ᠬᠡᠰᠡᠭ ᠬᠥᠬᠡᠭᠴᠢᠨ ᠲᠠᠰ᠎ᠤᠨ ᠬᠡᠮᠵᠢᠨ ᠵᠢᠷᠤᠬᠤ ᠬᠢᠷᠢ ᠴᠢᠳᠠᠮᠵᠢ ᠵᠢ ᠬᠢᠨᠠᠨ ᠵᠥᠪᠰᠢᠶᠡᠷᠡᠬᠦ ᠵᠢ ᠨᠠᠶ᠋ᠢᠳᠠᠨ ᠬᠡᠷᠡᠭᠵᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠠᠯᠪᠠᠨ ᠵᠠᠷ
2024-12-24

   ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠡᠮᠵᠢᠨ ᠵᠢᠷᠤᠬᠤ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠤᠰᠠᠳᠠ᠂ 《〈ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠤᠯᠠᠮ ᠨᠢᠭᠡ ᠠᠯᠬᠤᠮ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠬᠦ ᠠᠷᠭ᠎ᠠ ᠬᠡᠮᠵᠢᠶ᠎ᠡ᠎ᠨᠦᠭᠦᠳ〉 (ᠲᠤᠷᠰᠢᠨ ᠬᠡᠷᠡᠭᠵᠢᠭᠦᠯᠬᠦ)᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠮᠡᠳᠡᠭᠳᠡᠯ》 (ᠥᠪᠥᠷ ᠪᠠᠶ᠋ᠢᠭ᠋ᠠᠯᠢ ᠵᠢᠨ ᠡᠬᠢ ᠪᠠᠶᠠᠯᠢᠭ ᠲᠠᠷᠬᠠᠭ᠋ᠠᠭᠰᠠᠨ [2024] 41 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠡᠳᠦᠭᠡ ᠬᠡᠰᠡᠭ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠨᠠᠶ᠋ᠢᠳᠠᠨ ᠬᠡᠷᠡᠭᠵᠢᠭᠦᠯᠬᠦ ᠲᠤᠬᠠᠶ ᠳᠣᠤᠷᠠᠬᠢ ᠮᠡᠲᠦ ᠵᠠᠷᠯᠠᠶ᠎ᠠ᠄

