ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠦᠬᠠᠶ ᠬᠤᠲᠠ᠂ ᠠᠯᠠᠱᠠ ᠠᠢᠮᠠᠭ᠂ ᠡᠷᠢᠶᠡᠨ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠳᠤ᠄
ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠎ᠠ ᠡᠷᠭᠢᠯᠡᠬᠦ᠌ ᠣᠷᠴᠢᠨ ᠨᠥᠬᠦᠴᠡᠯ᠎ᠢ ᠱᠢᠯᠢᠳᠡᠭ᠌ᠵᠢᠭᠦᠯᠬᠦ᠌ ᠱᠢᠢᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠤᠯᠠᠮ ᠨᠢᠭᠡ ᠠᠯᠬᠤᠮ ᠨᠠᠢᠳᠠᠪᠤᠷᠢᠵᠢᠭᠤᠯᠵᠤ᠂ ᠴᠢᠬᠤᠯᠠ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠦᠢᠯᠡᠴᠢᠯᠡᠭᠡ᠎ᠶ᠋ᠢ ᠴᠢᠩᠭᠠᠷᠠᠭᠤᠯᠤᠨ᠂ ᠪᠠᠢᠴᠠᠭᠠᠨ ᠯᠠᠪᠯᠠᠬᠤ ᠶᠠᠰᠤ ᠴᠢᠨᠠᠷ ᠪᠠ ᠦᠢᠯᠡᠴᠢᠯᠡᠭᠡᠨ᠎ᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ 《ᠴᠢᠬᠤᠯᠠ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠣᠳᠣ᠎ᠶᠢᠨ ᠨᠦᠬᠦᠴᠡᠯ᠎ᠢᠶᠡᠷ ᠨᠡᠬᠡᠬᠡᠨ ᠠᠰᠢᠭᠯᠠᠵᠤ ᠴᠢᠳᠠᠭ᠎ᠠ ᠦᠭᠡᠢ ᠠᠭᠤᠷᠬᠠᠢ᠎ᠶᠢᠨ ᠡᠬᠢ ᠪᠠᠶᠠᠯᠢᠭ᠎ᠤᠨ ᠬᠤᠯᠪᠣᠭ᠍ᠳᠠᠯ ᠪᠥᠬᠦᠶ ᠵᠦᠢᠯᠡᠰ᠎ᠤᠨ ᠲᠤᠬᠠᠶ ᠮᠡᠳᠡᠭ᠌ᠳᠡᠯ》 ( ᠥᠪᠥᠷ ᠪᠠᠢᠭᠠᠯᠢ᠎ᠶ᠋ᠢᠨ ᠡᠬᠢ ᠪᠠᠶᠠᠯᠢᠭ ᠥᠰᠥᠭ [2021] 299 ᠳ᠋ᠤᠭᠡᠷ ᠲᠣᠭᠠᠲᠤ ) ᠪᠠ 《ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠴᠢᠬᠤᠯᠠ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠣᠳᠣ᠎ᠶᠢᠨ ᠨᠦᠬᠦᠴᠡᠯ᠎ᠢᠶᠡᠷ ᠨᠡᠬᠡᠬᠡᠨ ᠠᠰᠢᠭᠯᠠᠵᠤ ᠴᠢᠳᠠᠭ᠎ᠠ ᠦᠭᠡᠢ ᠠᠭᠤᠷᠬᠠᠢ᠎ᠶᠢᠨ ᠡᠬᠢ ᠪᠠᠶᠠᠯᠢᠭ᠎ᠤᠨ ᠠᠵᠢᠯ᠎ᠤᠨ ᠴᠤᠪᠤᠷᠠᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠬᠦ᠌ ᠲᠤᠬᠠᠶ ᠮᠡᠳᠡᠭ᠌ᠳᠡᠯ》 ( ᠥᠪᠥᠷ ᠪᠠᠢᠭᠠᠯᠢ᠎ᠶ᠋ᠢᠨ ᠡᠬᠢ ᠪᠠᠶᠠᠯᠢᠭ ᠥᠰᠥᠭ [2021] 531 ᠳ᠋ᠤᠭᠡᠷ ᠲᠣᠭᠠᠲᠤ ) ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢᠨ ᠰᠤᠳᠤᠯᠭᠠᠨ᠎ᠤ ᠬᠦᠷᠢᠶᠡᠯᠡᠩ᠎ᠨᠢ 2025 ᠣᠨ᠎ᠤ 10 ᠳ᠋ᠤᠭᠠᠷ ᠰᠠᠷ᠎ᠠ᠎ᠶ᠋ᠢᠨ 22 ᠤᠨ ᠡᠳᠦᠷ᠎ᠠᠴᠠ 25 ᠤ ᠡᠳᠦᠷ ᠪᠣᠯᠲᠠᠯ᠎ᠠ ᠪᠠᠷᠠᠭᠤᠨ ᠬᠡᠰᠡᠭ᠎ᠤᠨ ᠭᠠᠵᠠᠷ ᠣᠷᠣᠨ ( ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠦᠬᠠᠶ ᠬᠤᠲᠠ᠂ ᠠᠯᠠᠱᠠ ᠠᠢᠮᠠᠭ᠂ ᠡᠷᠢᠶᠡᠨ ᠬᠤᠲᠠ ) ᠤ ᠪᠠᠢᠭᠠᠯᠢ᠎ᠶ᠋ᠢᠨ ᠡᠬᠢ ᠪᠠᠶᠠᠯᠢᠭ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠪᠠᠢᠴᠠᠭᠠᠨ ᠯᠠᠪᠯᠠᠬᠤ ᠠᠵᠢᠯ᠎ᠤᠨ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ᠎ᠢ ᠥᠷᠨᠢᠭᠦᠯᠬᠦ᠌᠎ᠪᠠᠷ ᠲᠣᠭ᠍ᠲᠠᠪᠠ᠃
