠᠵᠢᠯ᠎ᠳᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ (ᠰᠢᠲᠠᠮᠠᠬᠠᠶ ᠬᠡᠶ ᠵᠢᠨ ᠪᠤᠰᠤ)᠎ᠢ ᠨᠡᠭᠡᠭᠡᠨ ᠠᠰᠢᠭᠯᠠᠬᠤ ᠲᠥᠰᠦᠯ᠎ᠢ ᠨᠠᠶ᠋ᠢᠷᠠᠭᠤᠯᠤᠨ ᠵᠣᠬᠢᠶᠠᠬᠤ ᠵᠦᠭᠯᠡᠭᠦᠷ᠎ᠢ ᠳᠠᠷᠤᠮᠠᠯᠯᠠᠨ ᠶᠠᠪᠤᠭᠤᠯᠬᠤ ᠲᠤᠬᠠᠶ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠎ᠤᠨ ᠮᠡᠳᠡᠭᠳᠡᠯ》 (ᠪᠠᠶ᠋ᠢᠭ᠋ᠠᠯᠢ ᠵᠢᠨ ᠡᠬᠢ ᠪᠠᠶᠠᠯᠢᠭ ᠠᠯᠪᠠᠨ ᠲᠠᠷᠬᠠᠭ᠋ᠠᠭᠰᠠᠨ [2024] 33 ᠳ᠋ᠤᠭ᠋ᠠᠷ ᠲᠣᠭ᠋ᠠᠲᠤ)᠎ᠢ ᠬᠡᠷᠡᠭᠵᠢᠭᠦᠯᠵᠦ᠂ ᠠᠭᠤᠷᠬᠠᠶ ᠮᠠᠯᠲᠠᠬᠤ ᠡᠷᠬᠡ ᠵᠢ ᠰᠢᠨ᠎ᠡ᠎ᠪᠠᠷ ᠳᠡᠩᠰᠡᠯᠡᠨ ᠲᠡᠮᠳᠡᠭᠯᠡᠭᠦᠯᠬᠦ᠂ ᠠᠭᠤᠷᠬᠠᠶ ᠮᠠᠯᠲᠠᠬᠤ ᠡᠷᠬᠡ ᠵᠢ ᠠᠭᠤᠷᠬᠠᠶ ᠵᠢᠨ ᠣᠷᠣᠨ᠎ᠤ ᠬᠡᠪᠴᠢᠶ᠎ᠡ ᠵᠢ ᠥᠷᠭᠡᠳᠬᠡᠬᠦ᠂ ᠨᠡᠭᠡᠭᠡᠨ ᠮᠠᠯᠲᠠᠬᠤ ᠠᠷᠭ᠎ᠠ ᠮᠠᠶᠢᠭ᠎ᠢ ᠬᠤᠪᠢᠷᠠᠭᠤᠯᠬᠤ᠎ᠪᠠᠷ ᠭᠤᠶᠤᠴᠢᠯᠠᠪᠠᠯ᠂ ᠱᠠᠭ᠋ᠠᠷᠳᠠᠯᠭ᠎ᠠ ᠶᠣᠰᠣᠭ᠋ᠠᠷ ᠨᠡᠭᠡᠭᠡᠨ ᠬᠥᠭᠵᠢᠭᠦᠯᠬᠦ ᠲᠥᠰᠦᠯ᠎ᠢ ᠨᠠᠶ᠋ᠢᠷᠠᠭᠤᠯᠤᠨ ᠵᠣᠬᠢᠶᠠᠨ᠎ᠠ; ᠨᠠᠶ᠋ᠢᠷᠠᠭᠤᠯᠤᠨ ᠵᠣᠬᠢᠶᠠᠭᠰᠠᠨ ᠠᠭᠤᠯᠭ᠎ᠠ᠎ᠨᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ ᠵᠢᠨ ᠰᠤᠳᠤᠯᠭ᠋ᠠᠨ᠎ᠤ ᠬᠦᠷᠢᠶᠡᠯᠡᠩ᠎ᠤᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠰᠦᠯ᠎ᠢ ᠬᠢᠨᠠᠨ ᠪᠠᠶ᠋ᠢᠴᠠᠭ᠋ᠠᠬᠤ ᠠᠵᠢᠯ᠎ᠤᠨ ᠦᠢ᠍ᠯᠡᠴᠢᠯᠡᠭᠡᠨ᠎ᠤ ᠵᠦᠭᠯᠡᠭᠦᠷ᠎ᠢ ᠳᠠᠭᠢᠵᠤ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》 (ᠦᠪᠦᠷ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ ᠵᠢᠨ ᠰᠤᠳᠤᠯᠭ᠋ᠠᠨ ᠥᠰᠥᠭ [2024] 1 ᠳ᠋ᠦ᠍ᠭᠡᠷ ᠲᠣᠭ᠋ᠠᠲᠤ)᠎ᠢ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃ ᠬᠡᠷᠪᠡ ᠪᠠᠶ᠋ᠢᠭ᠋ᠠᠯᠢ ᠵᠢᠨ ᠡᠬᠢ ᠪᠠᠶᠠᠯᠢᠭ ᠠᠯᠪᠠᠨ ᠲᠠᠷᠬᠠᠭ᠋ᠠᠭᠰᠠᠨ [2024] 33 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠯᠤᠭ᠎ᠠ ᠠᠳᠠᠯᠢ ᠪᠤᠰᠤ ᠭᠠᠵᠠᠷ ᠪᠠᠶ᠋ᠢᠪᠠᠯ᠂ 33 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ ᠵᠶ᠋ᠠᠷ ᠬᠡᠷᠡᠭᠵᠢᠭᠦᠯᠦᠨ᠎ᠡ᠃

