ᠥᠪᠥᠷ ᠮᠣᠩᠭᠤᠯ᠎ᠤᠨ ᠳ᠋ᠢ ᠰᠢᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠦᠨᠡᠯᠡᠨ ᠵᠢᠱ᠌ᠢᠬᠦ ᠦᠢ᠍ᠯᠡᠴᠢᠯᠡᠭᠡᠨ᠎ᠤ ᠬᠢᠵᠠᠭ᠋ᠠᠷᠲᠤ ᠺᠣᠮᠫᠠᠨᠢ ᠵᠢᠨ ᠬᠤᠲᠠ ᠬᠥᠳᠡᠭᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ ᠵᠢᠨ ᠬᠥᠬᠡᠭᠴᠢᠨ ᠲᠠᠰ᠎ᠤᠨ ᠬᠢᠷᠢ ᠴᠢᠳᠠᠮᠵᠢ ᠵᠢ ᠮᠠᠭ᠋ᠠᠳᠯᠠᠨ ᠲᠣᠭᠲᠠᠭ᠋ᠠᠬᠤ ᠵᠢ ᠵᠥᠪᠰᠢᠶᠡᠷᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ ᠠᠯᠪᠠᠨ ᠨᠡᠢ᠌ᠲᠡᠯᠡᠯ
2025-01-03

  《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠲᠠ ᠬᠥᠳᠡᠭᠡ ᠵᠢᠨ ᠲᠥᠯᠥᠪᠵᠢᠭᠦᠯᠭᠡ ᠵᠢᠨ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》᠂ 《ᠬᠤᠲᠠ ᠬᠥᠳᠡᠭᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ ᠵᠢᠨ ᠬᠢᠷᠢ ᠬᠡᠮ᠎ᠤᠨ ᠬᠠᠮᠢᠶᠠᠷᠤᠯᠲᠠ ᠵᠢᠨ ᠠᠷᠭ᠎ᠠ》 ᠵᠡᠷᠭᠡ ᠬᠤᠯᠪᠣᠭᠳᠠᠯ ᠪᠥᠬᠦᠶ ᠲᠣᠭᠲᠠᠭ᠋ᠠᠯ᠎ᠢ ᠦᠨᠳᠦᠰᠦᠯᠡᠨ᠂ ᠥᠪᠥᠷ ᠮᠣᠩᠭᠤᠯ᠎ᠤᠨ ᠳ᠋ᠢ ᠰᠢᠨ ᠭᠠᠵᠠᠷ ᠰᠢᠷᠣᠶ ᠵᠢᠨ ᠪᠠᠶ᠋ᠢᠴᠠᠭ᠋ᠠᠯᠲᠠ ᠵᠢᠨ ᠦᠨᠡᠯᠡᠨ ᠵᠢᠱ᠌ᠢᠬᠦ ᠦᠢ᠍ᠯᠡᠴᠢᠯᠡᠭᠡᠨ᠎ᠤ ᠬᠢᠵᠠᠭ᠋ᠠᠷᠲᠤ ᠺᠣᠮᠫᠠᠨᠢ ᠨᠢᠭᠡᠨᠲᠡ ᠮᠠᠨ᠎ᠤ ᠲᠢᠩᠬᠢᠮ᠎ᠳᠤ ᠠᠮᠠᠯᠠᠯᠲᠠ ᠬᠢᠵᠦ᠂ ᠮᠡᠳᠡᠭᠦᠯᠦᠨ ᠬᠦᠷᠭᠡᠭᠰᠡᠨ ᠮᠠᠲ᠋ᠧᠷᠢᠶᠠᠯ᠎ᠨᠢ ᠤᠯᠤᠰ᠎ᠤᠨ ᠲᠣᠭᠲᠠᠭ᠋ᠠᠯ᠎ᠳᠤ ᠨᠡᠶ᠋ᠢᠴᠡᠬᠦ ᠬᠤᠲᠠ ᠬᠥᠳᠡᠭᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ ᠵᠢᠨ ᠬᠥᠬᠡᠭᠴᠢᠨ ᠲᠠᠰ᠎ᠤᠨ ᠬᠢᠷᠢ ᠬᠡᠮ᠎ᠤᠨ ᠨᠥᠬᠦᠴᠡᠯ᠂ ᠪᠠᠷᠢᠮᠵᠢᠶ᠎ᠠ ᠪᠠ ᠱᠠᠭ᠋ᠠᠷᠳᠠᠯᠭ᠎ᠠ ᠵᠢ ᠠᠮᠠᠯᠳᠠᠪᠠ᠃

   ᠲᠤᠰ ᠺᠣᠮᠫᠠᠨᠢ ᠵᠢᠨ ᠬᠣᠲᠠ ᠬᠥᠳᠡᠭᠡ ᠵᠢᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠨᠢᠭᠡᠴᠢ ᠵᠢᠨ ᠬᠥᠬᠡᠭᠴᠢᠨ ᠲᠠᠰ᠎ᠤᠨ ᠬᠢᠷᠢ ᠭᠡᠮ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠣᠳᠣ ᠵᠥᠪᠰᠢᠶᠡᠷᠡᠵᠦ ᠪᠠᠶ᠋ᠢᠨ᠎ᠠ᠃ ᠬᠢᠷᠢ ᠬᠡᠮ᠎ᠤᠨ ᠬᠦᠴᠦᠨ᠎ᠲᠠᠢ ᠬᠤᠭᠤᠴᠠᠭ᠎ᠠ᠎ᠨᠢ 2029 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ᠃

   ᠣᠨᠴᠠᠭ᠋ᠠᠶ᠋ᠢᠯᠠᠨ ᠵᠠᠷᠯᠠᠨ ᠨᠡᠶ᠋ᠢᠲᠡᠯᠡᠪᠡ᠃

  

   ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ

  2025 ᠣᠨ᠎ᠤ 1  ᠳ᠋ᠦ᠍ᠭᠡᠷ ᠰᠠᠷ᠎ᠠ ᠵᠢᠨ 3᠎ᠤ ᠡᠳᠦᠷ

 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