《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠲᠠ ᠬᠥᠳᠡᠭᠡ ᠵᠢᠨ ᠲᠥᠯᠥᠪᠵᠢᠭᠦᠯᠭᠡ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》᠂ 《ᠬᠤᠲᠠ ᠬᠥᠳᠡᠭᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ ᠵᠢᠨ ᠬᠢᠷᠢ ᠬᠡᠮ᠎ᠤᠨ ᠬᠠᠮᠢᠶᠠᠷᠤᠯᠲᠠ ᠵᠢᠨ ᠠᠷᠭ᠎ᠠ》 ᠵᠡᠷᠭᠡ ᠬᠤᠯᠪᠣᠭᠳᠠᠯ ᠪᠥᠬᠦᠶ ᠲᠣᠭᠲᠠᠭ᠋ᠠᠯ᠎ᠢ ᠦᠨᠳᠦᠰᠦᠯᠡᠨ᠂ ᠥᠪᠥᠷ ᠮᠣᠩᠭᠤᠯ᠎ᠤᠨ ᠲᠥᠪ ᠶᠡᠬᠡᠮᠰᠦᠭ ᠥᠯᠥ ᠬᠥᠳᠡᠯᠬᠦ ᠬᠥᠷᠥᠩᠭᠡ ᠵᠢ ᠦᠨᠡᠯᠡᠨ ᠵᠢᠱ᠌ᠢᠬᠦ ᠵᠥᠪᠯᠡᠯᠭᠡ ᠥᠭᠬᠦ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠨᠢᠭᠡᠨᠲᠡ ᠮᠠᠨ᠎ᠤ ᠲᠢᠩᠬᠢᠮ᠎ᠳᠤ ᠠᠮᠠᠯᠠᠯᠲᠠ ᠬᠢᠵᠦ᠂ ᠮᠡᠳᠡᠭᠦᠯᠦᠨ ᠬᠦᠷᠭᠡᠭᠰᠡᠨ ᠮᠠᠲ᠋ᠧᠷᠢᠶᠠᠯ᠎ᠨᠢ ᠬᠤᠲᠠ ᠬᠥᠳᠡᠭᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ ᠵᠢᠨ ᠬᠥᠬᠡᠭᠴᠢᠨ ᠲᠠᠰ᠎ᠤᠨ ᠬᠢᠷᠢ ᠬᠡᠮ᠎ᠤᠨ ᠨᠥᠬᠦᠴᠡᠯ᠂ ᠪᠠᠷᠢᠮᠵᠢᠶ᠎ᠠ ᠪᠠ ᠱᠠᠭ᠋ᠠᠷᠳᠠᠯᠭ᠎ᠠ᠎ᠳᠤ ᠨᠡᠶ᠋ᠢᠴᠡᠬᠦ ᠵᠢ ᠠᠮᠠᠯᠳᠠᠪᠠ᠃
ᠲᠤᠰ ᠺᠣᠮᠫᠠᠨᠢ ᠵᠢᠨ ᠬᠣᠲᠠ ᠬᠥᠳᠡᠭᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ ᠵᠢᠨ ᠬᠥᠬᠡᠭᠴᠢᠨ ᠲᠠᠰ᠎ᠤᠨ ᠬᠢᠷᠢ ᠭᠡᠮ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠦᠷᠭᠦᠯᠵᠢᠯᠡᠭᠦᠯᠬᠦ ᠵᠢ ᠵᠥᠪᠰᠢᠶᠡᠷᠡᠨ᠎ᠡ᠃ ᠬᠢᠷᠢ ᠬᠡᠮ᠎ᠤᠨ ᠦᠷᠭᠦᠯᠵᠢᠯᠡᠬᠦ ᠬᠦᠴᠦᠨ᠎ᠲᠠᠢ ᠬᠤᠭᠤᠴᠠᠭ᠎ᠠ᠎ᠨᠢ 2028 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠤᠨ᠎ᠠ᠃
ᠣᠨᠴᠠᠭ᠋ᠠᠶ᠋ᠢᠯᠠᠨ ᠵᠠᠷᠯᠠᠨ ᠨᠡᠶ᠋ᠢᠲᠡᠯᠡᠪᠡ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ
2024 ᠣᠨ᠎ᠤ 11 ᠳ᠋ᠦ᠍ᠭᠡᠷ ᠰᠠᠷ᠎ᠠ ᠵᠢᠨ 20᠎ᠤ ᠡᠳᠦᠷ