   ᠮᠠᠲ᠋ᠧᠷᠢᠶᠠᠯ᠎ᠢ ᠬᠦᠷᠭᠡᠵᠦ ᠬᠢᠨᠠᠭᠤᠯᠬᠤ ᠱᠠᠭ᠋ᠠᠷᠳᠠᠯᠭ᠎ᠠ᠎ᠨᠢ ᠳᠣᠤᠷᠠᠬᠢ ᠮᠡᠲᠦ᠄

   ᠨᠢᠭᠡ᠂ ᠦᠰᠦᠭ ᠪᠢᠴᠢᠭ᠎ᠤᠨ ᠵᠢᠷᠤᠭ

   ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠥᠰᠦᠯ 6 ᠢᠵᠢ; ᠨᠠᠶ᠋ᠢᠷᠠᠭᠤᠯᠤᠨ ᠵᠣᠬᠢᠶᠠᠭᠰᠠᠨ ᠨᠢᠭᠡᠴᠢ ᠵᠢᠨ ᠠᠯᠪᠠᠨ ᠲᠠᠮᠠᠭ᠎ᠠ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠥᠰᠥᠭ ᠵᠢᠷᠤᠵᠤ ᠲᠠᠮᠠᠭ᠎ᠠ ᠳᠠᠷᠤᠨ᠎ᠠ; ᠳᠡᠭᠡᠷ᠎ᠡ ᠳᠤᠷᠠᠳᠤᠭᠰᠠᠨ ᠪᠥᠬᠦ ᠠᠭᠤᠯᠭ᠎ᠠ ᠵᠢ ᠪᠠᠭᠲᠠᠭ᠋ᠠᠭᠰᠠᠨ ᠡᠯᠸᠺᠲᠷᠣᠨ ᠯᠠᠶ᠋ᠢᠰᠧᠷ ᠫᠠᠨᠰᠠ 6 ᠬᠤᠪᠢ᠃

