ᠤᠯᠠᠭᠠᠨᠬᠠᠳᠠ ᠬᠤᠲᠠ᠎ᠶ᠋ᠢᠨ ᠵᠢᠶᠠ ᠯᠤᠸᠠᠨ ᠠᠭᠤᠷᠬᠠᠢ᠎ᠶ᠋ᠢᠨ ᠦᠢᠯᠡᠰ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠣᠩᠨᠢᠭᠤᠳ ᠬᠤᠱᠢᠭᠤᠨ᠎ᠤ ᠯᠢᠨ ᠵᠢᠶᠠ ᠳ᠋ᠢ ᠬᠠᠢ᠌ᠯᠤᠭᠤᠷ ᠵᠣᠩᠰᠢ ᠵᠡᠷᠭᠡ ᠭᠤᠷᠪᠠᠨ ᠲᠥᠷᠥᠯ᠎ᠤᠨ ᠠᠭᠤᠷᠬᠠᠢ᠎ᠶ᠋ᠢᠨ ᠦᠢᠯᠡᠰ᠎ᠤᠨ ᠡᠷᠬᠡ᠎ᠶ᠋ᠢᠨ ᠠᠭᠤᠷᠬᠠᠢ ᠮᠠᠯᠲᠠᠬᠤ ᠵᠥᠪᠱᠢᠶᠡᠷᠡᠯ᠎ᠤᠨ ᠦᠨᠡᠮᠯᠡᠯ᠎ᠤᠨ ᠵᠢᠩᠬᠢᠨᠢ ᠪᠠ ᠬᠠᠭᠤᠯᠪᠤᠷᠢ ᠳᠡᠪᠲᠡᠷ᠎ᠢᠶᠠᠨ ᠭᠡᠭᠡᠭ᠌ᠰᠡᠨ ᠲᠤᠬᠠᠢ ᠠᠯᠪᠠᠨ ᠵᠠᠷ
2025-10-17

  ᠤᠯᠠᠭᠠᠨᠬᠠᠳᠠ᠎ᠶ᠋ᠢᠨ ᠵᠢᠶᠠ ᠯᠤᠸᠠᠨ ᠠᠭᠤᠷᠬᠠᠢ᠎ᠶ᠋ᠢᠨ ᠦᠢᠯᠡᠰ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠣᠩᠨᠢᠭᠤᠳ ᠬᠤᠱᠢᠭᠤᠨ᠎ᠤ ᠯᠢᠨ ᠵᠢᠶᠠ ᠳ᠋ᠢ ᠬᠠᠢ᠌ᠯᠤᠭᠤᠷ ᠵᠣᠩᠰᠢ᠎ᠶᠢᠨ ᠠᠭᠤᠷᠬᠠᠶ᠂ ᠠᠭᠤᠷᠬᠠᠶ ᠮᠠᠯᠲᠠᠬᠤ ᠵᠥᠪᠱᠢᠶᠡᠷᠡᠯ᠎ᠤᠨ ᠨᠣᠮᠧᠷ C1504002012126110128192᠂ ᠠᠭᠤᠷᠬᠠᠶ ᠮᠠᠯᠲᠠᠬᠤ ᠡᠷᠬᠡᠲᠦ ᠬᠥᠮᠦᠨ᠎ᠨᠢ ᠤᠯᠠᠭᠠᠨᠬᠠᠳᠠ᠎ᠶ᠋ᠢᠨ ᠵᠢᠶᠠ ᠯᠤᠸᠠᠨ ᠠᠭᠤᠷᠬᠠᠢ᠎ᠶ᠋ᠢᠨ ᠦᠢᠯᠡᠰ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ᠎ᠠ᠂ ᠬᠦᠴᠦᠨ᠎ᠲᠠᠢ ᠬᠤᠭᠤᠴᠠᠭ᠎ᠠ : 2021 ᠣᠨ᠎ᠤ 12 ᠳ᠋ᠤᠭ᠋ᠠᠷ ᠰᠠᠷ᠎ᠠ᠎ᠶ᠋ᠢᠨ 9 ᠎ᠤ ᠡᠳᠦᠷ᠎ᠠᠴᠠ 2025 ᠣᠨ᠎ᠤ 12 ᠳ᠋ᠤᠭ᠋ᠠᠷ ᠰᠠᠷ᠎ᠠ᠎ᠶ᠋ᠢᠨ 9 ᠎ᠤ ᠡᠳᠦᠷ ᠪᠣᠯᠲᠠᠯ᠎ᠠ᠂ ᠦᠨᠡᠮᠯᠡᠯ ᠣᠯᠭᠤᠭ᠍ᠰᠠᠨ ᠪᠠᠢᠭᠤᠯᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠪᠣᠯᠤᠨ᠎ᠠ᠃