   ᠨᠢᠭᠡ᠂ ᠨᠠᠶ᠋ᠢᠳᠠᠬᠤ ᠠᠭᠤᠯᠭ᠎ᠠ

  2024 ᠣᠨ᠎ᠤ 12 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ ᠡᠬᠢᠯᠡᠨ᠂ ᠡᠬᠡ ᠭᠠᠵᠠᠷ᠎ᠤᠨ ᠬᠡᠮᠵᠢᠯᠲᠡ᠂ ᠬᠡᠮᠵᠢᠨ ᠵᠢᠷᠤᠬᠤ ᠠᠭ᠋ᠠᠷ ᠠᠶᠠᠯᠠᠯ᠎ᠤᠨ ᠬᠡᠷᠡᠯ ᠵᠢᠷᠤᠭ᠂ ᠬᠡᠷᠡᠯ ᠵᠢᠷᠤᠭ᠎ᠤᠨ ᠬᠡᠮᠵᠢᠯᠲᠡ ᠬᠢᠭᠡᠳ ᠠᠯᠤᠰ ᠮᠡᠳᠡᠷᠡᠮᠵᠢ᠂ ᠢᠨᠵᠧᠨᠧᠷᠢᠩ᠎ᠤᠨ ᠬᠡᠮᠵᠢᠯᠲᠡ᠂ ᠲᠡᠯᠡᠶ ᠲᠠᠩᠭᠢᠰ᠎ᠤᠨ ᠬᠡᠮᠵᠢᠨ ᠵᠢᠷᠤᠬᠤ᠂ ᠵᠠᠭ᠋ᠠᠭ ᠱᠤᠭᠤᠮ ᠬᠢᠭᠡᠳ ᠥᠯᠥ ᠬᠥᠳᠡᠯᠬᠦ ᠬᠥᠷᠥᠩᠭᠡ ᠵᠢ ᠬᠡᠮᠵᠢᠨ ᠵᠢᠷᠤᠬᠤ᠂ ᠭᠠᠵᠠᠷ ᠵᠦᠶ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠢᠨᠵᠧᠨᠧᠷᠢᠩ ᠵᠡᠷᠭᠡ 7 ᠲᠥᠷᠥᠯ᠎ᠤᠨ ᠬᠥᠬᠡᠭᠴᠢᠨ ᠲᠠᠰ᠎ᠤᠨ ᠬᠡᠮᠵᠢᠨ ᠵᠢᠷᠤᠬᠤ ᠬᠢᠷᠢ ᠬᠡᠮ᠎ᠲᠠᠢ (ᠡᠭᠦᠨ᠎ᠤ ᠵᠡᠷᠭᠡ᠎ᠳᠤ ᠬᠥᠬᠡ᠂ ᠬᠥᠬᠡᠭᠴᠢᠨ ᠲᠠᠰ᠎ᠤᠨ ᠬᠡᠮᠵᠢᠨ ᠵᠢᠷᠤᠬᠤ ᠬᠢᠷᠢ ᠬᠡᠮ᠎ᠲᠠᠢ ᠪᠠᠶ᠋ᠢᠪᠠᠯ᠂ ᠡᠭᠦᠨ᠎ᠳᠤ ᠪᠠᠭᠲᠠᠬᠤ ᠥᠬᠡᠶ) ᠵᠢ ᠭᠥᠯᠢᠶᠡᠨ ᠠᠪᠴᠤ ᠰᠢᠢ᠍ᠳᠪᠦᠷᠢᠯᠡᠬᠦ ᠪᠠ ᠬᠢᠨᠠᠨ ᠪᠠᠶ᠋ᠢᠴᠠᠭ᠋ᠠᠬᠤ ᠠᠵᠢᠯ᠎ᠢ ᠡᠯ᠎ᠡ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ (ᠮᠠᠨᠵᠤᠤᠷ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠡᠷᠢᠶᠡᠨ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠪᠠᠭᠲᠠᠨ᠎ᠠ᠂ ᠳᠣᠷᠣᠭᠰᠢ ᠠᠳᠠᠯᠢ)᠎ᠳᠤ ᠨᠠᠶ᠋ᠢᠳᠠᠵᠤ ᠭᠦᠢ᠍ᠴᠡᠳᠬᠡᠨ᠎ᠡ᠂ ᠪᠣᠳᠠᠲᠠᠶ ᠪᠠᠭᠲᠠᠬᠤ᠎ᠨᠢ᠄

  (ᠨᠢᠭᠡ) ᠬᠡᠮᠵᠢᠨ ᠵᠢᠷᠤᠬᠤ ᠬᠢᠷᠢ ᠬᠡᠮ᠎ᠤᠨ ᠰᠢᠨ᠎ᠡ ᠨᠢᠭᠡᠴᠢ ᠵᠢᠨ ᠳᠠᠩᠰᠠᠯᠠᠭᠤᠯᠬᠤ ᠭᠤᠶᠤᠴᠢᠯᠠᠯ᠎ᠢ ᠭᠦᠢ᠍ᠴᠡᠳᠭᠡᠨ᠎ᠡ᠃