   ᠬᠤᠶᠠᠷ᠂ ᠳᠠᠭ᠋ᠠᠯᠳᠤᠭᠤᠯᠤᠯ

  1. ᠠᠭᠤᠷᠬᠠᠢ ᠵᠢᠨ ᠡᠷᠬᠡᠲᠦ ᠬᠦᠮᠦᠨ᠎ᠨᠢ ᠨᠡᠭᠡᠭᠡᠨ ᠠᠰᠢᠭᠯᠠᠬᠤ ᠲᠥᠰᠥᠯ᠎ᠢ ᠬᠢᠨᠠᠨ ᠪᠠᠶ᠋ᠢᠴᠠᠭ᠋ᠠᠬᠤ ᠲᠤᠬᠠᠢ ᠭᠤᠶᠤᠴᠢᠯᠠᠯ ᠭᠠᠷᠭ᠋ᠠᠨ᠎ᠠ (ᠤᠯᠠᠭ᠋ᠠᠨ ᠲᠦᠷᠦᠭᠦᠲᠦ ᠪᠢᠴᠢᠭ ᠮᠠᠲᠸᠷᠢᠶᠠᠯ᠎ᠤᠨ ᠤᠭ ᠮᠠᠲᠸᠷᠢᠶᠠᠯ)᠃

  2. ᠨᠡᠭᠡᠭᠡᠨ ᠮᠠᠯᠲᠠᠬᠤ ᠠᠷᠭ᠎ᠠ ᠮᠠᠶᠢᠭ᠎ᠢ ᠬᠤᠪᠢᠷᠠᠭᠤᠯᠬᠤ᠎ᠲᠠᠢ ᠬᠤᠯᠪᠣᠭᠳᠠᠬᠤ ᠨᠡᠭᠦᠷᠡᠰᠦᠨ᠎ᠤ ᠲᠥᠷᠥᠯ ᠵᠦᠢ᠍ᠯ᠎ᠳᠤ ᠡᠷᠬᠡᠪᠰᠢ ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠣᠰ ᠲᠥᠷᠥᠯ ᠵᠦᠢ᠍ᠯ᠎ᠤᠨ ᠲᠤᠬᠠᠶ ᠴᠣᠬᠤᠯᠠᠪᠤᠷᠢᠯᠠᠭᠰᠠᠨ ᠪᠢᠴᠢᠭ ᠮᠠᠲ᠋ᠧᠷᠢᠶᠠᠯ᠎ᠢ ᠲᠤᠰᠢᠶᠠᠬᠤ ᠬᠡᠷᠡᠭᠲᠡᠶ᠃

  3.  ᠬᠠᠶ᠋ᠢᠨ ᠪᠠᠶ᠋ᠢᠴᠠᠭ᠋ᠠᠬᠤ ᠵᠦᠪᠰᠢᠶᠡᠷᠡᠯ᠎ᠤᠨ ᠦᠨᠡᠮᠯᠡᠯ᠂ ᠠᠭᠤᠷᠬᠠᠶ ᠮᠠᠯᠲᠠᠬᠤ ᠵᠥᠪᠰᠢᠶᠡᠷᠡᠯ᠎ᠤᠨ ᠦᠨᠡᠮᠯᠡᠯ᠂ ᠬᠤᠪᠢᠶᠠᠷᠢᠯᠠᠨ ᠲᠣᠭᠲᠠᠭ᠋ᠠᠭᠰᠠᠨ ᠠᠭᠤᠷᠬᠠᠶ ᠵᠢᠨ ᠣᠷᠣᠨ᠎ᠤ ᠬᠡᠪᠴᠢᠶᠡᠨ᠎ᠳᠤ ᠴᠣᠬᠤᠯᠠᠪᠤᠷᠢᠯᠠᠭᠤᠯᠬᠤ ᠪᠤᠶᠤ ᠠᠭᠤᠷᠬᠠᠶ ᠵᠢᠨ ᠦᠢ᠍ᠯᠡᠰ᠎ᠤᠨ ᠡᠷᠬᠡ ᠵᠢ ᠲᠦᠯᠦᠪᠦᠷᠢᠲᠡᠢ ᠰᠢᠯᠵᠢᠭᠦᠯᠬᠦ ᠭᠡᠷ᠎ᠡ (ᠬᠠᠭᠤᠯᠪᠤᠷᠢ᠎ᠳᠤ ᠠᠯᠪᠠᠨ ᠲᠠᠮᠠᠭ᠎ᠠ ᠳᠠᠷᠤᠨ᠎ᠠ)᠃