  ᠤᠯᠠᠭᠠᠨᠬᠠᠳᠠ᠎ᠶ᠋ᠢᠨ ᠮᠢᠩ ᠴᠤᠸᠠᠨ ᠠᠭᠤᠷᠬᠠᠢ᠎ᠶ᠋ᠢᠨ ᠦᠢᠯᠡᠰ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠬᠤᠶᠠᠳᠤᠭᠠᠷ ᠨᠡᠭᠡᠭᠡᠨ ᠮᠠᠯᠲᠠᠬᠤ ᠲᠣᠭᠤᠷᠢᠭ᠂ ᠠᠭᠤᠷᠬᠠᠶ ᠮᠠᠯᠲᠠᠬᠤ ᠵᠥᠪᠱᠢᠶᠡᠷᠡᠯ᠎ᠤᠨ ᠨᠣᠮᠧᠷ C1504002010126120114151᠂ ᠠᠭᠤᠷᠬᠠᠶ ᠮᠠᠯᠲᠠᠬᠤ ᠡᠷᠬᠡᠲᠦ ᠬᠥᠮᠦᠨ᠎ᠨᠢ ᠤᠯᠠᠭᠠᠨᠬᠠᠳᠠ᠎ᠶ᠋ᠢᠨ ᠮᠢᠩ ᠴᠤᠸᠠᠨ ᠠᠭᠤᠷᠬᠠᠢ᠎ᠶ᠋ᠢᠨ ᠦᠢᠯᠡᠰ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ᠎ᠠ᠂ ᠬᠦᠴᠦᠨ᠎ᠲᠠᠢ ᠬᠤᠭᠤᠴᠠᠭ᠎ᠠ᠄ 2024 ᠣᠨ᠎ᠤ 5 ᠳ᠋ᠤᠭ᠋ᠠᠷ ᠰᠠᠷ᠎ᠠ᠎ᠶ᠋ᠢᠨ 4 ᠎ᠤ ᠡᠳᠦᠷ᠎ᠠᠴᠠ 2025 ᠣᠨ᠎ᠤ 11 ᠳ᠋ᠦ᠍ᠭᠡᠷ ᠰᠠᠷ᠎ᠠ᠎ᠶ᠋ᠢᠨ 3 ᠎ᠤ ᠡᠳᠦᠷ ᠪᠣᠯᠲᠠᠯ᠎ᠠ᠂ ᠦᠨᠡᠮᠯᠡᠯ ᠣᠯᠭᠤᠭ᠍ᠰᠠᠨ ᠪᠠᠢᠭᠤᠯᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠪᠣᠯᠤᠨ᠎ᠠ᠃

  ᠣᠩᠨᠢᠭᠤᠳ ᠬᠤᠱᠢᠭᠤᠨ᠎ᠤ ᠵᠢᠦ ᠴᠠᠩ ᠠᠭᠤᠷᠬᠠᠶ᠎ᠶ᠋ᠢᠨ ᠦᠢᠯᠡᠰ᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠬᠠᠢ᠌ᠯᠤᠭᠤᠷ ᠵᠣᠩᠰᠢ᠎ᠶᠢᠨ ᠠᠭᠤᠷᠬᠠᠶ᠂ ᠠᠭᠤᠷᠬᠠᠶ ᠮᠠᠯᠲᠠᠬᠤ ᠵᠥᠪᠱᠢᠶᠡᠷᠡᠯ᠎ᠤᠨ ᠨᠣᠮᠧᠷ C1504002010116120083603᠂ ᠠᠭᠤᠷᠬᠠᠶ ᠮᠠᠯᠲᠠᠬᠤ ᠡᠷᠬᠡᠲᠦ ᠬᠥᠮᠦᠨ᠎ᠨᠢ ᠣᠩᠨᠢᠭᠤᠳ ᠬᠤᠱᠢᠭᠤᠨ᠎ᠤ ᠵᠢᠶᠦ᠋ᠨ ᠾᠧ ᠠᠭᠤᠷᠬᠠᠶ᠎ᠶ᠋ᠢᠨ ᠦᠢᠯᠡᠰ᠎ᠤᠨ ᠬᠢᠵᠠᠭᠠᠷᠲᠤ ᠺᠣᠮᠫᠠᠨᠢ ᠪᠣᠯᠤᠨ᠎ᠠ᠂ ᠬᠦᠴᠦᠨ᠎ᠲᠠᠢ ᠬᠤᠭᠤᠴᠠᠭ᠎ᠠ᠄ 2024 ᠣᠨ᠎ᠤ 11 ᠳ᠋ᠦ᠍ᠭᠡᠷ ᠰᠠᠷ᠎ᠠ᠎ᠶ᠋ᠢᠨ 1 ᠎ᠤ ᠡᠳᠦᠷ᠎ᠠᠴᠠ 2025 ᠣᠨ᠎ᠤ 10 ᠳ᠋ᠤᠭ᠋ᠠᠷ ᠰᠠᠷ᠎ᠠ᠎ᠶ᠋ᠢᠨ 31 ᠎ᠤ ᠡᠳᠦᠷ ᠪᠣᠯᠲᠠᠯ᠎ᠠ᠂ ᠦᠨᠡᠮᠯᠡᠯ ᠣᠯᠭᠤᠭ᠍ᠰᠠᠨ ᠪᠠᠢᠭᠤᠯᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠪᠣᠯᠤᠨ᠎ᠠ᠃