  (ᠬᠤᠶᠠᠷ) ᠳᠡᠭᠡᠷ᠎ᠡ ᠳᠤᠷᠠᠳᠤᠭᠰᠠᠨ 7 ᠲᠥᠷᠥᠯ᠎ᠤᠨ ᠬᠥᠬᠡᠭᠴᠢᠨ ᠲᠠᠰ᠎ᠤᠨ ᠬᠡᠮᠵᠢᠨ ᠵᠢᠷᠤᠬᠤ ᠬᠢᠷᠢ ᠬᠡᠮ᠎ᠢ ᠭᠤᠶᠤᠴᠢᠯᠠᠬᠤ᠂ ᠲᠤᠰᠬᠠᠶ ᠮᠡᠷᠭᠡᠵᠢᠯ᠎ᠤᠨ ᠲᠥᠷᠥᠯ᠎ᠢ ᠬᠤᠪᠢᠷᠠᠭᠤᠯᠬᠤ᠂ ᠦᠨᠳᠦᠰᠦᠨ ᠮᠡᠳᠡᠭᠡ ᠵᠠᠩᠭᠢ ᠵᠢ ᠬᠤᠪᠢᠷᠠᠭᠤᠯᠬᠤ᠂ ᠳᠠᠬᠢᠨ ᠬᠢᠨᠠᠵᠤ ᠦᠨᠡᠮᠯᠡᠯ ᠰᠣᠯᠢᠬᠤ᠂ ᠦᠨᠡᠮᠯᠡᠯ ᠨᠥᠬᠦᠨ ᠠᠪᠬᠤ᠂ ᠬᠢᠷᠢ ᠬᠡᠮ᠎ᠢ ᠬᠤᠶ᠋ᠢᠰᠢᠯᠠᠭᠤᠯᠬᠤ᠂ ᠬᠦᠴᠦᠨ ᠥᠬᠡᠶ ᠪᠣᠯᠭ᠋ᠠᠬᠤ᠎ᠪᠠᠷ ᠭᠤᠶᠤᠴᠢᠯᠠᠬᠤ ᠲᠤᠬᠠᠶ᠋ᠢᠯᠠᠭᠰᠠᠨ ᠠᠵᠢᠯ᠎ᠢ ᠭᠥᠯᠢᠶᠡᠨ ᠠᠪᠴᠤ ᠬᠢᠨᠠᠨ ᠪᠠᠶ᠋ᠢᠴᠠᠭ᠋ᠠᠨ᠎ᠠ᠃

  (ᠭᠤᠷᠪᠠ) ᠳᠡᠭᠡᠷ᠎ᠡ ᠳᠤᠷᠠᠳᠤᠭᠰᠠᠨ 7 ᠲᠥᠷᠥᠯ᠎ᠤᠨ ᠬᠥᠬᠡᠭᠴᠢᠨ ᠳᠡᠰ᠎ᠤᠨ ᠬᠡᠮᠵᠢᠨ ᠵᠢᠷᠤᠬᠤ ᠬᠢᠷᠢ ᠭᠡᠮ᠎ᠤᠨ ᠨᠢᠭᠡᠴᠢ ᠵᠢᠨ ᠨᠥᠬᠥᠪᠥᠷᠢᠯᠡᠬᠦ ᠪᠠ ᠵᠠᠰᠠᠪᠤᠷᠢ ᠣᠷᠣᠭᠤᠯᠬᠤ ᠵᠢ ᠬᠢᠨᠠᠨ ᠵᠦᠪᠰᠢᠶᠡᠷᠡᠨ᠎ᠡ᠃

   ᠬᠤᠶᠠᠷ᠂ ᠪᠤᠰᠤᠳ ᠵᠦᠢ᠍ᠯ

  (ᠨᠢᠭᠡ) ᠭᠤᠶᠤᠴᠢᠯᠠᠭᠰᠠᠨ ᠨᠢᠭᠡᠴᠢ ᠮᠥᠨ ᠯᠡ ᠪᠥᠬᠦ ᠤᠯᠤᠰ᠎ᠤᠨ ᠬᠡᠮᠵᠢᠨ ᠵᠢᠷᠤᠬᠤ ᠬᠢᠷᠢ ᠬᠡᠮ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ (ᠲᠤᠷᠰᠢᠨ ᠠᠵᠢᠯᠯᠠᠭᠤᠯᠬᠤ) (https://zz.ch.mnr.gov.cn/ ) ᠡᠯᠸᠺᠲᠷᠣᠨ ᠪᠢᠴᠢᠭ ᠬᠠᠷ᠎ᠠ ᠵᠢᠨ ᠮᠠᠲ᠋ᠧᠷᠢᠶᠠᠯ᠎ᠢ ᠳᠡᠭᠡᠭᠰᠢ ᠳᠠᠮᠵᠢᠭᠤᠯᠵᠤ᠂ ᠵᠣᠬᠢᠴᠠᠩᠭᠤᠶ ᠭᠤᠶᠤᠴᠢᠯᠠᠯ ᠲᠤᠰᠢᠶᠠᠨ᠎ᠠ᠃