  4. ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠳᠠᠭ᠋ᠠᠯᠠᠭᠳᠠᠴᠠ ᠵᠢ ᠬᠢᠨᠠᠨ ᠲᠣᠭᠲᠠᠭ᠋ᠠᠵᠤ ᠳᠠᠩᠰᠠᠯᠠᠭᠤᠯᠬᠤ (ᠮᠠᠭ᠋ᠠᠳᠯᠠᠨ ᠲᠣᠭᠲᠠᠭ᠋ᠠᠬᠤ) ᠪᠢᠴᠢᠭ ᠮᠠᠲ᠋ᠧᠷᠢᠶᠠᠯ ᠪᠤᠶᠤ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ ᠵᠢᠨ ᠰᠤᠳᠤᠯᠭ᠋ᠠᠨ᠎ᠤ ᠬᠦᠷᠢᠶᠡᠯᠡᠩ᠎ᠠᠴᠠ ᠬᠢᠨᠠᠨ ᠲᠣᠭᠲᠠᠭ᠋ᠠᠬᠤ (ᠵᠥᠪᠬᠡᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠰᠢᠯᠵᠢᠭᠦᠯᠦᠨ ᠬᠤᠳᠠᠯᠳᠤᠬᠤ᠂ ᠠᠭᠤᠷᠬᠠᠶ ᠮᠠᠯᠲᠠᠬᠤ ᠡᠷᠬᠡ ᠵᠢ ᠳᠠᠩᠰᠠᠯᠠᠭᠤᠯᠬᠤ᠎ᠪᠠᠷ ᠬᠢᠵᠠᠭ᠋ᠠᠷᠯᠠᠬᠤ) ᠪᠥᠭᠡᠳ ᠭᠠᠷᠭ᠋ᠠᠭᠰᠠᠨ ᠬᠢᠨᠠᠨ ᠲᠣᠭᠲᠠᠭ᠋ᠠᠬᠤ ᠰᠠᠨᠠᠯ᠎ᠤᠨ ᠪᠢᠴᠢᠭ᠃

  5. ᠨᠡᠭᠡᠭᠡᠨ ᠬᠥᠭᠵᠢᠭᠦᠯᠬᠦ ᠲᠥᠰᠦᠯ᠎ᠤᠨ ᠣᠷᠣᠨ ᠲᠤᠭ᠎ᠠ ᠵᠢᠨ ᠠᠵᠢᠯᠲᠠᠨ᠎ᠳᠤ ᠵᠣᠬᠢᠴᠠᠩᠭᠤᠶ ᠲᠤᠰᠬᠠᠶ ᠮᠡᠷᠭᠡᠵᠢᠯ᠎ᠤᠨ ᠮᠡᠷᠭᠡᠵᠢᠯ᠎ᠤᠨ ᠴᠣᠯᠠ ᠵᠢᠨ ᠱᠠᠭ᠋ᠠᠷᠳᠠᠯᠭ᠎ᠠ (ᠳᠤᠮᠳᠠ ᠵᠡᠷᠭᠡ᠎ᠠᠴᠠ ᠳᠡᠭᠡᠭᠰᠢ ᠮᠡᠷᠭᠡᠵᠢᠯ᠎ᠤᠨ ᠴᠣᠯᠠ᠎ᠲᠠᠢ) ᠵᠢ ᠪᠦᠷᠢᠳᠦᠭᠦᠯᠵᠦ᠂ ᠣᠷᠣᠨ ᠲᠤᠭ᠎ᠠ ᠵᠢᠨ ᠠᠵᠢᠯᠲᠠᠨ᠎ᠤ ᠪᠡᠶ᠎ᠡ ᠵᠢᠨ ᠦᠨᠡᠮᠯᠡᠯ ᠵᠢᠴᠢ ᠮᠡᠷᠭᠡᠵᠢᠯ᠎ᠤᠨ ᠴᠣᠯᠠ ᠵᠢᠨ ᠦᠨᠡᠮᠯᠡᠯ᠎ᠤᠨ ᠬᠠᠭᠤᠯᠪᠤᠷᠢ ᠵᠢ ᠳᠠᠭ᠋ᠠᠯᠳᠤᠭᠤᠯᠤᠨ᠎ᠠ᠃

  6. ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ ᠵᠢ ᠬᠢᠵᠠᠭ᠋ᠠᠷᠯᠠᠬᠤ᠂ ᠴᠠᠭ᠋ᠠᠵᠠᠯᠠᠬᠤ ᠱᠠᠭ᠋ᠠᠷᠳᠠᠯᠭ᠎ᠠ ᠵᠡᠷᠭᠡ ᠵᠥᠪᠰᠢᠶᠡᠷᠡᠨ ᠣᠷᠣᠭᠤᠯᠬᠤ ᠨᠥᠬᠦᠴᠡᠯ᠎ᠤᠨ ᠲᠤᠬᠠᠶ ᠤᠯᠤᠰ᠎ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠤ ᠪᠢᠴᠢᠭ ᠮᠠᠲ᠋ᠧᠷᠢᠶᠠᠯ᠎ᠢ ᠲᠤᠰᠢᠶᠠᠬᠤ ᠬᠡᠷᠡᠭᠲᠡᠶ᠄

  (1) ᠠᠭᠤᠷᠬᠠᠶ ᠮᠠᠯᠲᠠᠬᠤ ᠡᠷᠬᠡ ᠵᠢᠨ ᠠᠭᠤᠷᠬᠠᠶ ᠵᠢᠨ ᠣᠷᠣᠨ᠎ᠤ ᠬᠡᠪᠴᠢᠶ᠎ᠡ᠎ᠨᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠤᠨ ᠬᠠᠤᠯᠢ》 ᠵᠢᠨ ᠬᠣᠷᠢᠳᠤᠭ᠋ᠠᠷ ᠵᠦᠢ᠍ᠯ᠎ᠳᠤ ᠬᠣᠯᠪᠣᠭᠳᠠᠬᠤ ᠡᠰᠡᠬᠦ᠎ᠨᠢ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠵᠤ ᠪᠣᠯᠬᠤ ᠦᠭᠡᠶ ᠭᠡᠵᠦ ᠲᠣᠭᠲᠠᠭ᠋ᠠᠭᠰᠠᠨ ᠭᠠᠵᠠᠷ ᠣᠷᠣᠨ᠂ ᠡᠭᠦᠨ᠎ᠳᠤ᠄ ᠭᠠᠷᠠᠮ᠂ ᠨᠢᠰᠬᠡᠯ᠎ᠤᠨ ᠪᠠᠭᠤᠳᠠᠯ᠂ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠪᠠᠷᠢᠯᠭ᠎ᠠ ᠵᠢᠨ ᠪᠡᠯᠡᠳᠬᠡᠮᠵᠢ ᠵᠢᠨ ᠬᠠᠰᠢᠶᠠᠯᠠᠨ ᠲᠣᠭᠲᠠᠭ᠋ᠠᠭᠰᠠᠨ ᠭᠠᠵᠠᠷ ᠣᠷᠣᠨ᠎ᠢ ᠪᠠᠭᠲᠠᠭ᠋ᠠᠨ᠎ᠠ; ᠴᠢᠬᠤᠯᠠ ᠠᠵᠤ ᠦᠢ᠍ᠯᠡᠳᠪᠦᠷᠢ ᠵᠢᠨ ᠣᠷᠣᠨ᠂ ᠲᠣᠮᠣ ᠬᠡᠯᠪᠡᠷᠢ ᠵᠢᠨ ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠪᠡᠯᠡᠳᠬᠡᠮᠵᠢ᠂ ᠬᠣᠲᠠ ᠪᠠᠯᠭ᠋ᠠᠰᠤᠨ᠎ᠤ ᠬᠣᠲᠠ ᠵᠢᠨ ᠶᠠᠪᠤᠳᠠᠯ᠎ᠤᠨ ᠪᠠᠷᠢᠯᠭ᠎ᠠ ᠵᠢᠨ ᠪᠡᠯᠡᠳᠬᠡᠮᠵᠢ ᠵᠢᠨ ᠣᠶ᠋ᠢᠷ᠎ᠠ ᠬᠠᠪᠢ ᠵᠢᠨ ᠵᠣᠬᠢᠬᠤ ᠵᠠᠶ ᠵᠢᠨ ᠳᠣᠲᠣᠷ᠎ᠠ ᠪᠠᠶ᠋ᠢᠨ᠎ᠠ; ᠴᠢᠬᠤᠯᠠ ᠭᠣᠤᠯ ᠮᠥᠷᠡᠨ᠂ ᠳᠠᠯᠠᠩ᠎ᠤᠨ ᠬᠣᠶᠠᠷ ᠬᠠᠵᠠᠭᠤ᠎ᠪᠠᠷ ᠵᠣᠬᠢᠬᠤ ᠵᠠᠶ ᠵᠢᠨ ᠳᠣᠲᠣᠷ᠎ᠠ ᠴᠢᠬᠤᠯᠠ ᠪᠦᠬᠦᠢ ᠭᠠᠵᠠᠷ ᠣᠷᠣᠨ᠂ ᠴᠢᠬᠤᠯᠠ ᠪᠦᠬᠦᠢ ᠦᠵᠡᠮᠵᠢ ᠵᠢᠨ ᠣᠷᠣᠨ᠂ ᠤᠯᠤᠰ᠎ᠤᠨ ᠭᠣᠤᠯᠳᠠᠯᠭ᠎ᠠ᠎ᠲᠠᠢ ᠬᠠᠮᠠᠭ᠋ᠠᠯᠠᠯᠲᠠ ᠵᠢᠨ ᠣᠷᠣᠨ᠎ᠤ ᠰᠢᠯᠵᠢᠭᠦᠯᠵᠦ ᠪᠣᠯᠬᠤ ᠦᠭᠡᠶ ᠭᠡᠵᠦ ᠲᠣᠭᠲᠠᠭ᠋ᠠᠭᠰᠠᠨ ᠲᠡᠦᠬᠡ ᠵᠢᠨ ᠳᠤᠷᠠᠰᠬᠠᠯᠲᠤ ᠵᠦᠢ᠍ᠯᠡᠰ ᠪᠣᠯᠤᠨ ᠠᠯᠳᠠᠷᠲᠤ ᠦᠵᠡᠮᠵᠢ ᠡᠷᠲᠡᠨ᠎ᠤ ᠪᠠᠭᠤᠷᠢ ᠵᠢ ᠨᠡᠭᠡᠭᠡᠨ ᠮᠠᠯᠲᠠᠵᠤ ᠪᠣᠯᠬᠤ ᠦᠭᠡᠶ ᠭᠡᠵᠦ ᠲᠣᠭᠲᠠᠭ᠋ᠠᠭᠰᠠᠨ ᠪᠤᠰᠤᠳ ᠭᠠᠵᠠᠷ ᠣᠷᠣᠨ ᠪᠠᠭᠲᠠᠨ᠎ᠠ᠃