  ᠳᠡᠭᠡᠷᠡᠬᠢ ᠭᠤᠷᠪᠠᠨ ᠲᠥᠷᠥᠯ᠎ᠦᠨ ᠠᠭᠤᠷᠬᠠᠶ᠎ᠶ᠋ᠢᠨ ᠦᠢᠯᠡᠰ᠎ᠦᠨ ᠡᠷᠬᠡ᠎ᠶ᠋ᠢ ᠠᠭᠤᠷᠬᠠᠶ ᠮᠠᠯᠲᠠᠬᠤ ᠡᠷᠬᠡᠲᠦ ᠬᠥᠮᠦᠨ ᠨᠢ ᠠᠭᠤᠷᠬᠠᠶ ᠮᠠᠯᠲᠠᠬᠤ ᠵᠥᠪᠱᠢᠶᠡᠷᠡᠯ᠎ᠦᠨ ᠦᠨᠡᠮᠯᠡᠯ᠎ᠦᠨ ᠵᠢᠩᠬᠢᠨᠢ ᠂ ᠬᠠᠭᠤᠯᠪᠤᠷᠢ ᠳᠡᠪᠲᠡᠷ᠎ᠢᠶᠡᠨ ᠭᠡᠭᠡᠵᠦ᠍᠂ ᠡᠳᠦᠭᠡ ᠭᠡᠭᠡᠭ᠌ᠰᠡᠨ᠎ᠢᠶᠡᠨ ᠠᠯᠪᠠᠨ ᠵᠠᠷ ᠨᠡᠢᠲᠡᠯᠡᠬᠦ᠌᠎ᠪᠡᠷ ᠭᠤᠶᠤᠴᠢᠯᠠᠪᠠ᠃