  (ᠬᠤᠶᠠᠷ) ᠡᠯ᠎ᠡ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠎ᠠᠴᠠ ᠳᠡᠭᠡᠷᠡᠬᠢ ᠬᠢᠨᠠᠨ ᠵᠥᠪᠰᠢᠶᠡᠷᠡᠯ᠎ᠢ ᠬᠦᠯᠢᠶᠡᠨ ᠠᠪᠬᠤ ᠠᠵᠢᠯ᠎ᠢ ᠰᠠᠶ᠋ᠢᠲᠤᠷ ᠬᠢᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ᠎ᠳᠤ ᠵᠣᠬᠢᠴᠠᠩᠭᠤᠶ ᠪᠦᠬᠦᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠢ ᠲᠠᠨᠢᠵᠤ ᠠᠪᠴᠤ᠂ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠎ᠢ ᠨᠠᠶ᠋ᠢᠷᠠᠭᠤᠯᠤᠨ ᠵᠣᠬᠢᠶᠠᠵᠤ᠂ ᠨᠠᠶ᠋ᠢᠳᠠᠭᠰᠠᠨ ᠵᠦᠢ᠍ᠯᠡᠰ᠎ᠤᠨ ᠲᠠᠶ᠋ᠢᠯᠪᠤᠷᠢᠯᠠᠬᠤ᠂ ᠠᠰᠠᠭᠤᠨ ᠯᠠᠪᠯᠠᠬᠤ ᠦᠢ᠍ᠯᠡᠴᠢᠯᠡᠭᠡ ᠵᠢ ᠰᠠᠶ᠋ᠢᠲᠤᠷ ᠬᠢᠬᠦ ᠬᠡᠷᠡᠭᠲᠡᠶ᠃

  (ᠭᠤᠷᠪᠠ) 2024 ᠣᠨ᠎ᠤ 12 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ ᠡᠬᠢᠯᠡᠨ᠂ ᠪᠥᠬᠦ ᠣᠷᠣᠨ᠎ᠳᠤ ᠬᠡᠮᠵᠢᠨ ᠵᠢᠷᠤᠬᠤ ᠴᠢᠳᠠᠮᠵᠢ ᠵᠢᠨ ᠡᠯᠸᠺᠲᠷᠣᠨ ᠦᠨᠡᠮᠯᠡᠯ᠎ᠢ ᠡᠬᠢᠯᠡᠨ ᠬᠡᠷᠡᠭᠯᠡᠵᠦ᠂ ᠴᠠᠭ᠋ᠠᠰᠤᠨ᠎ᠤ ᠦᠨᠡᠮᠯᠡᠯ᠎ᠢ ᠳᠠᠭᠢᠵᠤ ᠣᠯᠭᠤᠬᠤ ᠥᠬᠡᠶ᠂ ᠡᠯᠸᠺᠲᠷᠣᠨ ᠦᠨᠡᠮᠯᠡᠯ ᠪᠠ ᠴᠠᠭ᠋ᠠᠰᠤᠨ ᠦᠨᠡᠮᠯᠡᠯ᠎ᠨᠢ ᠠᠳᠠᠯᠢᠬᠠᠨ ᠬᠠᠤᠯᠢ ᠴᠠᠭ᠋ᠠᠵᠠ ᠵᠢᠨ ᠬᠦᠴᠦᠨ᠎ᠲᠠᠢ᠃ ᠬᠡᠮᠵᠢᠨ ᠵᠢᠷᠤᠬᠤ ᠬᠢᠷᠢ ᠴᠢᠳᠠᠮᠵᠢ᠎ᠲᠠᠢ ᠨᠢᠭᠡᠴᠢ᠎ᠨᠢ ᠬᠠᠮᠢᠶ᠎ᠠ ᠪᠥᠬᠦᠶ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠭᠡᠭᠰᠡᠨ᠎ᠤ ᠳᠠᠷᠠᠭ᠎ᠠ᠂ ᠨᠢᠭᠡᠴᠢ ᠵᠢᠨ ᠬᠠᠤᠯᠢ ᠵᠢᠨ ᠡᠷᠬᠡᠲᠡᠨ᠎ᠤ ᠲᠠᠩᠰᠠᠨ ᠨᠣᠮᠧᠷ ᠵᠶ᠋ᠠᠷ ᠵᠶ᠋ᠠᠨ ᠥᠪᠡᠷᠲᠡᠭᠡᠨ ᠵᠠᠰᠠᠬᠤ ᠣᠷᠣᠨ᠎ᠤ 《ᠮᠥᠩᠬᠡ ᠰᠤᠪᠠᠭ》 APP᠎ᠳᠤ ᠣᠷᠣᠵᠤ ᠡᠯᠸᠺᠲᠷᠣᠨ ᠦᠨᠡᠮᠯᠡᠯ᠎ᠢ ᠪᠠᠭᠤᠯᠭ᠋ᠠᠨ ᠠᠪᠴᠤ ᠪᠣᠯᠤᠨ᠎ᠠ᠃