  (2) ᠠᠭᠤᠷᠬᠠᠶ ᠮᠠᠯᠲᠠᠬᠤ ᠡᠷᠬᠡ ᠵᠢᠨ ᠠᠭᠤᠷᠬᠠᠶ ᠵᠢᠨ ᠣᠷᠣᠨ᠎ᠢ ᠭᠤᠶᠤᠴᠢᠯᠠᠬᠤ ᠬᠡᠪᠴᠢᠶ᠎ᠡ ᠬᠢᠭᠡᠳ ᠤᠯᠤᠰ᠎ᠠᠴᠠ ᠲᠣᠭᠲᠠᠭ᠋ᠠᠭᠰᠠᠨ ᠡᠭᠦᠷᠢᠳᠡ ᠵᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠂ I ᠲᠠᠰ᠎ᠤᠨ ᠪᠠ II ᠲᠠᠰ᠎ᠤᠨ ᠬᠠᠮᠠᠭ᠋ᠠᠯᠠᠯᠲᠠ ᠵᠢᠨ ᠣᠶ᠋ᠢᠲᠤ ᠭᠠᠵᠠᠷ᠂ ᠪᠠᠶ᠋ᠢᠭ᠋ᠠᠯᠢ ᠵᠢᠨ ᠣᠶ ᠵᠢᠨ ᠬᠠᠮᠠᠭ᠋ᠠᠯᠠᠯᠲᠠ ᠵᠢᠨ ᠭᠤᠤᠯᠳᠠᠯᠭ᠎ᠠ᠎ᠲᠠᠢ ᠣᠷᠣᠨ ᠪᠦᠰᠡ᠂ ᠦᠨᠳᠦᠰᠦᠨ ᠨᠤᠲᠤᠭ ᠪᠡᠯᠴᠢᠭᠡᠷ᠂ ᠣᠯᠠᠨ ᠤᠯᠤᠰ᠎ᠤᠨ ᠴᠢᠬᠤᠯᠠ ᠨᠤᠭᠤ ᠭᠠᠵᠠᠷ᠂ ᠤᠯᠤᠰ᠎ᠤᠨ ᠴᠢᠬᠤᠯᠠ ᠨᠤᠭᠤ ᠭᠠᠵᠠᠷ᠂ ᠳᠡᠯᠡᠬᠡᠶ ᠵᠢᠨ ᠪᠠᠶ᠋ᠢᠭ᠋ᠠᠯᠢ (ᠪᠠᠶ᠋ᠢᠭ᠋ᠠᠯᠢ ᠪᠣᠯᠤᠨ ᠰᠣᠶᠣᠯ) ᠥᠪ ᠬᠥᠷᠥᠩᠭᠡ ᠵᠢᠨ ᠭᠠᠵᠠᠷ᠂ ᠡᠯᠡᠰᠦᠷᠬᠡᠭᠵᠢᠭᠰᠡᠨ ᠭᠠᠵᠠᠷ᠎ᠢ ᠪᠢᠲᠡᠭᠦᠮᠵᠢᠯᠡᠨ ᠬᠠᠮᠠᠭ᠋ᠠᠯᠠᠬᠤ ᠣᠷᠣᠨ᠂ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ ᠳᠠᠪᠬᠤᠴᠠᠭᠰᠠᠨ ᠪᠠᠶ᠋ᠢᠳᠠᠯ᠃