  《ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠢᠨ ᠪᠠᠢᠴᠠᠭᠠᠵᠤ ᠨᠡᠭᠡᠭᠡᠨ ᠮᠠᠯᠲᠠᠬᠤ᠎ᠶ᠋ᠢ ᠳᠠᠩᠰᠠᠯᠠᠨ ᠬᠠᠮᠢᠶᠠᠷᠬᠤ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠌ ᠲᠤᠬᠠᠢ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠤ ᠮᠡᠳᠡᠭ᠌ᠳᠡᠯ》 ( ᠪᠠᠢᠭᠠᠯᠢ᠎ᠶ᠋ᠢᠨ ᠡᠬᠢ ᠪᠠᠶᠠᠯᠢᠭ ᠲᠣᠭ᠍ᠲᠠᠭᠠᠯ [2023] 4 ᠳ᠋ᠤᠭᠡᠷ ᠲᠣᠭᠠᠲᠤ ) ᠎ᠤᠨ ᠠᠷᠪᠠᠨ ᠵᠢᠷᠭᠤᠳᠤᠭᠠᠷ ᠵᠦᠢᠯ᠎ᠤᠨ ᠲᠣᠭ᠍ᠲᠠᠭᠠᠯ᠎ᠢ ᠦᠨᠳᠦᠰᠦᠯᠡᠨ᠂ ᠡᠳᠦᠭᠡ ᠠᠯᠪᠠᠨ ᠵᠠᠷ ᠨᠡᠢᠲᠡᠯᠡᠬᠦ᠌ ᠬᠤᠭᠤᠴᠠᠭ᠎ᠠ᠎ᠨᠢ ᠨᠡᠢᠲᠡᠯᠡᠭ᠌ᠰᠡᠨ ᠡᠳᠦᠷ᠎ᠠᠴᠠ ᠡᠬᠢᠯᠡᠨ 10 ᠠᠵᠢᠯᠯᠠᠬᠤ ᠡᠳᠦᠷ ᠪᠣᠯᠤᠨ᠎ᠠ᠂ ᠬᠡᠷᠪᠡ ᠠᠯᠪᠠᠨ ᠵᠠᠷ᠎ᠤᠨ ᠠᠭᠤᠯᠭ᠎ᠠ᠎ᠳᠤ ᠣᠨᠳᠣᠤ ᠰᠠᠨᠠᠯ᠎ᠲᠠᠢ ᠪᠠᠢᠪᠠᠯ᠂ ᠠᠯᠪᠠᠨ ᠵᠠᠷ᠎ᠤᠨ ᠬᠤᠭᠤᠴᠠᠭ᠎ᠠ᠎ᠨᠢ ᠳᠠᠭᠤᠰᠭᠤ᠎ᠠᠴᠠ ᠡᠮᠦᠨ᠎ᠡ ᠰᠠᠨᠠᠯ᠎ᠢᠶᠠᠨ ᠪᠢᠴᠢᠭ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠳᠤ ᠲᠤᠱᠢᠶᠠᠬᠤ᠎ᠶ᠋ᠢᠨ ᠬᠠᠮᠲᠤ ᠦᠨᠡᠨ ᠪᠣᠳᠠᠲᠠᠶ ᠣᠪᠣᠭ ᠨᠡᠷ᠎ᠡ ᠪᠠ ᠪᠦᠲᠦᠮᠵᠢᠲᠡᠶ ᠬᠠᠷᠢᠯᠴᠠᠬᠤ ᠠᠷᠭ᠎ᠠ ᠮᠠᠶᠢᠭ᠎ᠢᠶᠠᠨ ᠬᠠᠩᠭᠠᠭᠠᠷᠠᠢ᠃

  ᠠᠯᠪᠠᠨ ᠵᠠᠷ᠎ᠤᠨ ᠬᠤᠭᠤᠴᠠᠭᠠᠨ᠎ᠳᠤ᠂ ᠣᠨᠳᠣᠤ ᠰᠠᠨᠠᠯ ᠦᠭᠡᠶ ᠪᠣᠯ᠂ ᠠᠯᠪᠠᠨ ᠵᠠᠷ᠎ᠤᠨ ᠬᠤᠭᠤᠴᠠᠭ᠎ᠠ ᠨᠢ ᠳᠦᠭᠦᠷᠦᠭ᠌ᠰᠡᠨ᠎ᠤ ᠳᠠᠷᠠᠭ᠎ᠠ᠂ ᠳᠡᠰ ᠳᠠᠷᠠᠭᠠᠯᠠᠯ᠎ᠤᠨ ᠶᠣᠰᠣᠭᠠᠷ ᠲᠤᠰ ᠲᠥᠷᠥᠯ ᠵᠦᠢᠯ᠎ᠳᠦ ᠠᠭᠤᠷᠬᠠᠶ ᠮᠠᠯᠲᠠᠬᠤ ᠡᠷᠬᠡ᠎ᠶ᠋ᠢᠨ ᠦᠷᠭᠦᠯᠵᠢᠯᠡᠬᠦ᠌ ᠵᠡᠷᠭᠡ ᠬᠠᠮᠢᠶ᠎ᠠ ᠪᠦᠬᠦᠢ ᠳᠠᠩᠰᠠᠯᠠᠭᠤᠯᠬᠤ ᠭᠠᠷᠳᠠᠮ᠎ᠢ ᠭᠦᠢᠴᠡᠳᠭᠡᠬᠦ᠌ ᠬᠡᠷᠡᠭ᠌ᠲᠡᠶ᠃

  ᠬᠠᠷᠢᠯᠴᠠᠬᠤ ᠤᠲᠠᠰᠤ᠄ 0471 - 4215866

  

  2025 ᠣᠨ᠎ᠤ 10 ᠳ᠋ᠤᠭ᠋ᠠᠷ ᠰᠠᠷ᠎ᠠ᠎ᠶ᠋ᠢᠨ 17 ᠎ᠤ ᠡᠳᠦᠷ

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