ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠪᠠᠭ᠎ᠠ ᠬᠤᠱᠢᠭᠤᠨ᠎ᠤ ᠴᠠᠭᠠᠨᠨᠠᠭᠤᠷ ᠵᠡᠰ᠎ᠤᠨ ᠤᠯᠠᠨ ᠲᠡᠮᠦᠷᠯᠢᠭ᠎ᠤᠨ ᠠᠭᠤᠷᠬᠠᠢ᠎ᠶ᠋ᠢᠨ ᠬᠠᠢᠨ ᠱᠢᠨᠵᠢᠯᠡᠯᠲᠡ ᠵᠡᠷᠭᠡ 2 ᠠᠭᠤᠷᠬᠠᠢ ᠡᠷᠢᠬᠦ ᠡᠷᠬᠡ᠎ᠶ᠋ᠢᠨ ᠬᠠᠢᠨ ᠪᠠᠢᠴᠠᠭᠠᠯᠲᠠ᠎ᠶ᠋ᠢᠨ ᠵᠥᠪᠱᠢᠶᠡᠷᠡᠯ᠎ᠤᠨ ᠦᠨᠡᠮᠯᠡᠯ᠎ᠢᠶᠠᠨ ᠭᠡᠭᠡᠭ᠌ᠰᠡᠨ ᠲᠤᠬᠠᠢ ᠠᠯᠪᠠᠨ ᠵᠠᠷ
2025-10-17

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠪᠠᠭ᠎ᠠ ᠬᠤᠱᠢᠭᠤᠨ᠎ᠤ ᠴᠠᠭᠠᠨᠨᠠᠭᠤᠷ ᠵᠡᠰ᠎ᠤᠨ ᠣᠯᠠᠨ ᠲᠡᠮᠦᠷᠯᠢᠭ᠎ᠤᠨ ᠠᠭᠤᠷᠬᠠᠶ᠎ᠶ᠋ᠢᠨ ᠬᠠᠢᠨ ᠱᠢᠨᠵᠢᠯᠡᠯᠲᠡ᠂ ᠬᠠᠢᠨ ᠪᠠᠢ᠌ᠴᠠᠭ᠋ᠠᠬᠤ ᠵᠥᠪᠱᠢᠶᠡᠷᠡᠯ᠎ᠤᠨ ᠦᠨᠡᠮᠯᠡᠯ᠎ᠦᠨ ᠨᠣᠮᠸᠷ᠄ T1500002008093010014764᠂ ᠬᠦᠴᠦᠨ ᠲᠠᠢ ᠬᠤᠭᠤᠴᠠᠭ᠎ᠠ᠄ 2024 ᠣᠨ᠎ᠤ 8 ᠳ᠋ᠤᠭ᠋ᠠᠷ ᠰᠠᠷ᠎ᠠ᠎ᠶ᠋ᠢᠨ 22 ᠎ᠤᠨ ᠡᠳᠦᠷ᠎ᠠᠴᠠ 2029 ᠣᠨ᠎ᠤ 8 ᠳ᠋ᠤᠭ᠋ᠠᠷ ᠰᠠᠷ᠎ᠠ᠎ᠶ᠋ᠢᠨ 21 ᠎ᠤ ᠡᠳᠦᠷ ᠪᠣᠯᠲᠠᠯ᠎ᠠ᠂ ᠠᠭᠤᠷᠬᠠᠶ ᠡᠷᠢᠬᠦ ᠡᠷᠬᠡᠲᠦ ᠬᠥᠮᠦᠨ ᠨᠢ ᠠᠪᠠᠭ᠎ᠠ ᠬᠤᠱᠢᠭᠤᠨ᠎ᠤ ᠴᠢᠶᠠᠨ ᠴᠤᠤ ᠠᠵᠤ ᠦᠢᠯᠡᠳᠪᠦᠷᠢ ᠠᠷᠠᠯᠵᠢᠶᠠᠨ᠎ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠤᠯᠤᠨ᠎ᠠ᠂ ᠦᠨᠡᠮᠯᠡᠯ ᠣᠯᠭᠤᠬᠤ ᠪᠠᠢᠭᠤᠯᠭ᠎ᠠ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠪᠣᠯᠣᠨ᠎ᠠ᠃