ᠨᠢᠭᠡ᠂ ᠪᠣᠯᠪᠠᠰᠤᠷᠠᠯ᠎ᠤᠨ ᠠᠭᠤᠯᠭ᠎ᠠ
ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠨᠢ ᠴᠢᠬᠤᠯᠠ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠮᠢᠶ᠎ᠠ ᠪᠥᠬᠦᠶ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠪᠠ; ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠤᠯᠢ᠎ᠶ᠋ᠢ ᠬᠡᠷᠡᠭ᠌ᠵᠢᠭᠦᠯᠦᠭ᠌ᠰᠡᠨ ᠠᠬᠤᠶ ᠪᠠᠢᠳᠠᠯ ᠳᠣᠤᠷ᠎ᠠ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠣᠳᠣ᠎ᠶᠢᠨ ᠨᠦᠬᠦᠴᠡᠯ᠎ᠢᠶᠡᠷ ᠨᠡᠬᠡᠬᠡᠨ ᠠᠰᠢᠭᠯᠠᠵᠤ ᠴᠢᠳᠠᠭ᠎ᠠ ᠦᠭᠡᠢ ᠠᠭᠤᠷᠬᠠᠢ᠎ᠶᠢᠨ ᠡᠬᠢ ᠪᠠᠶᠠᠯᠢᠭ᠎ᠶᠢᠨ ᠬᠠᠮᠢᠶᠠᠷᠤᠯᠲᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠰᠤᠳᠤᠯᠭᠠᠨ; 《ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠣᠳᠣ᠎ᠶᠢᠨ ᠨᠦᠬᠦᠴᠡᠯ᠎ᠢᠶᠡᠷ ᠨᠡᠬᠡᠬᠡᠨ ᠠᠰᠢᠭᠯᠠᠵᠤ ᠴᠢᠳᠠᠭ᠎ᠠ ᠦᠭᠡᠢ ᠠᠭᠤᠷᠬᠠᠢ᠎ᠶᠢᠨ ᠡᠬᠢ ᠪᠠᠶᠠᠯᠢᠭ᠎ᠶᠢᠨ ᠪᠠᠢᠴᠠᠭᠠᠯᠲᠠ ᠦᠨᠡᠯᠡᠯᠲᠡ᠎ᠶ᠋ᠢᠨ ᠵᠢᠷᠤᠮᠵᠢᠯ》 ᠤᠨ ᠲᠠᠢᠯᠤᠮᠵᠢ ᠵᠢᠴᠢ ᠪᠣᠳᠠᠲᠤ ᠵᠢᠱ᠌ᠢᠶ᠎ᠡ; 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠤᠨ ᠨᠢᠭᠡ ᠵᠢᠷᠤᠭ᠎ᠢᠶᠠᠷ ᠶᠡᠷᠦᠩᠬᠡᠢᠯᠡᠨ ᠵᠠᠳᠠᠯᠬᠤ ᠱᠢᠰᠲ᠋ᠧᠮ》 ᠤᠨ ᠦᠨᠳᠦᠰᠦᠨ ᠴᠢᠳᠠᠮᠵᠢ᠎ᠶ᠋ᠢᠨ ᠠᠵᠢᠯᠯᠠᠭᠠᠨ᠎ᠤ ᠵᠠᠭᠠᠭ ᠭᠠᠳᠠᠷᠭᠤ᠂ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠣᠳᠣ᠎ᠶᠢᠨ ᠨᠦᠬᠦᠴᠡᠯ᠎ᠢᠶᠡᠷ ᠨᠡᠬᠡᠬᠡᠨ ᠠᠰᠢᠭᠯᠠᠵᠤ ᠴᠢᠳᠠᠭ᠎ᠠ ᠦᠭᠡᠢ ᠠᠭᠤᠷᠬᠠᠢ᠎ᠶᠢᠨ ᠡᠬᠢ ᠪᠠᠶᠠᠯᠢᠭ᠎ᠢ ᠪᠠᠢᠴᠠᠭᠠᠨ ᠯᠠᠪᠯᠠᠬᠤ ᠪᠣᠳᠠᠲᠠᠶ ᠠᠵᠢᠯᠯᠠᠬᠤ ᠠᠯᠬᠤᠮ ᠳᠠᠷᠠᠭ᠎ᠠ ᠬᠢᠭᠡᠳ ᠤᠷ᠎ᠠ ᠮᠡᠷᠭᠡᠱᠢᠯ᠂ ᠱᠢᠰᠲ᠋ᠧᠮ᠎ᠤᠨ ᠳᠣᠲᠣᠷᠠᠬᠢ ᠪᠠᠢᠩᠭᠤ ᠲᠣᠬᠢᠶᠠᠯᠳᠤᠬᠤ ᠠᠰᠠᠭᠤᠳᠠᠯ ᠵᠡᠷᠭᠡ ᠤᠴᠢᠷ ᠶᠠᠪᠤᠳᠠᠯ᠎ᠳᠤ ᠴᠢᠭ᠌ᠯᠡᠭᠦᠯᠦᠨ᠂ ᠬᠤᠷᠠᠯ᠎ᠳᠤ ᠣᠷᠣᠯᠴᠠᠭ᠍ᠰᠠᠨ ᠪᠥᠬᠦ᠌ ᠬᠥᠮᠦᠰ᠎ᠢ ᠵᠣᠬᠢᠶᠠᠨ ᠪᠠᠢᠭᠤᠯᠤᠨ ᠬᠠᠮᠲᠤ᠎ᠪᠠᠷ ᠰᠤᠳᠤᠯᠤᠨ ᠶᠠᠷᠢᠯᠴᠠᠪᠠ᠃
ᠬᠤᠶᠠᠷ᠂ ᠪᠣᠯᠪᠠᠰᠤᠷᠠᠬᠤ ᠡᠳᠡᠬᠡᠳ
ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠦᠬᠠᠶ ᠬᠤᠲᠠ᠂ ᠠᠯᠠᠱᠠ ᠠᠢᠮᠠᠭ᠂ ᠡᠷᠢᠶᠡᠨ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠵᠢᠴᠢ ᠡᠯ᠎ᠡ ᠬᠤᠱᠢᠭᠤ ᠱᠢᠶᠠᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠣᠳᠣ᠎ᠶᠢᠨ ᠨᠦᠬᠦᠴᠡᠯ᠎ᠢᠶᠡᠷ ᠨᠡᠬᠡᠬᠡᠨ ᠠᠰᠢᠭᠯᠠᠵᠤ ᠴᠢᠳᠠᠭ᠎ᠠ ᠦᠭᠡᠢ ᠠᠭᠤᠷᠬᠠᠢ᠎ᠶᠢᠨ ᠡᠬᠢ ᠪᠠᠶᠠᠯᠢᠭ᠎ᠢ ᠪᠠᠢᠴᠠᠭᠠᠨ ᠯᠠᠪᠯᠠᠬᠤ ᠠᠵᠢᠯ᠎ᠤᠨ ᠬᠠᠷᠢᠭᠤᠴᠠᠯᠭᠠᠲᠠᠨ ᠵᠢᠴᠢ ᠠᠵᠢᠯᠲᠠᠨ ᠪᠠᠭᠲᠠᠨ᠎ᠠ᠃