  (ᠲᠦᠷᠪᠡ) ᠨᠠᠶ᠋ᠢᠳᠠᠯᠭ᠎ᠠ ᠬᠦᠯᠢᠶᠡᠭᠰᠡᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠡᠷᠡᠭᠵᠢᠭᠦᠯᠬᠦ ᠶᠠᠪᠤᠴᠠ᠎ᠳᠤ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠳᠦᠷᠢᠮ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠵᠤ᠂ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠠᠵᠢᠯ᠎ᠤᠨ ᠢᠯᠡ᠂ ᠡᠷᠬᠡ ᠲᠡᠭᠰᠢ᠂ ᠲᠥᠪ ᠭᠣᠤᠯᠴᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ ᠨᠠᠶ᠋ᠢᠳᠠᠯᠭ᠎ᠠ ᠵᠢ ᠬᠦᠯᠢᠶᠡᠭᠰᠡᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠡᠷᠡᠭᠵᠢᠭᠦᠯᠬᠦ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠬᠢᠨᠠᠯᠲᠠ ᠬᠠᠮᠢᠶᠠᠷᠤᠯᠲᠠ ᠵᠢᠴᠢ ᠦᠨᠡᠯᠡᠨ ᠵᠢᠱ᠌ᠢᠯᠲᠡ ᠬᠢᠬᠦ ᠵᠢᠨ ᠬᠠᠮᠲᠤ᠂ ᠴᠠᠭ᠎ᠲᠤᠨᠢ ᠲᠣᠬᠢᠷᠠᠭᠤᠯᠤᠨ ᠨᠠᠶ᠋ᠢᠳᠠᠭᠰᠠᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠡᠷᠬᠡ ᠮᠡᠳᠡᠯ᠎ᠳᠤ ᠲᠣᠬᠢᠷᠠᠭᠤᠯᠤᠯᠲᠠ ᠬᠢᠵᠦ ᠪᠣᠯᠤᠨ᠎ᠠ᠃

   ᠳᠠᠭ᠋ᠠᠯᠳᠤᠭᠤᠯᠤᠯ᠄ ᠡᠯ᠎ᠡ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠠᠰᠠᠭᠤᠨ ᠯᠠᠪᠯᠠᠬᠤ ᠤᠲᠠᠰᠤ

  

   ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ

  2024 ᠣᠨ᠎ᠤ 12 ᠳ᠋ᠤᠭ᠋ᠠᠷ ᠰᠠᠷ᠎ᠠ ᠵᠢᠨ 24᠎ᠤ ᠡᠳᠦᠷ

  

   ᠳᠠᠭ᠋ᠠᠯᠳᠤᠭᠤᠯᠤᠯ᠎ᠢ ᠪᠠᠭᠤᠯᠭ᠋ᠠᠬᠤ᠄  ᠡᠯ᠎ᠡ ᠠᠶ᠋ᠢᠮᠠᠭ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠠᠰᠠᠭᠤᠨ ᠯᠠᠪᠯᠠᠬᠤ ᠤᠲᠠᠰᠤ .docx

 

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