  7. ᠬᠠᠮᠠᠭ᠋ᠠᠯᠠᠯᠲᠠ ᠵᠢᠨ ᠴᠢᠨᠠᠷᠲᠠᠶ ᠨᠡᠭᠡᠭᠡᠨ ᠮᠠᠯᠲᠠᠬᠤ ᠣᠨᠴᠠ ᠲᠣᠭᠲᠠᠭᠰᠠᠨ ᠠᠭᠤᠷᠬᠠᠶ ᠵᠢᠨ ᠲᠥᠷᠥᠯ᠂ ᠨᠡᠭᠡᠭᠡᠨ ᠮᠠᠯᠲᠠᠬᠤ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠭᠰᠠᠨ ᠠᠭᠤᠷᠬᠠᠶ ᠵᠢᠨ ᠲᠥᠷᠥᠯ ᠪᠤᠶᠤ ᠤᠯᠤᠰ᠎ᠤᠨ ᠥᠮᠴᠢᠯᠡᠯᠲᠦ ᠠᠭᠤᠷᠬᠠᠶ ᠵᠢᠨ ᠠᠵᠤ ᠠᠬᠤᠶ᠋ᠢᠯᠠᠯ᠎ᠤᠨ ᠰᠢᠯᠵᠢᠭᠦᠯᠦᠨ ᠥᠭᠬᠦ᠎ᠳᠤ ᠬᠤᠯᠪᠣᠭᠳᠠᠬᠤ ᠵᠡᠷᠭᠡ ᠣᠨᠴᠠᠭ᠋ᠠᠶ ᠪᠠᠶ᠋ᠢᠳᠠᠯ᠎ᠳᠤ ᠬᠤᠯᠪᠣᠭᠳᠠᠪᠠᠯ᠂ ᠡᠷᠬᠡᠪᠰᠢ ᠬᠠᠮᠢᠶ᠎ᠠ ᠪᠥᠬᠦᠶ ᠲᠣᠭᠲᠠᠭ᠋ᠠᠯ ᠶᠣᠰᠣᠭ᠋ᠠᠷ ᠱᠠᠭ᠋ᠠᠷᠳᠠᠯᠭ᠎ᠠ᠎ᠳᠤ ᠨᠡᠶ᠋ᠢᠴᠡᠭᠰᠡᠨ ᠵᠣᠬᠢᠴᠠᠩᠭᠤᠶ ᠴᠢᠨᠠᠷᠲᠠᠶ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠃

  (ᠲᠣᠳᠣᠷᠬᠠᠶ᠋ᠢᠯᠠᠯᠲᠠ᠄ ᠳᠡᠭᠡᠷ᠎ᠡ ᠳᠤᠷᠠᠳᠤᠭᠰᠠᠨ ᠮᠠᠲ᠋ᠧᠷᠢᠶᠠᠯ᠎ᠢ 33 ᠳ᠋ᠤᠭ᠋ᠠᠷ ᠲᠣᠭ᠋ᠠᠲᠤ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠣᠰᠣᠭ᠋ᠠᠷ   ᠳᠡᠪᠲᠡᠷᠯᠡᠵᠦ᠂ ᠳᠠᠭ᠋ᠠᠯᠳᠤᠭᠤᠯᠤᠯ ᠭᠠᠷᠴᠠᠭ ᠵᠶ᠋ᠠᠷ ᠭᠠᠷᠴᠠᠭ ᠲᠣᠭᠲᠠᠭ᠋ᠠᠵᠤ᠂ ᠬᠠᠭᠤᠯᠪᠤᠷᠢ ᠵᠢ ᠬᠤᠪᠢ ᠳᠠᠷᠠᠭ᠋ᠠᠯᠠᠨ ᠠᠯᠪᠠᠨ ᠲᠠᠮᠠᠭ᠎ᠠ ᠳᠠᠷᠤᠬᠤ ᠬᠡᠷᠡᠭᠲᠡᠶ)

  

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ ᠵᠢᠨ ᠰᠤᠳᠤᠯᠭ᠋ᠠᠨ᠎ᠤ ᠬᠦᠷᠢᠶᠡᠯᠡᠩ

  2024 ᠣᠨ᠎ᠤ 9  ᠳ᠋ᠦ᠍ᠭᠡᠷ ᠰᠠᠷ᠎ᠠ ᠵᠢᠨ 29᠎ᠤ ᠡᠳᠦᠷ

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠤ ᠪᠠᠶ᠋ᠢᠴᠠᠭ᠋ᠠᠯᠲᠠ ᠵᠢᠨ ᠰᠤᠳᠤᠯᠭ᠋ᠠᠨ᠎ᠤ ᠬᠦᠷᠢᠶᠡᠯᠡᠩ