ᠭᠤᠷᠪᠠ᠂ ᠪᠣᠯᠪᠠᠰᠤᠷᠠᠯ᠎ᠳᠤ ᠣᠷᠣᠯᠴᠠᠭ᠍ᠰᠠᠳ
ᠬᠥᠬᠡᠬᠤᠲᠠ᠂ ᠪᠤᠭᠤᠲᠤ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠦᠬᠠᠶ ᠬᠤᠲᠠ᠂ ᠠᠯᠠᠱᠠ ᠠᠢᠮᠠᠭ᠂ ᠡᠷᠢᠶᠡᠨ ᠬᠤᠲᠠ᠎ᠶ᠋ᠢᠨ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ ᠲᠣᠰ ᠲᠣᠰ 1 - 2 ᠨᠡᠷᠡᠰ᠂ ᠡᠯ᠎ᠡ ᠬᠤᠱᠢᠭᠤ ᠱᠢᠶᠠᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠣᠳᠣ᠎ᠶᠢᠨ ᠨᠦᠬᠦᠴᠡᠯ᠎ᠢᠶᠡᠷ ᠨᠡᠬᠡᠬᠡᠨ ᠠᠰᠢᠭᠯᠠᠵᠤ ᠴᠢᠳᠠᠭ᠎ᠠ ᠦᠭᠡᠢ ᠠᠭᠤᠷᠬᠠᠢ᠎ᠶᠢᠨ ᠡᠬᠢ ᠪᠠᠶᠠᠯᠢᠭ᠎ᠢ ᠪᠠᠢᠴᠠᠭᠠᠨ ᠯᠠᠪᠯᠠᠬᠤ ᠠᠵᠢᠯ᠎ᠤᠨ ᠬᠠᠷᠢᠭᠤᠴᠠᠯᠭᠠᠲᠠᠨ 1 - 2 ᠨᠡᠷᠡᠰ᠃
ᠲᠦᠷᠪᠡ᠂ ᠪᠣᠯᠪᠠᠰᠤᠷᠠᠬᠤ ᠴᠠᠭ ᠪᠠ ᠭᠠᠵᠠᠷ
ᠪᠣᠯᠪᠠᠰᠤᠷᠠᠯ᠎ᠤᠨ ᠴᠠᠭ᠄ 10 ᠳ᠋ᠤᠭᠠᠷ ᠰᠠᠷ᠎ᠠ᠎ᠶ᠋ᠢᠨ 22 ᠤᠨ ᠡᠳᠦᠷ᠎ᠠᠴᠠ 25 ᠤ ᠡᠳᠦᠷ ( 10 ᠳ᠋ᠤᠭᠠᠷ ᠰᠠᠷ᠎ᠠ᠎ᠶ᠋ᠢᠨ 22 ᠤᠨ ᠡᠳᠦᠷ ᠨᠡᠷ᠎ᠡ ᠮᠡᠳᠡᠭᠦᠯᠦᠨ᠎ᠡ )
ᠪᠣᠯᠪᠠᠰᠤᠷᠠᠯ᠎ᠤᠨ ᠭᠠᠵᠠᠷ᠄ ᠪᠠᠶᠠᠨᠨᠠᠭᠤᠷ᠎ᠤᠨ ᠯᠠᠨ ᠢᠦᠢ ᠬᠤᠭᠤᠯᠠᠨ ᠭᠡᠷ ( ᠵᠢᠷᠭᠤᠳᠤᠭᠠᠷ ᠳᠠᠪᠬᠤᠷ᠎ᠤᠨ ᠬᠤᠷᠠᠯ᠎ᠤᠨ ᠭᠡᠷ )
ᠲᠠᠪᠤ᠂ ᠨᠡᠷ᠎ᠡ ᠮᠡᠳᠡᠭᠦᠯᠬᠦ᠌ ᠴᠠᠭ ᠵᠢᠴᠢ ᠠᠷᠭ᠎ᠠ ᠮᠠᠶᠢᠭ