  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠥᠨᠢᠳ ᠵᠡᠭᠦᠨ ᠬᠤᠱᠢᠭᠤᠨ᠎ᠤ ᠳᠠᠯᠠᠢᠨᠠᠭᠤᠷ᠎ᠤᠨ ᠨᠡᠭᠦᠷᠡᠰᠦᠨ᠎ᠤ ᠠᠢ ᠰᠠᠪᠠ᠎ᠶ᠋ᠢᠨ ᠭᠠᠵᠠᠷ ᠱᠢᠨᠵᠢᠯᠡᠭᠡᠨ᠎ᠤ ᠨᠠᠷᠢᠨ ᠪᠠᠢᠴᠠᠭᠠᠯᠲᠠ᠂ ᠬᠠᠢᠨ ᠪᠠᠢᠴᠠᠭᠠᠬᠤ ᠵᠥᠪᠱᠢᠶᠡᠷᠡᠯ᠎ᠤᠨ ᠦᠨᠡᠮᠯᠡᠯ᠎ᠤᠨ ᠨᠣᠮᠧᠷ᠄ T1500002009121010036840᠂ ᠬᠦᠴᠦᠨ᠎ᠲᠠᠢ ᠬᠤᠭᠤᠴᠠᠭ᠎ᠠ᠄ 2017 ᠣᠨ᠎ᠤ 11 ᠳ᠋ᠦ᠍ᠭᠡᠷ ᠰᠠᠷ᠎ᠠ᠎ᠶ᠋ᠢᠨ 1 ᠎ᠤ ᠡᠳᠦᠷ᠎ᠠᠴᠠ 2022 ᠣᠨ᠎ᠤ 11 ᠳ᠋ᠦ᠍ᠭᠡᠷ ᠰᠠᠷ᠎ᠠ᠎ᠶ᠋ᠢᠨ 1 ᠎ᠤ ᠡᠳᠦᠷ ᠪᠣᠯᠲᠠᠯ᠎ᠠ᠂ ᠠᠭᠤᠷᠬᠠᠶ ᠡᠷᠢᠬᠦ ᠡᠷᠬᠡᠲᠦ ᠬᠥᠮᠦᠨ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠥᠩᠭᠡᠲᠦ ᠭᠠᠵᠠᠷ ᠱᠢᠨᠵᠢᠯᠡᠭᠡᠨ᠎ᠤ ᠬᠠᠢᠨ ᠪᠠᠢᠴᠠᠭᠠᠬᠤ ᠲᠣᠪᠴᠢᠶ᠎ᠠ᠂ ᠦᠨᠡᠮᠯᠡᠯ ᠣᠯᠭᠤᠭ᠍ᠰᠠᠨ ᠪᠠᠢᠭᠤᠯᠭ᠎ᠠ᠎ᠨᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠪᠣᠯᠤᠨ᠎ᠠ᠃

  ᠳᠡᠭᠡᠷᠡᠬᠢ ᠬᠣᠶᠠᠷ ᠪᠦᠯᠦᠭ ᠠᠭᠤᠷᠬᠠᠶ᠎ᠶ᠋ᠢᠨ ᠦᠢᠯᠡᠰ᠎ᠦᠨ ᠡᠷᠬᠡ᠎ᠶ᠋ᠢᠨ ᠠᠭᠤᠷᠬᠠᠶ ᠡᠷᠢᠬᠦ ᠡᠷᠬᠡᠲᠦ ᠬᠥᠮᠦᠨ ᠠᠭᠤᠷᠬᠠᠶ ᠡᠷᠢᠬᠦ ᠡᠷᠬᠡ᠎ᠶ᠋ᠢᠨ ᠬᠠᠢᠨ ᠪᠠᠢᠴᠠᠭᠠᠬᠤ ᠵᠥᠪᠱᠢᠶᠡᠷᠡᠯ᠎ᠦᠨ ᠦᠨᠡᠮᠯᠡᠯ᠎ᠢᠶᠡᠨ ᠭᠡᠭᠡᠵᠦ᠍ ᠡᠳᠦᠭᠡ ᠮᠠᠨ᠎ᠤ ᠲᠢᠩᠬᠢᠮ᠎ᠳᠦ ᠭᠡᠭᠡᠭ᠌ᠰᠡᠨ ᠠᠯᠪᠠᠨ ᠵᠠᠷ᠎ᠢ ᠭᠤᠶᠤᠴᠢᠯᠠᠨ᠎ᠠ᠃ 