1. ᠨᠡᠷ᠎ᠡ ᠮᠡᠳᠡᠭᠦᠯᠬᠦ᠌ ᠴᠠᠭ᠄ 2025 ᠣᠨ᠎ᠤ 10 ᠳ᠋ᠤᠭᠠᠷ ᠰᠠᠷ᠎ᠠ᠎ᠶ᠋ᠢᠨ 9 ᠤ ᠡᠳᠦᠷ᠎ᠠᠴᠠ 10 ᠳ᠋ᠤᠭᠠᠷ ᠰᠠᠷ᠎ᠠ᠎ᠶ᠋ᠢᠨ 15 ᠤ ᠡᠳᠦᠷ᠃
2. ᠨᠡᠷ᠎ᠡ ᠮᠡᠳᠡᠭᠦᠯᠬᠦ᠌ ᠠᠷᠭ᠎ᠠ ᠮᠠᠶᠢᠭ᠄ ᠠᠢᠮᠠᠭ ᠬᠤᠲᠠ᠂ ᠬᠤᠱᠢᠭᠤ ᠱᠢᠶᠠᠨ᠎ᠤ ᠬᠤᠷᠠᠯ᠎ᠳᠤ ᠣᠷᠣᠯᠴᠠᠭ᠍ᠰᠠᠳ ᠨᠡᠷ᠎ᠡ ᠮᠡᠳᠡᠭᠦᠯᠬᠦ᠌ ᠬᠦᠰᠦᠨᠦᠭ᠌ᠲᠦ ( ᠳᠠᠭᠠᠯᠳᠤᠭᠤᠯᠤᠯ᠎ᠳᠤ ᠦᠵᠡ ) ᠶ᠋ᠢ ᠡᠯᠧᠺᠲᠷᠣᠨ ᠱᠢᠤᠳᠠᠨ᠎ᠤ ᠬᠠᠢᠷᠴᠠᠭ᠎ᠲᠤ ᠬᠦᠷᠭᠡᠨ᠎ᠡ᠃
3. ᠱᠢᠤᠳᠠᠨ ᠬᠠᠢᠷᠴᠠᠭ᠎ᠤᠨ ᠬᠠᠶᠢᠭ᠄ 625215013@qq.com
ᠵᠢᠷᠭᠤᠭ᠎ᠠ᠂ ᠠᠩᠬᠠᠷᠬᠤ ᠵᠦᠢᠯ
1. ᠬᠤᠷᠠᠯ᠎ᠳᠤ ᠣᠷᠣᠯᠴᠠᠭ᠍ᠰᠠᠳ ᠲᠥᠪ᠎ᠤᠨ 《ᠨᠠᠢ᠍ᠮᠠᠨ ᠲᠣᠭ᠍ᠲᠠᠭᠠᠯ》 ᠤᠨ ᠵᠣᠷᠢᠭ ᠰᠠᠨᠠᠭ᠎ᠠ᠎ᠶ᠋ᠢ ᠴᠢᠩᠭ᠎ᠠ ᠵᠢᠷᠤᠮᠯᠠᠵᠤ᠂ ᠴᠠᠭ ᠲᠤᠬᠠᠶ᠎ᠳᠦ ᠨᠢ ᠬᠤᠷᠠᠯ᠎ᠳᠤ ᠣᠷᠣᠯᠴᠠᠬᠤ ᠬᠡᠷᠡᠭ᠌ᠲᠡᠶ᠃ ᠰᠠᠬᠢᠯᠭ᠎ᠠ ᠪᠠᠲᠤ᠎ᠶ᠋ᠢ ᠴᠢᠩᠭ᠎ᠠ ᠰᠠᠬᠢᠵᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠶ᠃
2. ᠮᠠᠲ᠋ᠧᠷᠢᠶᠠᠯ᠎ᠢ ᠰᠠᠢᠲᠤᠷ ᠬᠠᠮᠢᠶᠠᠷᠬᠤ᠎ᠶ᠋ᠢᠨ ᠬᠠᠮᠲᠤ ᠨᠢᠭᠤᠴᠠ᠎ᠶ᠋ᠢ ᠠᠩᠬᠠᠷᠤᠭᠠᠷᠠᠢ ᠃
3. ᠬᠤᠷᠠᠯ᠎ᠳᠤ ᠣᠷᠣᠯᠴᠠᠭ᠍ᠰᠠᠨ ᠪᠦᠬᠦ᠌ ᠨᠥᠬᠦᠳ ᠪᠣᠯᠤᠨ ᠠᠵᠢᠯᠲᠠᠳ ᠬᠤᠷᠠᠯ᠎ᠤᠨ ᠡᠯ᠎ᠡ ᠵᠦᠶ᠋ᠯ᠎ᠤᠨ ᠲᠣᠭ᠍ᠲᠠᠭᠠᠯ᠎ᠢ ᠤᠬᠠᠮᠰᠠᠷ᠎ᠠᠴᠠ᠎ᠪᠠᠨ ᠵᠢᠷᠤᠮᠯᠠᠵᠤ᠂ ᠬᠤᠷᠠᠯ᠎ᠤᠨ ᠨᠢᠭᠡᠳᠦᠯᠲᠡᠶ ᠲᠣᠬᠢᠷᠠᠭᠤᠯᠤᠯᠲᠠ᠎ᠶ᠋ᠢ ᠳᠠᠭᠠᠬᠤ ᠬᠡᠷᠡᠭ᠌ᠲᠡᠶ᠃
4. ᠬᠤᠷᠠᠯ᠎ᠤᠨ ᠭᠡᠷ᠎ᠲᠤ ᠣᠷᠣᠬᠤ᠎ᠠᠴᠠ ᠡᠮᠦᠨ᠎ᠡ᠂ ᠭᠠᠷ ᠤᠲᠠᠰᠤ ᠵᠡᠷᠭᠡ ᠴᠢᠮᠡᠭᠡ ᠬᠤᠯᠪᠣᠭᠠᠨ᠎ᠤ ᠪᠠᠭᠠᠵᠢ᠎ᠪᠡᠨ ᠬᠠᠭᠠᠭᠠᠷᠠᠢ᠃ ᠬᠤᠷᠠᠯ᠎ᠤᠨ ᠬᠤᠭᠤᠴᠠᠭᠠᠨ᠎ᠳᠤ ᠬᠤᠷᠠᠯ᠎ᠤᠨ ᠭᠡᠷ᠎ᠲᠤ ᠳᠤᠷ᠎ᠠ᠎ᠪᠠᠷ᠎ᠢᠶᠠᠨ ᠣᠷᠣᠵᠤ ᠭᠠᠷᠴᠤ᠌ ᠪᠣᠯᠬᠤ ᠦᠭᠡᠢ᠂ ᠲᠠᠮᠠᠬᠢ ᠲᠠᠲᠠᠬᠤ᠎ᠶ᠋ᠢ ᠴᠠᠭ᠋ᠠᠵᠠᠯᠠᠨ᠎ᠠ; ᠬᠤᠷᠠᠯ᠎ᠤᠨ ᠠᠮᠠᠷᠠᠯᠲᠠ᠎ᠳᠤ ᠰᠠᠢᠨ ᠰᠠᠢᠬᠠᠨ ᠡᠮᠬᠢ ᠵᠢᠷᠤᠮ᠎ᠢ ᠪᠠᠲᠤᠯᠠᠬᠤ ᠬᠡᠷᠡᠭ᠌ᠲᠡᠶ᠂ ᠶᠡᠭᠡ ᠳᠠᠭᠤᠨ᠎ᠢᠶᠠᠷ ᠦᠢ᠍ᠮᠡᠯᠳᠦᠨ᠂ ᠬᠦᠭᠡᠷᠦᠯᠳᠦᠵᠦ ᠪᠣᠯᠬᠤ ᠦᠭᠡᠢ᠃
5. ᠬᠤᠷᠠᠯ᠎ᠤᠨ ᠬᠤᠭᠤᠴᠠᠭᠠᠨ᠎ᠳᠤ ᠠᠮᠤᠷ ᠲᠦᠪᠱᠢᠨ᠎ᠢ ᠠᠩᠬᠠᠷᠴᠤ᠌᠂ ᠡᠯ᠎ᠡ ᠲᠥᠷᠥᠯ᠎ᠤᠨ ᠠᠳᠡᠯ ᠭᠠᠷᠬᠤ᠎ᠶ᠋ᠢ ᠴᠢᠩᠭ᠎ᠠ ᠰᠡᠷᠭᠡᠢᠯᠡᠬᠦ᠌ ᠬᠡᠷᠡᠭ᠌ᠲᠡᠶ᠃
6. ᠡᠯ᠎ᠡ ᠨᠢᠭᠡᠴᠢ᠎ᠨᠦᠭᠦᠳ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠬᠥᠮᠦᠰ᠎ᠢ ᠲᠣᠬᠢᠷᠠᠭᠤᠯᠤᠨ ᠪᠣᠯᠪᠠᠰᠤᠷᠠᠯ᠎ᠳᠤ ᠣᠷᠣᠯᠴᠠᠭᠤᠯᠬᠤ ᠬᠡᠷᠡᠭ᠌ᠲᠡᠶ᠃
ᠳᠣᠯᠤᠭ᠎ᠠ᠂ ᠠᠵᠢᠯᠯᠠᠬᠤ ᠳᠤᠭᠤᠢᠯᠠᠩ᠎ᠤᠨ ᠠᠵᠢᠯᠲᠠᠨ
ᠪᠠᠢ ᠪᠢᠩ 18586015096
ᠸᠠᠩ ᠱᠢᠶᠣᠤ ᠵᠢᠶᠤᠤ 1394711958
ᠵᠠᠩ ᠯᠢ ᠴᠢᠩ 13654812158
ᠥᠪᠥᠷ ᠮᠣᠩᠭᠤᠯ᠎ᠤ᠋ᠨ ᠥᠪᠡᠷᠲᠡᠭᠡᠨ ᠵᠠᠰᠠᠬᠤ ᠣᠷᠣᠨ᠎ᠤ ᠭᠠᠵᠠᠷ ᠰᠢᠨᠵᠢᠯᠡᠭᠡᠨ᠎ᠦ᠌ ᠪᠠᠢᠴᠠᠭᠠᠯᠲᠠ᠎ᠶᠢᠨ ᠰᠤᠳᠤᠯᠭ᠋ᠠᠨ᠎ᠤ ᠬᠦᠷᠢᠶᠡᠯᠡᠩ
2025 ᠣᠨ᠎ᠤ 10 ᠳ᠋ᠤᠭ᠋ᠠᠷ ᠰᠠᠷ᠎ᠠ᠎ᠶ᠋ᠢᠨ 10 ᠤ ᠡᠳᠦᠷ