  《ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠢᠨ ᠪᠠᠢᠴᠠᠭᠠᠵᠤ ᠨᠡᠭᠡᠭᠡᠨ ᠮᠠᠯᠲᠠᠬᠤ᠎ᠶ᠋ᠢ ᠳᠠᠩᠰᠠᠯᠠᠨ ᠬᠠᠮᠢᠶᠠᠷᠬᠤ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠲᠤᠬᠠᠶ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠮᠡᠳᠡᠭ᠌ᠳᠡᠯ》 ( ᠪᠠᠢᠭᠠᠯᠢ᠎ᠶ᠋ᠢᠨ ᠡᠬᠢ ᠪᠠᠶᠠᠯᠢᠭ ᠲᠣᠭ᠍ᠲᠠᠭᠠᠯ [2023] 4 ᠳ᠋ᠤᠭᠡᠷ ᠲᠣᠭᠠᠲᠤ ) ᠎ᠤᠨ ᠠᠷᠪᠠᠨ ᠵᠢᠷᠭᠤᠳᠤᠭᠠᠷ ᠵᠦᠢᠯ᠎ᠤᠨ ᠲᠣᠭ᠍ᠲᠠᠭᠠᠯ᠎ᠢ ᠦᠨᠳᠦᠰᠦᠯᠡᠨ᠂ ᠤᠳᠤ ᠠᠯᠪᠠᠨ ᠵᠠᠷ ᠨᠡᠢᠲᠡᠯᠡᠬᠦ᠌ ᠬᠤᠭᠤᠴᠠᠭ᠎ᠠ᠎ᠨᠢ ᠨᠡᠢᠲᠡᠯᠡᠭ᠌ᠰᠡᠨ ᠡᠳᠦᠷ᠎ᠠᠴᠠ ᠡᠬᠢᠯᠡᠨ 10 ᠠᠵᠢᠯᠯᠠᠬᠤ ᠡᠳᠦᠷ ᠪᠣᠯᠤᠨ᠎ᠠ᠂ ᠬᠡᠷᠪᠡ ᠠᠯᠪᠠᠨ ᠵᠠᠷ᠎ᠤᠨ ᠠᠭᠤᠯᠭ᠎ᠠ᠎ᠳᠤ ᠣᠨᠳᠣᠤ ᠰᠠᠨᠠᠯ᠎ᠲᠠᠢ ᠪᠠᠢᠪᠠᠯ᠂ ᠠᠯᠪᠠᠨ ᠵᠠᠷ᠎ᠤᠨ ᠬᠤᠭᠤᠴᠠᠭ᠎ᠠ᠎ᠨᠢ ᠳᠠᠭᠤᠰᠭᠤ᠎ᠠᠴᠠ ᠡᠮᠦᠨ᠎ᠡ ᠰᠠᠨᠠᠯ᠎ᠢᠶᠠᠨ ᠪᠢᠴᠢᠭ᠎ᠤᠨ ᠬᠡᠯᠪᠡᠷᠢ᠎ᠪᠠᠷ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠳᠤ ᠲᠤᠱᠢᠶᠠᠬᠤ᠎ᠶ᠋ᠢᠨ ᠬᠠᠮᠲᠤ ᠦᠨᠡᠨ ᠪᠣᠳᠠᠲᠠᠶ ᠣᠪᠣᠭ ᠨᠡᠷ᠎ᠡ ᠪᠠ ᠪᠦᠲᠦᠮᠵᠢᠲᠡᠶ ᠬᠠᠷᠢᠯᠴᠠᠬᠤ ᠠᠷᠭ᠎ᠠ ᠮᠠᠶᠢᠭ᠎ᠢᠶᠠᠨ ᠬᠠᠩᠭᠠᠭᠠᠷᠠᠢ᠃

  ᠠᠯᠪᠠᠨ ᠵᠠᠷ᠎ᠤᠨ ᠬᠤᠭᠤᠴᠠᠭᠠᠨ᠎ᠳᠤ ᠣᠨᠳᠣᠤ ᠰᠠᠨᠠᠯ ᠦᠭᠡᠢ ᠪᠠᠢᠪᠠᠯ᠂ ᠠᠯᠪᠠᠨ ᠵᠠᠷ᠎ᠤᠨ ᠬᠤᠭᠤᠴᠠᠭ᠎ᠠ ᠳᠦᠭᠦᠷᠦᠭ᠌ᠰᠡᠨ᠎ᠤ ᠳᠠᠷᠠᠭ᠎ᠠ᠂ ᠭᠡᠭᠡᠭᠰᠡᠨ᠎ᠢᠶᠡᠨ ᠵᠠᠷᠯᠠᠨ ᠨᠡᠢᠲᠡᠯᠡᠭᠰᠡᠨ ᠦᠷ᠎ᠡ ᠳ᠋ᠦᠩ᠎ᠢᠶᠡᠷ᠎ᠢᠶᠡᠨ ᠬᠠᠮᠢᠶ᠎ᠠ ᠪᠦᠬᠦᠢ ᠭᠠᠷᠳᠠᠮ᠎ᠢ ᠭᠦᠢᠴᠡᠳᠬᠡᠨ᠎ᠡ ᠃ 

  

  2025 ᠣᠨ᠎ᠤ 10 ᠳ᠋ᠤᠭ᠋ᠠᠷ ᠰᠠᠷ᠎ᠠ᠎ᠶ᠋ᠢᠨ 17 ᠎ᠤ ᠡᠳᠦᠷ

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